ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 23᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠠᠢ᠃
ᠬᠤᠷᠠᠯ᠎ᠠᠴᠠ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠷᠢᠯᠠᠭᠤᠯᠤᠯᠳᠠ ᠵᠢ ᠦᠨᠳᠦᠰᠦᠯᠡᠵᠤ᠂ ᠬᠦᠴᠢᠷᠳᠡᠯ᠎ᠲᠠᠢ ᠭᠠᠵᠠᠷ ᠤᠷᠤᠨ᠂ ᠪᠠᠭᠤᠷᠠᠢ ᠭᠤᠭᠴᠤᠭ᠎ᠠ᠎ᠳᠠᠬᠢ ᠰᠤᠷᠭ᠋ᠠᠨ ᠬᠦᠮᠦᠵᠢᠯ᠎ᠤᠨ ᠪᠡᠯᠡ ᠤᠷᠤᠭᠤᠯᠤᠯᠳᠠ ᠪᠠ ᠳᠦᠷᠦ ᠵᠢᠨ ᠪᠤᠳᠤᠯᠭ᠎ᠠ ᠵᠢᠨ ᠬᠠᠷᠠᠭ᠋ᠠᠯᠵᠠᠯ᠎ᠢ ᠦᠷᠬᠦᠯᠵᠢᠯᠡᠨ ᠨᠡᠮᠡᠭᠳᠡᠬᠦᠯᠬᠦ᠎ᠨᠢ ᠰᠤᠷᠭ᠋ᠠᠨ ᠬᠦᠮᠦᠵᠢᠯ᠎ᠤᠨ ᠠ᠋ᠷᠭᠡ ᠳᠡᠭᠰᠢ ᠪᠠ ᠦᠨᠳᠦᠰᠤᠨ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠳᠡᠩᠴᠡᠬᠦᠷᠢᠰᠢᠯᠢ ᠠᠬᠢᠭᠤᠯᠬᠤ᠎ᠳᠤ ᠠᠰᠢᠭᠳᠠᠢ ᠶᠤᠮ ᠭᠡᠵᠤ ᠵᠢᠭ᠋ᠠᠵᠤ ᠭᠠᠷᠭ᠋ᠠᠪᠠ᠃ ᠬᠤᠷᠠᠯ᠎ᠠᠴᠠ ᠨᠢᠭᠡ᠎ᠳᠤ᠂ 2018 — 2020 ᠤᠨ᠎ᠤ ᠬᠤᠭᠤᠷᠤᠨᠳᠤ ᠳᠦᠪ᠎ᠤᠨ ᠠ᠋ᠳ᠋᠎ᠤᠨ ᠵᠠᠰᠠᠭ᠎ᠠᠴᠠ 70 ᠳ᠋ᠦᠩᠰᠢᠭᠤᠷ ᠳᠦᠬᠦᠷᠢᠭ᠎ᠢ ᠨᠡᠮᠡᠨ ᠳᠤᠬᠢᠷᠠᠭᠤᠯᠵᠤ᠂ 《ᠭᠤᠷᠪᠠᠨ ᠤᠷᠤᠨ ᠭᠤᠷᠪᠠᠨ ᠵᠸᠤ》 ᠵᠢᠨ ᠰᠤᠷᠭ᠋ᠠᠨ ᠬᠦᠮᠦᠵᠢᠯ ᠵᠶ᠋ᠡᠷ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠢ ᠭᠤᠤᠯᠳᠠᠯᠭ᠎ᠠ᠎ᠲᠠᠢ ᠳᠡᠮᠵᠢᠨ᠎ᠠ᠃ ᠬᠤᠶᠠᠷ᠎ᠲᠤ᠂ ᠠ᠋ᠨᠡ ᠵᠢᠯ ᠳᠦᠪ᠎ᠤᠨ ᠠ᠋ᠳ᠋᠎ᠤᠨ ᠵᠠᠰᠠᠭ᠎ᠠᠴᠠ 130 ᠳ᠋ᠦᠩᠰᠢᠭᠤᠷ ᠳᠦᠬᠦᠷᠢᠭ᠎ᠢ ᠨᠡᠮᠡᠵᠤ ᠰᠢᠯᠵᠢᠬᠦᠯᠦᠨ ᠦᠭᠬᠦ᠎ᠪᠠᠷ ᠳᠠᠮᠵᠢᠨ ᠭᠤᠤᠯᠳᠠᠭᠤ ᠳᠤᠮᠳᠠ ᠪᠠᠷᠠᠭᠤᠨ ᠤᠷᠤᠨ᠂ ᠶᠠᠳᠠᠭᠤ ᠬᠦᠴᠢᠷᠳᠡᠯ᠎ᠲᠠᠢ ᠭᠠᠵᠠᠷ ᠤᠷᠤᠨ ᠪᠠ ᠬᠦᠳᠡᠭᠡ ᠳᠤᠰᠬᠤᠨ᠎ᠤ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ ᠵᠡᠷᠭᠡ᠎ᠳᠤ ᠭᠡᠷᠡᠭᠯᠡᠨ᠎ᠡ᠃ ᠭᠤᠷᠪᠠ᠎ᠳᠤ᠂ 1 ᠳᠦᠮᠡ ᠭᠠᠷᠤᠢ 《ᠤᠨᠴᠠᠭ᠋ᠠᠢ ᠠᠵᠢᠯ᠎ᠤᠨ ᠪᠠᠢ᠌ᠷᠢ ᠵᠢᠨ ᠳᠦᠯᠦᠪᠯᠡᠭᠡ》 ᠵᠢᠨ ᠪᠠᠭᠰᠢ ᠵᠢᠨ ᠤᠷᠤᠨ ᠳᠤᠭ᠎ᠠ ᠵᠢ ᠰᠢᠨ᠎ᠠ᠎ᠪᠠᠷ ᠨᠡᠮᠡᠵᠤ᠂ ᠤᠨᠴᠠ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠳᠤ ᠬᠠᠷᠠᠭ᠋ᠠᠯᠵᠠᠯ ᠦᠵᠡᠬᠦᠯᠦᠨ᠎ᠡ᠃ ᠳᠦᠷᠪᠡ᠎ᠳᠤ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠪᠠᠭᠰᠢ ᠵᠢᠨ ᠳᠤᠮᠳᠠᠴᠢ ᠴᠠᠯᠢᠩ᠎ᠤᠨ ᠳᠦᠪᠰᠢᠨ᠎ᠢ ᠳᠤᠬᠠᠢ ᠵᠢᠨ ᠭᠠᠵᠠᠷ᠎ᠤᠨ ᠠᠯᠪᠠᠨ ᠠᠵᠢᠯᠳᠠᠨ᠎ᠤ ᠳᠤᠮᠳᠠᠴᠢ ᠴᠠᠯᠢᠩ᠎ᠤᠨ ᠳᠦᠪᠰᠢᠨ᠎ᠠᠴᠠ ᠳᠤᠤᠷ᠎ᠠ ᠪᠠᠢ᠌ᠯᠭ᠋ᠠᠬᠤ ᠦᠭᠡᠢ ᠵᠢ ᠠᠯᠬᠤᠮ ᠠᠯᠬᠤᠮ ᠵᠶ᠋ᠡᠷ ᠪᠡᠶᠡᠯᠡᠬᠦᠯᠵᠤ᠂ ᠪᠠᠭᠰᠢ ᠵᠢᠨ ᠤᠷᠤᠨ ᠳᠤᠭ᠎ᠠ ᠵᠢᠨ ᠬᠠᠮᠢᠶᠠᠷᠤᠯᠳᠠ ᠵᠢ ᠵᠢᠷᠤᠮᠵᠢᠭᠤᠯᠤᠨ᠎ᠠ᠃ ᠬᠦᠳᠡᠭᠡ ᠵᠢᠨ ᠪᠠᠭᠰᠢ ᠵᠢᠨ ᠠᠮᠢᠳᠤᠷᠠᠯ᠎ᠤᠨ ᠨᠦᠬᠦᠪᠤᠷᠢ ᠵᠢᠨ ᠳᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠵᠤ᠂ ᠬᠢᠯᠢ ᠬᠢᠵᠠᠭ᠋ᠠᠷ᠎ᠤᠨ ᠶᠠᠳᠠᠭᠤ ᠬᠦᠴᠢᠷᠳᠡᠯ᠎ᠲᠠᠢ ᠤᠷᠤᠨ᠎ᠤ ᠪᠠᠭᠰᠢ ᠵᠢᠨ ᠪᠤᠯᠪᠠᠰᠤᠷᠠᠯ᠎ᠢ ᠴᠢᠩᠭ᠋ᠠᠳᠬᠠᠨ᠎ᠠ ᠭᠡᠵᠤ ᠳᠤᠭᠳᠠᠪᠠ᠃
ᠳᠦᠭ ᠳᠦᠮᠡᠨ ᠭᠡᠷ ᠪᠦᠯᠢ ᠵᠢᠨ 《ᠬᠡᠤᠬᠡᠳ᠎ᠢ ᠬᠦᠮᠤᠵᠢᠭᠦᠯᠬᠦ》 ᠭᠡᠷᠡᠭᠴᠡᠭᠡ ᠵᠢ ᠨᠡᠩ ᠰᠠᠢ᠌ᠨ ᠬᠠᠩᠭ᠋ᠠᠬᠤ ᠵᠢᠨ ᠳᠦᠯᠦᠭᠡ᠂ ᠬᠤᠷᠠᠯ᠎ᠠᠴᠠ ᠬᠤᠳᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠳᠤᠭᠤᠷᠢᠭ᠎ᠲᠤ ᠭᠡᠤᠭᠡᠳ᠎ᠤᠨ ᠴᠡᠴᠡᠷᠯᠢᠭ ᠳᠤᠬᠢᠷᠠᠭᠤᠯᠤᠨ ᠪᠠᠢ᠌ᠭᠤᠯᠬᠤ ᠳᠦᠷᠦ ᠵᠢᠨ ᠪᠤᠳᠤᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠬᠦᠴᠦᠨ᠎ᠢ ᠬᠦᠳᠦᠯᠦᠨ ᠳᠠᠭ᠋ᠠᠭᠤᠯᠵᠤ ᠵᠢᠷᠤᠮᠵᠢᠭᠤᠯᠬᠤ ᠱᠠᠭ᠋ᠠᠷᠳᠠᠯᠭ᠎ᠠ᠎ᠪᠠᠷ ᠨᠡᠢ᠌ᠳᠡᠮ᠎ᠳᠤ᠎ᠨᠢ ᠠᠰᠢᠭ ᠬᠦᠷᠳᠡᠭᠡᠬᠦ ᠴᠢᠨᠠᠷᠳᠠᠢ ᠭᠡᠤᠭᠡᠳ᠎ᠤᠨ ᠴᠡᠴᠡᠷᠯᠢᠭ ᠪᠤᠯᠤᠨ ᠭᠡᠤᠭᠡᠳ ᠰᠠᠭ᠋ᠠᠳᠠᠭᠤᠯᠬᠤ ᠪᠠᠢ᠌ᠭᠤᠯᠤᠮᠵᠢ ᠵᠢ ᠠ᠋ᠷᠬᠢᠯᠡᠵᠤ᠂ ᠡᠯ᠎ᠡ ᠭᠠᠵᠠᠷ᠎ᠤᠨ᠎ᠬᠢᠨ ᠳᠤᠬᠠᠢ ᠵᠢᠨ ᠭᠠᠵᠠᠷ᠎ᠤᠨ ᠪᠤᠳᠠᠳᠤ ᠪᠠᠢ᠌ᠳᠠᠯ᠎ᠲᠠᠢ᠎ᠪᠠᠨ ᠤᠶᠠᠯᠳᠤᠭᠤᠯᠤᠨ ᠤᠯᠠᠨ ᠠᠷᠭ᠎ᠠ ᠵᠠᠮ ᠵᠶ᠋ᠡᠷ ᠬᠡᠷᠡᠭᠴᠡᠭᠡ ᠵᠢ᠎ᠨᠢ ᠬᠠᠩᠭ᠋ᠠᠬᠤ ᠵᠢ ᠵᠤᠷᠢᠭᠵᠢᠭᠤᠯᠬᠤ ᠭᠡᠷᠡᠭᠳᠡᠢ᠃ ᠭᠡᠤᠭᠡᠳ᠎ᠤᠨ ᠠᠮᠤᠷ ᠳᠦᠪᠰᠢᠨ᠎ᠤ ᠬᠠᠮᠠᠭ᠋ᠠᠯᠠᠯᠳᠠ᠂ ᠬᠠᠤᠯᠢ ᠶᠣᠰᠤᠨ᠎ᠤ ᠵᠢᠷᠤᠮᠯᠠᠯ᠂ ᠠᠶᠤᠯᠬᠦᠢ ᠵᠡᠷᠭᠡ ᠵᠢᠨ ᠬᠢᠨᠠᠨ ᠬᠠᠮᠢᠶᠠᠷᠤᠯᠳᠠ ᠵᠢ ᠴᠢᠩᠭ᠋ᠠᠳᠬᠠᠵᠤ᠂ ᠴᠡᠴᠡᠷᠯᠢᠭ᠎ᠤᠨ ᠪᠠᠭᠰᠢ ᠵᠢᠨ ᠦᠨᠡᠮᠯᠠᠯ ᠵᠶ᠋ᠡᠷ ᠠᠵᠢᠯ᠎ᠤᠨ ᠪᠠᠢ᠌ᠷᠢᠨ᠎ᠳᠤ ᠭᠠᠷᠬᠤ ᠳᠦᠷᠢᠮ᠎ᠢ ᠨᠠᠢ᠌ᠳᠠᠪᠤᠷᠢᠵᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃
ᠬᠤᠷᠠᠯ᠎ᠠᠴᠠ ᠰᠦᠨ ᠦᠢ᠍ᠯᠡᠰ ᠪᠤᠯ ᠠ᠋ᠷᠡᠬᠦᠯ ᠠ᠋ᠩᠭᠡ ᠳᠤᠮᠳᠠᠳᠤ ᠤᠯᠤᠰ᠂ ᠠ᠋ᠷᠡᠬᠦᠯ ᠴᠢᠬᠢᠷᠠᠭ ᠦᠨᠳᠦᠰᠦᠳᠡᠨ᠎ᠤ ᠳᠤᠳᠠᠭᠳᠠᠵᠤ ᠪᠤᠯᠤᠰᠢ ᠦᠭᠡᠢ ᠦᠢ᠍ᠯᠡᠰ ᠪᠤᠯᠤᠨ᠎ᠠ᠃ ᠰᠦᠨ᠎ᠤ ᠦᠢ᠍ᠯᠡᠰ᠎ᠢ ᠬᠦᠭᠵᠢᠬᠦᠯᠦᠨ ᠮᠠᠨᠳᠤᠭᠤᠯᠬᠤ ᠠᠵᠢᠯ᠎ᠢ ᠠ᠋ᠷᠭᠡᠪᠰᠢ ᠳᠦᠷᠭᠡᠳᠭᠡᠵᠤ᠂ ᠴᠠᠭ᠋ᠠᠨ ᠢᠳᠡᠭᠡᠨ᠎ᠤ ᠶᠠᠰᠤ ᠴᠢᠨᠠᠷ ᠠᠮᠤᠷ ᠳᠦᠪᠰᠢᠨ᠎ᠤ ᠭᠡᠮᠵᠢᠶ᠎ᠡ ᠵᠢ ᠳᠡᠭᠡᠭᠰᠢᠯᠡᠬᠦᠯᠬᠦ ᠭᠡᠷᠡᠭᠳᠡᠢ᠃ ᠨᠢᠭᠡ᠎ᠳᠤ ᠰᠠᠢ᠌ᠨ ᠠ᠋ᠬᠦᠯᠳᠡᠷ᠎ᠤᠨ ᠰᠠᠭ᠋ᠠᠯᠢ ᠵᠢᠨ ᠦᠨᠢᠶ᠎ᠠ ᠵᠢ ᠶᠡᠭᠡᠪᠡᠷ ᠤᠷᠤᠭᠤᠯᠤᠨ ᠠᠪᠴᠢᠷᠠᠬᠤ ᠪᠠ ᠦᠷᠡᠵᠢᠬᠦᠯᠵᠤ᠂ ᠤᠯᠤᠰ᠎ᠤᠨ ᠭᠤᠤᠯᠯᠠᠭᠴᠢ ᠰᠠᠢ᠌ᠨ ᠠ᠋ᠬᠦᠯᠳᠡᠷ ᠪᠤᠢ᠌ᠵᠢᠭᠤᠯᠬᠤ ᠳᠠᠯᠠᠪᠠᠢ ᠵᠢ ᠪᠦᠳᠦᠭᠡᠨ ᠪᠠᠢ᠌ᠭᠤᠯᠬᠤ ᠭᠡᠷᠡᠭᠳᠡᠢ᠃ ᠰᠦᠯ ᠰᠠᠢ᠌ᠳᠠᠢ ᠡᠪᠡᠰᠤ ᠪᠤᠷᠳᠤᠭ᠋ᠠᠨ ᠦᠢ᠍ᠯᠡᠳᠪᠤᠷᠢᠯᠡᠯ᠎ᠢ ᠳᠦᠷᠭᠡᠳᠭᠡᠨ᠂ ᠪᠠᠷᠢᠮᠵᠢᠶᠠᠵᠢᠵᠤ ᠭᠡᠪᠴᠢᠶᠡᠵᠢᠭᠰᠡᠨ ᠳᠡᠵᠢᠭᠡᠨ ᠦᠷᠡᠵᠢᠬᠦᠯᠬᠦ ᠦᠢ᠍ᠯᠡᠰ᠎ᠢ ᠬᠦᠭᠵᠢᠬᠦᠯᠵᠤ᠂ ᠰᠢᠯᠢᠳᠡᠭ ᠴᠢᠨᠠᠷ᠎ᠤᠨ ᠰᠦᠨ ᠰᠠᠭᠤᠷᠢᠨ᠎ᠢ ᠪᠠᠢ᠌ᠭᠤᠯᠬᠤ ᠭᠡᠷᠡᠭᠳᠡᠢ᠃ ᠬᠤᠶᠠᠷ᠎ᠲᠤ ᠶᠠᠰᠤ ᠴᠢᠨᠠᠷ᠎ᠤᠨ ᠠᠮᠤᠷ ᠳᠦᠪᠰᠢᠨ᠎ᠤ ᠬᠢᠨᠠᠯᠳᠠ ᠵᠢ ᠴᠢᠩᠭ᠋ᠠᠳᠬᠠᠵᠤ᠂ ᠰᠢᠨ᠎ᠠ ᠰᠤᠷᠭᠤᠭ ᠰᠦ᠂ ᠪᠡᠺᠲᠸᠷᠢ ᠦᠭᠡᠢ ᠰᠦ ᠵᠡᠷᠭᠡ ᠵᠢᠨ ᠤᠯᠤᠰ᠎ᠤᠨ ᠪᠠᠷᠢᠮᠵᠢᠶ᠎ᠠ᠎ᠳᠤ ᠵᠠᠰᠠᠪᠤᠷᠢ ᠤᠷᠤᠭᠤᠯᠤᠨ ᠳᠡᠭᠡᠭᠰᠢᠯᠡᠬᠦᠯᠵᠤ᠂ ᠪᠦᠬᠦ ᠶᠠᠪᠤᠴᠠ ᠵᠢᠨ ᠶᠠᠰᠤ ᠴᠢᠨᠠᠷ᠎ᠲᠤ ᠮᠦᠷᠳᠡᠨ ᠪᠠᠢ᠌ᠴᠠᠭ᠋ᠠᠬᠤ ᠰᠢᠰᠲᠸᠮ᠎ᠢ ᠪᠠᠢ᠌ᠭᠤᠯᠬᠤ ᠭᠡᠷᠡᠭᠳᠡᠢ᠃ 3 ᠵᠢᠯ᠎ᠤᠨ ᠳᠤᠳᠤᠷ᠎ᠠ ᠤᠯᠤᠰ᠎ᠤᠨ ᠦᠢ᠍ᠯᠡᠳᠪᠤᠷᠢᠯᠡᠭᠰᠡᠨ ᠨᠢᠯᠬ᠎ᠠ ᠭᠡᠤᠭᠡᠳ᠎ᠤᠨ ᠰᠦᠨ ᠳᠠᠯᠬ᠎ᠠ ᠵᠢᠨ ᠶᠠᠰᠤ ᠴᠢᠨᠠᠷ᠂ ᠦᠷᠢᠰᠦᠯᠳᠦᠬᠦ ᠴᠢᠳᠠᠪᠤᠷᠢ ᠪᠤᠯᠤᠨ ᠨᠡᠷ᠎ᠠ ᠠᠯᠳᠠᠷ᠎ᠢ ᠢᠯᠡᠳᠳᠡ ᠳᠡᠭᠡᠭᠰᠢᠯᠡᠬᠦᠯᠬᠦ᠎ᠪᠠᠷ ᠴᠢᠷᠮᠠᠢ᠌ᠬᠤ ᠭᠡᠷᠡᠭᠳᠡᠢ᠃ ᠭᠤᠷᠪᠠ᠎ᠳᠤ ᠮᠦᠩᠬᠦᠨ ᠬᠦᠢ᠍ᠯᠭᠡᠭᠡ᠂ ᠳᠠᠭ᠋ᠠᠳᠬᠠᠯ᠂ ᠰᠠᠭ᠋ᠠᠯᠢ ᠵᠢᠨ ᠦᠨᠢᠶ᠎ᠠ ᠳᠡᠵᠢᠭᠡᠬᠦ᠎ᠳᠤ ᠭᠡᠷᠡᠭᠯᠡᠬᠦ ᠭᠠᠵᠠᠷ ᠵᠡᠷᠭᠡ ᠳᠠᠯ᠎ᠠ᠎ᠪᠠᠷ ᠳᠠᠮᠵᠢᠬᠦ ᠠ᠋ᠷᠴᠢᠮ ᠵᠶ᠋ᠡᠨ ᠴᠢᠩᠭ᠋ᠠᠷᠠᠭᠤᠯᠵᠤ᠂ ᠰᠦᠨ᠎ᠤ ᠦᠢ᠍ᠯᠡᠰ᠎ᠤᠨ ᠬᠦᠭᠵᠢᠯ ᠮᠠᠨᠳᠤᠯ᠎ᠳᠤ ᠨᠦᠬᠦᠴᠡᠯ ᠪᠦᠷᠢᠯᠳᠦᠬᠦᠯᠵᠤ ᠦᠭᠬᠦ ᠭᠡᠷᠡᠭᠳᠡᠢ ᠭᠡᠵᠤ ᠦᠵᠡᠪᠡ᠃
ᠬᠤᠷᠠᠯ᠎ᠠᠴᠠ ᠦᠢ᠍ᠯᠡᠴᠢᠯᠡᠭᠡᠨ᠎ᠤ ᠠᠷᠠᠯᠵᠢᠶ᠎ᠠ ᠵᠢ ᠤᠷᠢᠳᠠᠪᠡᠷ ᠬᠦᠭᠵᠢᠬᠦᠯᠬᠦ ᠪᠤᠯ ᠠᠵᠤ ᠠᠬᠤᠢ ᠵᠢᠨ ᠭᠡᠯᠪᠡᠷᠢ᠎ᠪᠠᠨ ᠬᠤᠪᠢᠷᠠᠭᠤᠯᠵᠤ ᠳᠡᠰ ᠳᠡᠪᠰᠢᠬᠦ ᠪᠡ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ ᠭᠡᠵᠤ ᠵᠢᠭ᠋ᠠᠵᠤ ᠭᠠᠷᠭ᠋ᠠᠪᠠ᠃ ᠬᠤᠷᠠᠯ᠎ᠠᠴᠠ 2016 ᠤᠨ᠎ᠳᠤ ᠳᠦᠷᠦ ᠵᠢᠨ ᠶᠠᠪᠤᠳᠠᠯ᠎ᠤᠨ ᠬᠤᠷᠢᠶᠠᠨ᠎ᠠᠴᠠ ᠦᠢ᠍ᠯᠡᠴᠢᠯᠡᠭᠡᠨ᠎ᠤ ᠠᠷᠠᠯᠵᠢᠶ᠎ᠠ ᠵᠢᠨ ᠰᠢᠨ᠎ᠠ ᠵᠢ ᠠ᠋ᠬᠦᠳᠬᠦ ᠬᠦᠭᠵᠢᠯᠳᠡ ᠵᠢᠨ ᠳᠤᠷᠰᠢᠯᠳᠠ ᠵᠢᠨ ᠴᠢᠭ᠋᠎ᠢ ᠵᠦᠪᠰᠢᠶᠡᠷᠡᠭᠰᠡᠨ ᠰᠠᠭᠤᠷᠢᠨ ᠳᠡᠭᠡᠷ᠎ᠠ᠂ ᠠ᠋ᠨᠡ ᠵᠢᠯ᠎ᠤᠨ 7 ᠳ᠋ᠤᠭ᠋ᠠᠷ ᠰᠠᠷ᠎ᠠ ᠵᠢᠨ 1᠎ᠤ ᠠ᠋ᠳᠤᠷ᠎ᠠᠴᠠ ᠠ᠋ᠬᠢᠯᠡᠨ 2020 ᠤᠨ᠎ᠤ 6 ᠳ᠋ᠤᠭ᠋ᠠᠷ ᠰᠠᠷ᠎ᠠ ᠵᠢᠨ 30᠎ᠤ ᠠ᠋ᠳᠤᠷ ᠪᠤᠯᠳᠠᠯ᠎ᠠ ᠪᠡᠭᠡᠵᠢᠩ ᠵᠡᠷᠭᠡ 17 ᠭᠠᠵᠠᠷ ᠤᠷᠤᠨ᠎ᠳᠤ ᠳᠤᠷᠰᠢᠯᠳᠠ ᠵᠢᠨ ᠴᠢᠭ᠋᠎ᠢ ᠬᠦᠨᠵᠡᠭᠡᠢ᠌ᠷᠡᠬᠦᠯᠬᠦ ᠭᠡᠷᠡᠭᠳᠡᠢ ᠭᠡᠵᠠᠢ᠃ ᠴᠠᠬᠢᠯᠭ᠋ᠠᠨ ᠬᠤᠯᠪᠤᠭ᠎ᠠ᠂ ᠵᠤᠭ᠋ᠠᠴᠠᠯ᠂ ᠢᠨᠵᠸᠨ᠋ᠸᠷᠢᠩ᠎ᠤᠨ ᠵᠦᠪᠯᠡᠯᠭᠡ᠂ ᠮᠦᠩᠬᠦᠨ ᠬᠦᠢ᠍ᠯᠭᠡᠭᠡ᠂ ᠬᠠᠤᠯᠢ ᠴᠠᠭ᠋ᠠᠵᠠ ᠵᠡᠷᠭᠡ ᠬᠦᠷᠢᠶᠡᠨ᠎ᠳᠤ ᠭᠤᠤᠯᠳᠠᠯᠭ᠎ᠠ᠎ᠲᠠᠢ᠎ᠪᠠᠷ ᠨᠢᠭᠡ ᠪᠦᠯᠦᠭ ᠨᠡᠭᠡᠭᠡᠯᠳᠡ ᠬᠢᠬᠦ ᠠᠷᠭ᠎ᠠ ᠭᠡᠮᠵᠢᠶ᠎ᠡ ᠳᠤᠭᠳᠠᠭ᠋ᠠᠨ ᠭᠡᠷᠡᠭᠵᠢᠬᠦᠯᠬᠦ ᠵᠢᠨ ᠬᠠᠮᠳᠤ ᠬᠢᠯᠢ ᠠᠯᠤᠰᠯᠠᠨ ᠳᠤᠰᠢᠶᠠᠨ ᠦᠭᠬᠦ᠂ ᠬᠢᠯᠢ ᠵᠢᠨ ᠭᠠᠳᠠᠨᠠᠬᠢ ᠬᠡᠷᠡᠭᠯᠡᠭᠡᠨ ᠵᠡᠷᠭᠡ ᠵᠠᠭᠪᠤᠷ᠎ᠤᠨ ᠳᠤᠤᠷ᠎ᠠ ᠦᠢ᠍ᠯᠡᠴᠢᠯᠡᠭᠡᠨ᠎ᠤ ᠠᠷᠠᠯᠵᠢᠶ᠎ᠠ ᠵᠢᠨ ᠵᠠᠬ᠎ᠠ ᠳᠡᠯᠭᠡᠬᠦᠷ᠎ᠲᠤ ᠤᠷᠤᠬᠤ ᠵᠦᠪᠰᠢᠶᠡᠷᠡᠯ᠎ᠤᠨ ᠳᠦᠷᠢᠮ᠎ᠢ ᠬᠢᠵᠠᠭ᠋ᠠᠷᠯᠠᠯ᠎ᠢ ᠠᠯᠬᠤᠮ ᠠᠯᠬᠤᠮ ᠵᠶ᠋ᠡᠷ ᠬᠦᠴᠤᠨ ᠦᠭᠡᠢ ᠪᠤᠯᠭ᠋ᠠᠬᠤ ᠪᠤᠶᠤ ᠠᠭᠤᠵᠢᠮ ᠳᠠᠯᠪᠢᠬᠤ ᠠᠷᠭ᠎ᠠ ᠭᠡᠮᠵᠢᠶ᠎ᠡ ᠠᠪᠴᠤ᠂ ᠬᠤᠯᠪᠤᠭᠳᠠᠯ ᠪᠦᠬᠦᠢ ᠠ᠋ᠳ᠋ ᠪᠠᠷᠠᠭ᠎ᠠ ᠵᠢᠨ ᠤᠷᠤᠭᠤᠯᠤᠯᠤᠳᠠ ᠭᠠᠷᠭ᠋ᠠᠯᠳᠠ᠂ ᠴᠢᠳᠠᠪᠤᠷᠢᠳᠠᠨ᠎ᠤ ᠰᠢᠯᠵᠢᠯᠳᠠ ᠵᠡᠷᠭᠡ ᠵᠢᠨ ᠪᠤᠭᠤᠮᠳᠠ ᠵᠢ ᠨᠡᠪᠳᠡᠷᠡᠬᠦᠯᠬᠦ ᠪᠡ ᠸᠢᠰᠠᠯᠠᠬᠤ᠎ᠳᠤ ᠳᠦᠬᠦᠮ ᠦᠵᠡᠬᠦᠯᠬᠦ ᠭᠡᠷᠡᠭᠳᠡᠢ᠃ ᠰᠤᠳᠤᠯᠤᠨ ᠬᠦᠭᠵᠢᠬᠦᠯᠬᠦ ᠵᠢᠷᠤᠭ ᠳᠦᠯᠦᠪᠯᠡᠭᠡ᠂ ᠰᠢᠯᠭ᠋ᠠᠨ ᠪᠠᠢ᠌ᠴᠠᠭ᠋ᠠᠬᠤ᠂ ᠤᠯᠠᠨ ᠤᠯᠤᠰ᠎ᠤᠨ ᠳ᠋ᠦᠩᠨᠡᠨ ᠪᠤᠳᠤᠯᠳᠠ᠂ ᠦᠵᠡᠬᠦᠯᠦᠯᠭᠡ ᠵᠡᠷᠭᠡ ᠦᠢ᠍ᠯᠡᠴᠢᠯᠡᠭᠡᠨ᠎ᠤ ᠠᠷᠠᠯᠵᠢᠶ᠎ᠠ ᠵᠢ ᠬᠦᠭᠵᠢᠬᠦᠯᠵᠤ᠂ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠳᠠ ᠵᠢᠨ ᠭᠠᠢ᠌ᠯᠢ ᠵᠢ ᠭᠡᠯᠳᠦᠷᠢᠬᠦᠯᠦᠨ᠂ 《ᠢᠨᠲᠸᠷ ᠰᠦᠯᠵᠢᠶ᠎ᠠ +》᠎ᠪᠠᠷ ᠵᠠᠮᠴᠢ ᠪᠤᠯᠭ᠋ᠠᠭᠰᠠᠨ ᠰᠢᠨ᠎ᠠ᠎ᠪᠠᠷ ᠪᠤᠢ ᠪᠤᠯᠤᠭᠰᠠᠨ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠳᠠ ᠵᠢ ᠠᠬᠢᠭᠤᠯᠵᠤ᠂ ᠦᠭᠡᠷᠡᠴᠢᠯᠡᠯᠲᠡ ᠨᠡᠭᠡᠭᠡᠯᠳᠡ ᠵᠢᠨ ᠰᠢᠨ᠎ᠠ ᠬᠢᠯᠠᠰ ᠴᠡᠭ᠎ᠢ ᠪᠤᠢ ᠪᠤᠯᠭ᠋ᠠᠬᠤ ᠭᠡᠷᠡᠭᠳᠡᠢ ᠭᠡᠵᠤ ᠳᠤᠭᠳᠠᠭ᠋ᠠᠪᠠ᠃