ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠠᠺᠸᠨᠲ᠋ᠢᠨ᠎ᠤ ᠶᠡᠷᠦᠩᠭᠡᠢ᠌ᠯᠡᠭᠴᠢ ᠮᠠᠷᠺᠸᠯᠢ ᠸᠠᠩ ᠢ ᠵᠢ ᠬᠦᠯᠢᠶᠠᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄ 2018-07-16


      ᠰᠢᠨᠬᠤᠸᠠ ᠬᠤᠷᠢᠶᠠᠨ᠎ᠤ ᠪᠦᠶᠸᠨᠤᠰ ᠠᠢ᠌ᠷᠸᠰ᠎ᠤᠨ 5 ᠳ᠋ᠤᠭ᠋ᠠᠷ ᠰᠠᠷ᠎ᠠ ᠵᠢᠨ 22᠎ᠤᠨ ᠠ᠋ᠳᠤᠷ᠎ᠤᠨ ᠴᠠᠬᠢᠯᠭ᠋ᠠᠨ ᠮᠡᠳᠡᠭᠡ (ᠰᠤᠷᠪᠤᠯᠵᠢᠯᠠᠭᠴᠢ᠎ᠨᠢ ᠷᠦᠢ ᠵᠢᠶᠸ᠂ ᠼᠦᠢ ᠶᠤᠸᠠᠨ ᠯᠸᠢ) ᠳᠤᠬᠠᠢ ᠵᠢᠨ ᠭᠠᠵᠠᠷ᠎ᠤᠨ ᠴᠠᠭ ᠵᠶ᠋ᠡᠷ 5 ᠳ᠋ᠤᠭ᠋ᠠᠷ ᠰᠠᠷ᠎ᠠ ᠵᠢᠨ 22᠎ᠤᠨ ᠠ᠋ᠳᠤᠷ ᠠᠺᠸᠨᠲ᠋ᠢᠨ᠎ᠤ ᠶᠡᠷᠦᠩᠭᠡᠢ᠌ᠯᠡᠭᠴᠢ ᠮᠠᠷᠺᠸᠯᠢ ᠪᠦᠶᠸᠨᠤᠰ ᠠᠢ᠌ᠷᠸᠰ᠎ᠲᠠᠬᠢ ᠶᠡᠷᠦᠩᠭᠡᠢ᠌ᠯᠡᠭᠴᠢ ᠵᠢᠨ ᠤᠷᠳᠤᠨ᠎ᠳᠤ ᠳᠦᠷᠦ ᠵᠢᠨ ᠶᠠᠪᠤᠳᠠᠯ᠎ᠤᠨ ᠬᠤᠷᠢᠶᠠᠨ᠎ᠤ ᠭᠡᠰᠢᠬᠦᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠵᠢ ᠬᠦᠯᠢᠶᠡᠨ ᠠᠪᠴᠤ ᠠᠭᠤᠯᠵᠠᠵᠠᠢ᠃
      ᠮᠠᠷᠺᠸᠯᠢ ᠸᠠᠩ ᠢ᠎ᠪᠠᠷ ᠳᠠᠮᠵᠢᠭᠤᠯᠤᠨ ᠶᠡᠷᠦᠩᠭᠡᠢ ᠱᠦᠵᠢ ᠰᠢ ᠵᠢᠨ ᠫᠢᠩ᠎ᠳᠤ ᠳᠤᠳᠤᠨᠤ ᠮᠡᠨᠳᠤᠴᠢᠯᠠᠯ ᠬᠦᠷᠭᠡᠵᠤ ᠪᠠᠢ᠌ᠬᠤ᠎ᠪᠠᠨ ᠢᠯᠡᠳᠭᠡᠬᠦ ᠵᠢᠨ ᠬᠠᠮᠳᠤ ᠠᠺᠸᠨᠲ᠋ᠢᠨ ᠠᠵᠤ ᠠᠬᠤᠢ ᠵᠢᠨ ᠳᠦᠷ ᠴᠠᠭ᠎ᠤᠨ ᠬᠦᠴᠢᠷᠳᠡᠯ᠎ᠳᠤ ᠳᠤᠯᠭ᠋ᠠᠷᠠᠭᠰᠠᠨ ᠦᠶ᠎ᠡ᠎ᠳᠤ ᠳᠤᠮᠳᠠᠳᠤ ᠤᠯᠤᠰ ᠳᠡᠮᠵᠢᠨ ᠳᠤᠰᠠᠯᠠᠭᠰᠠᠨ᠎ᠳᠤ ᠳᠠᠯᠠᠷᠬᠠᠵᠤ ᠪᠠᠢ᠌ᠬᠤ᠎ᠪᠠᠨ ᠢᠯᠡᠷᠭᠡᠢ᠌ᠯᠡᠵᠡᠢ᠃ ᠠᠺᠸᠨᠲ᠋ᠢᠨ ᠳᠤᠮᠳᠠᠳᠤ ᠵᠢᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ᠎ᠪᠠᠨ ᠦᠷᠬᠦᠯᠵᠢᠯᠡᠨ ᠬᠦᠨᠵᠡᠭᠡᠢ᠌ᠷᠡᠬᠦᠯᠵᠤ᠂ ᠬᠤᠶᠠᠷ ᠤᠯᠤᠰ᠎ᠤᠨ ᠠᠷᠠᠯᠵᠢᠶ᠎ᠠ ᠬᠤᠳᠠᠯᠳᠤᠭ᠎ᠠ᠂ ᠵᠤᠭ᠋ᠠᠴᠠᠯ᠂ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠡᠷᠭᠡ ᠬᠦᠷᠢᠶ᠎ᠠ ᠴᠠᠷᠠᠭ᠎ᠠ ᠵᠢᠨ ᠬᠤᠷᠰᠢᠯᠴᠠᠭ᠎ᠠ᠎ᠪᠠᠨ ᠳᠠᠰᠤᠷᠠᠯᠳᠠ ᠦᠭᠡᠢ ᠴᠢᠩᠭ᠋ᠠᠳᠬᠠᠬᠤ ᠵᠢ ᠬᠦᠰᠡᠵᠤ ᠪᠠᠢ᠌ᠨ᠎ᠠ᠃ ᠪᠢ ᠶᠡᠷᠦᠩᠭᠡᠢ ᠱᠦᠵᠢ ᠰᠢ ᠵᠢᠨ ᠫᠢᠩ᠎ᠤᠨ ᠠᠺᠸᠨᠲ᠋ᠢᠨ᠎ᠳᠤ ᠢᠷᠡᠵᠤ ᠬᠤᠷᠢᠨ ᠤᠯᠤᠰ᠎ᠤᠨ ᠪᠦᠯᠦᠭᠯᠡᠯ᠎ᠤᠨ ᠤᠳᠤᠷᠢᠳᠬᠤ ᠬᠦᠮᠦᠰ᠎ᠤᠨ ᠳᠦᠷᠦᠬᠦᠴᠤᠳ᠎ᠤᠨ ᠬᠤᠷᠠᠯ᠎ᠳᠤ ᠤᠷᠤᠯᠴᠠᠬᠤ ᠵᠢᠨ ᠬᠠᠮᠳᠤ ᠠᠺᠸᠨᠲ᠋ᠢᠨ᠎ᠳᠤ ᠠᠢ᠌ᠯᠴᠢᠯᠠᠯᠳᠠ ᠬᠢᠬᠦ ᠵᠢ ᠬᠦᠰᠡᠨ ᠬᠦᠯᠢᠶᠡᠵᠤ ᠪᠠᠢ᠌ᠨ᠎ᠠ᠃ ᠠᠺᠸᠨᠲ᠋ᠢᠨ ᠳᠤᠮᠳᠠᠳᠤ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠴᠢᠬᠤᠯᠠᠴᠢᠯᠠᠨ ᠦᠵᠡᠵᠤ᠂ ᠠᠺᠸᠨᠲ᠋ᠢᠨ ᠳᠤᠮᠳᠠᠳᠤ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠬᠤᠷᠰᠢᠯᠴᠠᠭ᠎ᠠ᠎ᠨᠢ ᠬᠤᠶᠠᠷ ᠤᠯᠤᠰ᠎ᠤᠨ ᠬᠠᠷᠢᠴᠠᠭ᠎ᠠ ᠵᠢ ᠬᠦᠨᠵᠡᠭᠡᠢ ᠬᠦᠭᠵᠢᠬᠦᠯᠬᠦ᠎ᠳᠤ ᠰᠢᠨ᠎ᠠ ᠳᠦᠯᠬᠢᠴᠡ ᠬᠦᠴᠦᠨ ᠪᠤᠯᠬᠤ ᠵᠢ ᠢᠳᠡᠭᠡᠵᠤ ᠪᠠᠢ᠌ᠨ᠎ᠠ ᠭᠡᠪᠡ᠃
      ᠸᠠᠩ ᠢ ᠮᠠᠷᠺᠸᠯᠢ᠎ᠳᠤ ᠶᠡᠷᠦᠩᠭᠡᠢ ᠱᠦᠵᠢ ᠰᠢ ᠵᠢᠨ ᠫᠢᠩ᠎ᠤᠨ ᠳᠤᠳᠤᠨᠤ ᠮᠡᠨᠳᠤᠴᠢᠯᠠᠯ᠎ᠢ ᠳᠡᠮᠵᠢᠭᠤᠯᠪᠠ᠃ ᠸᠠᠩ ᠢ᠎ᠠᠴᠠ ᠳᠤᠮᠳᠠᠳᠤ ᠤᠯᠤᠰ ᠠᠺᠸᠨᠲ᠋ᠢᠨ᠎ᠤ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ ᠪᠤᠯᠤᠭᠰᠠᠨ᠎ᠤ ᠬᠤᠪᠢ᠎ᠳᠤ ᠴᠢᠳᠠᠯ᠎ᠤᠨ ᠬᠢᠷᠢ᠎ᠪᠠᠷ ᠵᠶ᠋ᠡᠨ ᠬᠠᠪᠰᠤᠷᠤᠯᠭ᠎ᠠ ᠳᠡᠮᠵᠢᠯᠭᠡ ᠦᠵᠡᠬᠦᠯᠦᠨ᠎ᠠ᠃ ᠳᠤᠮᠳᠠᠳᠤ ᠠᠺᠸᠨᠲ᠋ᠢᠨ᠎ᠤ ᠬᠠᠷᠢᠴᠠᠭ᠋ᠠᠨ᠎ᠤ ᠬᠦᠭᠵᠢᠯᠳᠡ ᠵᠢ ᠴᠢᠬᠤᠯᠠᠴᠢᠯᠠᠵᠤ᠂ ᠬᠤᠵᠢᠮ ᠠᠺᠸᠨᠲ᠋ᠢᠨ᠎ᠲᠠᠢ ᠠᠷᠠᠯᠵᠢᠶ᠎ᠠ ᠬᠤᠳᠠᠯᠳᠤᠭ᠎ᠠ᠂ ᠪᠡᠯᠡ ᠤᠷᠤᠭᠤᠯᠤᠯᠳᠠ᠂ ᠴᠦᠮ᠎ᠠ ᠵᠢᠨ ᠴᠠᠬᠢᠯᠭ᠋ᠠᠨ᠂ ᠠ᠋ᠨ᠋ᠸᠷᠬᠢ᠂ ᠵᠤᠭ᠋ᠠᠴᠠᠯ ᠵᠡᠷᠭᠡ ᠪᠦᠬᠦ ᠳᠠᠯ᠎ᠠ᠎ᠪᠠᠷ ᠬᠤᠷᠰᠢᠬᠤ᠎ᠪᠠᠨ ᠴᠢᠩᠭ᠋ᠠᠳᠬᠠᠨ᠎ᠠ᠃ ᠳᠤᠮᠳᠠᠳᠤ ᠤᠯᠤᠰ ᠤᠳᠤᠬᠠᠨ᠎ᠳᠤ ᠳᠡᠯᠡᠭᠡᠢ ᠳᠡᠭᠡᠷᠡᠬᠢ ᠬᠠᠮᠤᠭ ᠶᠡᠭᠡ ᠭᠡᠷᠡᠭᠯᠡᠭᠡᠨ᠎ᠤ ᠵᠠᠬ᠎ᠠ ᠳᠡᠯᠭᠡᠬᠦᠷ ᠪᠤᠯᠤᠭᠰᠠᠨ ᠳᠤᠯᠠ ᠵᠢᠯ ᠪᠦᠷᠢ ᠭᠠᠳᠠᠭ᠋ᠠᠳᠤ᠎ᠠᠴᠠ ᠣᠷᠣᠭᠤᠯᠬᠤ ᠲᠠᠸᠠᠷ᠎ᠤᠨ ᠦᠵᠡᠰᠬᠦᠯᠡᠩ ᠠ᠋ᠷᠬᠢᠯᠡᠬᠦ᠎ᠪᠠᠷ ᠳᠤᠭᠳᠠᠪᠠ᠃ ᠠᠺᠸᠨᠲ᠋ᠢᠨ᠎ᠤ ᠳᠤᠮᠳᠠᠳᠤ ᠤᠯᠤᠰ᠎ᠤᠨ ᠬᠦᠭᠵᠢᠯᠳᠡ ᠵᠢᠨ ᠠᠵᠤ ᠳᠤᠬᠢᠶᠠᠯ᠎ᠢ ᠬᠤᠪᠢᠶᠠᠨ ᠠᠰᠢᠭᠯᠠᠬᠤ ᠵᠢ ᠪᠠᠶᠠᠷᠯᠠᠨ ᠤᠭᠳᠤᠵᠤ ᠪᠠᠢ᠌ᠨ᠎ᠠ ᠭᠡᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠰᠤᠲᠠᠳ᠎ᠢ ᠠᠰᠠᠷᠠᠬᠤ ᠮᠦᠩᠬᠦᠨ᠎ᠤ ᠬᠠᠮᠤᠭ ᠳᠤᠤᠷ᠎ᠠ ᠪᠠᠷᠢᠮᠵᠢᠶ᠎ᠠ ᠪᠤᠯᠤᠨ ᠤᠷᠤᠨ ᠰᠠᠭᠤᠴᠠ ᠵᠢᠨ ᠨᠠᠢ᠌ᠳᠠ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠬᠤ ᠵᠢᠴᠢ ᠰᠦᠯᠵᠢᠶᠠᠨ ᠪᠤᠯᠵᠤᠭ᠋ᠠᠨ ᠳᠡᠷᠭᠡ ᠵᠢ ᠵᠢᠷᠤᠮᠵᠢᠭᠤᠯᠬᠤ ᠳᠤᠬᠠᠢ
ᠰᠢᠶᠤᠤ ᠵᠢᠶᠸ ᠬᠦᠢ᠍ᠵᠸᠤ᠎ᠳᠤ ᠪᠠᠢ᠌ᠴᠠᠭ᠋ᠠᠨ ᠰᠤᠳᠤᠯᠤᠯᠳᠠ ᠬᠢᠪᠡ
ᠸᠸᠢ ᠹᠸᠩ ᠠ᠋ᠾᠸ ᠳᠠᠨᠽᠠᠨᠢᠶ᠎ᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠴᠡᠷᠢᠭ᠎ᠤᠨ ᠰᠸᠯᠢᠩ᠎ᠲᠠᠢ ᠠᠭᠤᠯᠵᠠᠪᠠ
ᠬᠤ᠌ ᠴᠦᠨ ᠬᠤᠸᠠ ᠠ᠋ᠾᠸᠨᠠᠨ ᠠᠨᠾᠦᠢ᠍ᠢ ᠬᠤᠪᠸᠢ ᠵᠢᠨ ᠦᠶᠡᠷ ᠤᠰᠤᠳᠤᠯ᠎ᠠᠴᠠ ᠰᠡᠷᠭᠡᠢ᠌ᠯᠡᠬᠦ ᠠᠵᠢᠯ᠎ᠢ ᠪᠠᠢ᠌ᠴᠠᠭ᠋ᠠᠨ ᠰᠤᠳᠤᠯᠪᠠ
ᠰᠦᠨ ᠴᠦᠨ ᠯᠠᠨ ᠵᠸᠵᠢᠶᠠᠩ᠎ᠳᠤ ᠪᠠᠢ᠌ᠴᠠᠭ᠋ᠠᠨ ᠰᠤᠳᠤᠯᠪᠠ
 
            