8 ᠳ᠋ᠤᠭ᠋ᠠᠷ ᠰᠠᠷ᠎ᠠ ᠵᠢᠨ 2᠎ᠤᠨ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠪᠠ᠃
ᠸᠠᠩ ᠢ᠎ᠠᠴᠠ ᠰᠠᠶᠢᠬᠠᠨ ᠰᠢᠩᠭ᠋ᠠᠫᠤᠷ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ ᠨᠢᠭᠡᠨᠳᠡ 《ᠠ᠋ᠮᠤᠨᠡᠳᠤ ᠳᠠᠯᠠᠢ ᠵᠢᠨ ᠠᠵᠢᠯᠯᠠᠭ᠋ᠠᠨ᠎ᠤ ᠳᠦᠷᠢᠮ》᠎ᠤᠨ ᠳᠦᠰᠦᠯ᠎ᠳᠤ ᠰᠠᠨᠠᠯ ᠨᠢᠭᠡᠳᠦᠭᠰᠡᠨᠢ ᠨᠡᠢ᠌ᠳᠡᠯᠡᠪᠡ᠃ ᠠ᠋ᠨᠡ᠎ᠨᠢ 《ᠳᠦᠷᠢᠮ》᠎ᠤᠨ ᠵᠦᠪᠳᠡᠯᠴᠡᠭᠡᠷ᠎ᠤᠨ ᠪᠠᠰᠠ ᠨᠢᠭᠡᠨ ᠳᠠᠪᠰᠢᠯᠳᠠ ᠪᠤᠯᠤᠨ᠎ᠠ᠃ ᠪᠢᠳᠠ ᠵᠦᠪᠭᠡᠨ ᠭᠠᠳᠠᠨᠠᠬᠢ ᠨᠦᠯᠦᠬᠡ ᠵᠢ ᠠᠷᠢᠯᠭ᠋ᠠᠴᠢᠬᠠᠪᠠᠯ 《ᠳᠦᠷᠢᠮ》᠎ᠤᠨ ᠵᠦᠪᠳᠡᠯᠴᠡᠭᠡᠷ ᠳᠦᠷᠭᠡᠨ ᠠᠬᠢᠬᠤ᠎ᠨᠢ ᠯᠠᠪᠳᠠᠢ ᠶᠤᠮ᠃ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ᠎ᠤᠳ ᠠ᠋ᠮᠤᠨᠡᠳᠤ ᠳᠠᠯᠠᠢ ᠵᠢᠨ ᠭᠠᠵᠠᠷ ᠤᠷᠤᠨ᠎ᠤ ᠠ᠋ᠭᠡ ᠳᠡᠢ᠌ᠪᠤᠩ᠎ᠢ ᠬᠠᠮᠠᠭ᠋ᠠᠯᠠᠬᠤ ᠴᠢᠳᠠᠪᠤᠷᠢ᠎ᠲᠠᠢ᠂ ᠶᠠᠷᠢᠯᠴᠠᠵᠤ ᠵᠦᠪᠳᠡᠯᠴᠡᠬᠦ᠎ᠪᠠᠷ ᠳᠠᠮᠵᠢᠨ ᠬᠠᠮᠳᠤ᠎ᠪᠠᠷ ᠵᠢᠷᠤᠮᠯᠠᠬᠤ ᠭᠠᠵᠠᠷ ᠤᠷᠤᠨ᠎ᠤ ᠳᠦᠷᠢᠮ᠎ᠢ ᠳᠤᠭᠳᠠᠭ᠋ᠠᠬᠤ ᠴᠢᠳᠠᠪᠤᠷᠢ᠎ᠲᠠᠢ ᠭᠡᠳᠡᠭ᠎ᠢ ᠪᠤᠳᠠᠳᠤ ᠶᠠᠪᠤᠳᠠᠯ ᠭᠡᠷᠡᠴᠢᠯᠡᠪᠡ ᠭᠡᠵᠤ ᠭᠡᠯᠡᠪᠡ᠃
ᠸᠠᠩ ᠢ᠎ᠠᠴᠠ ᠮᠢᠨᠦ ᠪᠠᠰᠠ ᠨᠢᠭᠡᠨ ᠤᠯᠠᠨ᠎ᠳᠤ ᠭᠡᠯᠡᠬᠦ ᠤᠴᠢᠷ ᠪᠤᠯ᠂ ᠳᠦᠷᠦᠬᠦᠤ ᠭᠡᠳᠤᠨ ᠠ᠋ᠳᠤᠷ ᠳᠤᠮᠳᠠᠳᠤ ᠤᠯᠤᠰ ᠨᠢᠭᠡᠨᠳᠡ ᠳᠤᠮᠳᠠᠳᠤ ᠤᠯᠤᠰ᠎ᠤᠨ ᠬᠠᠮᠤᠭ᠎ᠤᠨ ᠳᠠᠪᠰᠢᠩᠭᠤᠢ ᠳᠠᠯᠠᠢ ᠳᠠᠩᠬᠢᠰ᠎ᠤᠨ ᠠᠪᠤᠷᠠᠯᠳᠠ ᠵᠢᠨ ᠤᠩᠭᠤᠴᠠ ᠪᠤᠯᠤᠨ ᠳᠤᠰᠬᠠᠢ᠌ᠵᠢᠭᠰᠠᠨ ᠠᠪᠤᠷᠠᠨ ᠳᠤᠰᠠᠯᠠᠬᠤ ᠠᠩᠬᠢ ᠵᠢ ᠵᠤᠬᠢᠶᠠᠨ ᠪᠠᠢ᠌ᠭᠤᠯᠤᠨ ᠨᠠᠨᠱ᠌ᠠᠳᠤ ᠤᠴᠢᠭᠤᠯᠬᠤ᠎ᠪᠠᠷ ᠪᠣᠯᠪᠠ᠃ ᠡᠯ᠎ᠡ ᠤᠯᠤᠰ᠎ᠤᠨ᠎ᠬᠢᠨ ᠭᠡᠷᠡᠭᠴᠡᠭᠡ᠎ᠲᠠᠢ ᠪᠤᠯ ᠳᠠᠷᠤᠢ ᠳᠦᠷᠭᠡᠨ ᠬᠦᠷᠴᠤ ᠳᠠᠯᠠᠢ ᠳᠠᠩᠬᠢᠰ᠎ᠤᠨ ᠶᠠᠪᠤᠳᠠᠯ᠎ᠤᠨ ᠠᠪᠤᠷᠠᠨ ᠳᠤᠰᠠᠯᠠᠬᠤ ᠦᠢ᠍ᠯᠡᠴᠢᠯᠡᠭᠡ ᠬᠠᠩᠭ᠋ᠠᠬᠤ ᠪᠤᠯᠤᠨ᠎ᠠ᠃ ᠬᠤᠵᠢᠮ ᠳᠤᠮᠳᠠᠳᠤ ᠤᠯᠤᠰ ᠵᠠᠯᠭ᠋ᠠᠪᠠᠷ ᠡᠯ᠎ᠡ ᠭᠠᠵᠠᠷ ᠤᠷᠤᠨ᠎ᠤ ᠤᠯᠤᠰ᠎ᠲᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠪᠤᠯᠤᠨ ᠴᠠᠭ ᠠᠭᠤᠷ ᠵᠡᠷᠭᠡ ᠤᠯᠠᠨ ᠤᠯᠤᠰ᠎ᠤᠨ ᠨᠡᠢ᠌ᠳᠡ ᠵᠢᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠨ᠎ᠠ ᠭᠡᠵᠤ ᠭᠡᠯᠡᠪᠡ᠃