ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ ᠳᠠᠯᠠᠨ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ᠎ᠤᠨ ᠠ᠋ᠩ᠎ᠤᠨ ᠮᠠᠷᠭᠤᠯᠳᠤᠭ᠋ᠠᠨ᠎ᠳᠤ ᠤᠷᠤᠯᠴᠠᠪᠠ
ᠨᠡᠶᠢᠲᠡᠯᠡᠭᠰᠡᠨ ᠴᠠᠭ᠄ 2018-11-27

               
      ᠭᠠᠳᠠᠭ᠋ᠠᠳᠤ ᠶᠠᠪᠤᠳᠠᠯ᠎ᠤᠨ ᠶᠠᠮᠤᠨ᠎ᠤ ᠦᠬᠦᠯᠡᠭᠴᠢ ᠭ᠋ᠸᠩ ᠱᠤᠸᠠᠩ 17᠎ᠤ ᠠ᠋ᠳᠤᠷ᠎ᠤᠨ ᠵᠠᠷᠯᠠᠯ᠎ᠳᠤ᠎ᠪᠠᠨ᠄ ᠳᠠᠯᠠᠨ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ 9 ᠳ᠋ᠤᠭᠡᠷ ᠰᠠᠷ᠎ᠠ ᠵᠢᠨ 18᠎ᠤ ᠠ᠋ᠳᠤᠷ ᠨᠢᠦ᠋ ᠶᠤᠷᠺ᠎ᠳᠠᠬᠢ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠷᠦᠩᠭᠡᠢ ᠵᠠᠬᠢᠷᠭ᠎ᠠ᠎ᠳᠤ ᠠ᠋ᠬᠢᠯᠡᠵᠤ᠂ 25᠎ᠤ ᠠ᠋ᠳᠤᠷ ᠠ᠋ᠩ᠎ᠤᠨ ᠮᠠᠷᠭᠤᠯᠳᠤᠭ᠋ᠠᠨ ᠬᠢᠬᠦ ᠪᠤᠯᠤᠨ᠎ᠠ᠃ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠦᠯᠬᠦᠮ ᠳᠠᠭ᠋ᠠᠭᠤᠯᠤᠨ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ᠎ᠳᠤ ᠤᠷᠤᠯᠴᠠᠬᠤ ᠪᠦᠭᠡᠳ ᠠ᠋ᠩ᠎ᠤᠨ ᠮᠠᠷᠭᠤᠯᠳᠤᠭ᠋ᠠᠨ ᠳᠡᠭᠡᠷ᠎ᠡ ᠦᠭᠡ ᠶᠡᠷᠢᠵᠤ᠂ ᠳᠤᠮᠳᠠᠳᠤ ᠤᠯᠤᠰ ᠤᠳᠤᠬᠠᠨ᠎ᠤ ᠳᠡᠯᠡᠭᠡᠢ ᠵᠢᠨ ᠪᠠᠢ᠌ᠳᠠᠯ᠂ ᠳᠡᠯᠡᠭᠡᠢ ᠵᠢᠨ ᠪᠠ ᠭᠠᠵᠠᠷ ᠤᠷᠤᠨ᠎ᠤ ᠴᠢᠬᠤᠯᠠ ᠶᠡᠭᠡ ᠠᠰᠠᠭᠤᠳᠠᠯ᠎ᠤᠨ ᠳᠤᠬᠠᠢ ᠵᠤᠬᠰᠤᠯᠳᠠ ᠦᠵᠡᠯᠳᠡ᠎ᠪᠠᠨ ᠪᠦᠬᠦ ᠳᠠᠯ᠎ᠠ᠎ᠪᠠᠷ ᠦᠬᠦᠯᠡᠨ᠂ ᠳᠤᠮᠳᠠᠳᠤ ᠤᠯᠤᠰ ᠳᠤᠷᠠᠳᠠᠶ᠎ᠠ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠭᠡᠰᠢᠬᠦᠨ ᠤᠯᠤᠰ᠎ᠲᠠᠢ ᠬᠠᠮᠳᠤᠪᠠᠷ ᠤᠯᠠᠨ ᠳᠠᠯᠠᠳᠤ ᠦᠵᠡᠯ᠂ ᠤᠯᠠᠨ ᠣᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠠ᠋ᠷᠭᠡ ᠰᠦᠷ ᠪᠤᠯᠤᠨ ᠦᠢ᠍ᠯᠡᠳᠤᠯ᠎ᠢ ᠬᠠᠮᠠᠭ᠋ᠠᠯᠠᠵᠤ᠂ ᠳᠡᠯᠡᠭᠡᠢ ᠵᠢᠨ ᠠ᠋ᠩᠭᠡ ᠳᠠᠢ᠌ᠪᠤᠩ ᠪᠤᠯᠤᠨ ᠬᠦᠭᠵᠢᠯᠳᠡ ᠵᠢ ᠬᠠᠮᠳᠤᠪᠠᠷ ᠠᠬᠢᠭᠤᠯᠬᠤ ᠳᠤᠬᠠᠢ ᠵᠤᠷᠢᠭ ᠵᠶ᠋ᠡᠨ ᠢᠯᠡᠷᠭᠡᠢ᠌ᠯᠡᠬᠦ ᠪᠤᠯᠤᠨ᠎ᠠ᠃
      ᠸᠠᠩ ᠢ ᠳ᠋ᠦᠮᠢᠨᠢᠺᠠ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠶᠡᠷᠦᠩᠭᠡᠢ ᠰᠠᠢ᠌ᠳ ᠪᠠᠷᠭ᠋ᠠᠰ᠂ ᠬᠢᠶᠠᠨᠠ ᠤᠯᠤᠰ᠎ᠤᠨ ᠳᠡᠳ᠋ ᠶᠡᠷᠦᠩᠭᠡᠢ᠌ᠯᠡᠭᠴᠢ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠭ᠋ᠷᠢᠨᠢᠴᠢ ᠪᠤᠯᠤᠨ ᠰᠦᠷᠢᠨᠠᠮ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠪᠠᠡᠾᠸᠯᠸ ᠵᠢᠨ ᠤᠷᠢᠯᠭ᠎ᠠ᠎ᠪᠠᠷ 9 ᠳ᠋ᠤᠭᠡᠷ ᠰᠠᠷ᠎ᠠ ᠵᠢᠨ 20᠎ᠤ ᠠ᠋ᠳᠤᠷ᠎ᠠᠴᠠ 23᠎ᠤ ᠠ᠋ᠳᠤᠷ ᠪᠤᠯᠳᠠᠯ᠎ᠠ ᠳ᠋ᠦᠮᠢᠨᠢᠺᠠ᠂ ᠬᠢᠶᠠᠨᠠ᠂ ᠰᠦᠷᠢᠨᠠᠮ ᠭᠤᠷᠪᠠᠨ ᠤᠯᠤᠰ᠎ᠲᠤ ᠠᠢ᠌ᠯᠴᠢᠯᠠᠵᠤ᠂ ᠬᠤᠶᠠᠷ ᠳᠠᠯ᠎ᠠ ᠵᠢᠨ ᠬᠠᠷᠢᠴᠠᠭ᠎ᠠ ᠵᠢᠴᠢ ᠬᠠᠮᠳᠤᠪᠠᠷ ᠠᠩᠬᠠᠷᠴᠤ ᠪᠠᠢ᠌ᠭ᠎ᠠ ᠠᠰᠠᠭᠤᠳᠠᠯ᠎ᠤᠨ ᠳᠤᠬᠠᠢ ᠶᠠᠷᠢᠯᠴᠠᠨ ᠰᠠᠨᠠᠯ ᠵᠶ᠋ᠡᠨ ᠰᠤᠯᠢᠯᠴᠠᠬᠤ ᠪᠤᠯᠤᠨ᠎ᠠ ᠭᠡᠵᠡᠢ᠃

ᠢᠷᠡᠯᠲᠡ᠄ ᠦᠪᠤᠷ ᠮᠤᠩᠭᠤᠯ ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤ᠌ ᠴᠦᠨ ᠬᠤᠸᠠ ᠠᠵᠢᠯ ᠤᠯᠭᠤᠯᠳᠠ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠤᠷᠤᠯᠴᠠᠨ ᠶᠠᠷᠢᠶ᠎ᠠ ᠳᠠᠯᠪᠢᠪᠠ
ᠬᠤ᠌ ᠴᠦᠨ ᠬᠤᠸᠠ ᠳᠦᠪ᠎ᠤᠨ ᠪᠠᠢ᠌ᠭᠤᠯᠭ᠎ᠠ ᠨᠢᠭᠡᠴᠢ ᠵᠢᠨ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠵᠤ ᠶᠠᠷᠢᠶ᠎ᠠ ᠳᠠᠯᠪᠢᠪᠠ
ᠸᠠᠩ ᠢ ᠸᠢᠶᠸᠲᠨᠠᠮ᠎ᠤᠨ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ ᠬᠤ᠌ ᡁᠢ ᠮᠢᠩ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠷᠤᠸᠠᠨ ᠱᠠᠨ ᠷᠸᠨ᠎ᠲᠠᠢ ᠠᠭᠤᠯᠵᠠᠪᠠ
ᠳᠤᠮᠳᠠᠳᠤ ᠸᠢᠶᠸᠲᠨᠠᠮ᠎ᠤᠨ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠤ ᠵᠢᠯᠤᠭᠤᠳᠬᠤ ᠵᠦᠪᠯᠡᠯ᠎ᠤᠨ ᠠᠷᠪᠠᠨ ᠨᠢᠭᠡᠳᠦᠭᠡᠷ ᠤᠳᠠᠭ᠋ᠠᠨ᠎ᠤ ᠬᠤᠷᠠᠯ ᠬᠤᠷᠠᠯᠳᠤᠪᠠ
ᠸᠠᠩ ᠶᠦᠩ ᠳᠤᠮᠳᠠᠳᠤ ᠤᠯᠤᠰ᠎ᠤᠨ ᠵᠡᠮᠳᠡᠭᠴᠤᠳ᠎ᠤᠨ ᠳᠤᠯᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠳᠦᠯᠦᠭᠡᠯᠡᠭᠴᠢᠳ᠎ᠤᠨ ᠶᠡᠭᠡ ᠬᠤᠷᠠᠯ ᠳᠡᠭᠡᠷ᠎ᠠ ᠰᠢᠨ᠎ᠠ ᠴᠠᠭ ᠦᠶ᠎ᠠ ᠵᠢᠨ ᠵᠡᠮᠳᠡᠭᠴᠤᠳ᠎ᠤᠨ ᠦᠢ᠍ᠯᠡᠰ᠎ᠤᠨ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠬᠤ ᠭᠡᠷᠡᠭᠳᠡᠢ ᠭᠡᠪᠡ
 
            