ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ ᠳᠤᠮᠳᠠᠳᠤ ᠤᠯᠤᠰ ᠪᠤᠯᠤᠨ ᠰᠠᠯᠸᠠᠳᠤᠷ ᠤᠯᠤᠰ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ ᠳᠤᠬᠠᠢ ᠶᠠᠷᠢᠭᠰᠠᠨ᠎ᠨᠢ
ᠨᠡᠶᠢᠲᠡᠯᠡᠭᠰᠡᠨ ᠴᠠᠭ᠄ 2018-11-08

               
     8 ᠳ᠋ᠤᠭ᠋ᠠᠷ ᠰᠠᠷ᠎ᠠ ᠵᠢᠨ 21᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠡᠭᠡᠵᠢᠩ᠎ᠳᠤ ᠰᠠᠯᠸᠠᠳᠤᠷ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠺᠠᠰᠲ᠋ᠠᠨ᠋ᠸᠳ᠋ᠸ᠎ᠲᠠᠢ ᠠᠭᠤᠯᠵᠠᠵᠤ ᠬᠤᠶᠠᠷ ᠤᠯᠤᠰ᠎ᠤᠨ ᠭᠠᠳᠠᠭ᠋ᠠᠳᠤ ᠬᠠᠷᠢᠴᠠᠭ᠎ᠠ ᠪᠠᠢ᠌ᠭᠤᠯᠬᠤ ᠳᠤᠬᠠᠢ ᠬᠠᠮᠳᠤᠷᠠᠭᠰᠠᠨ ᠠᠯᠪᠠᠨ ᠮᠡᠳᠡᠭᠡ᠎ᠳᠤ ᠭᠠᠷ᠎ᠤᠨ ᠦᠰᠦᠭ ᠵᠢᠷᠤᠪᠡ᠃ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠤᠨ ᠵᠠᠰᠠᠭ᠎ᠤᠨ ᠤᠷᠳᠤᠨ ᠳᠡᠯᠡᠭᠡᠢ ᠳᠡᠭᠡᠷ᠎ᠠ ᠭᠠᠭᠴᠠᠬᠠᠨ ᠳᠤᠮᠳᠠᠳᠤ ᠤᠯᠤᠰ ᠪᠠᠢ᠌ᠵᠤ᠂ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ ᠪᠤᠯ ᠳᠤᠮᠳᠠᠳᠤ ᠤᠯᠤᠰ᠎ᠢ ᠳᠦᠯᠦᠭᠡᠯᠡᠬᠦ ᠴᠤᠷ᠎ᠤᠨ ᠭᠠᠭᠴᠠ ᠬᠠᠤᠯᠢ ᠶᠤᠰᠤᠨ᠎ᠤ ᠵᠠᠰᠠᠭ᠎ᠤᠨ ᠤᠷᠳᠤᠨ ᠪᠤᠯᠤᠨ᠎ᠠ᠂ ᠳᠠᠢ᠌ᠸᠠᠨ ᠪᠤᠯ ᠳᠤᠮᠳᠠᠳᠤ ᠤᠯᠤᠰ᠎ᠤᠨ ᠨᠤᠳᠤᠭ ᠳᠡᠪᠢᠰᠭᠡᠷ᠎ᠤᠨ ᠰᠠᠯᠵᠤ ᠪᠤᠯᠤᠰᠢ ᠦᠭᠡᠢ ᠨᠢᠭᠡ ᠭᠡᠰᠡᠭ ᠪᠤᠯᠬᠤ ᠵᠢ ᠵᠦᠪᠰᠢᠶᠡᠷᠡᠨ᠎ᠠ ᠭᠡᠪᠡ᠃ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠠ᠋ᠨᠡ ᠠ᠋ᠳᠤᠷ᠎ᠠᠴᠠ ᠠ᠋ᠬᠢᠯᠡᠨ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠲᠠᠢ ᠠ᠋ᠯᠴᠢᠨ ᠰᠠᠢ᠌ᠳ᠎ᠤᠨ ᠳᠡᠰ᠎ᠤᠨ ᠭᠠᠳᠠᠭ᠋ᠠᠳᠤ ᠶᠠᠪᠤᠳᠠᠯ᠎ᠤᠨ ᠬᠠᠷᠢᠴᠠᠭ᠎ᠠ ᠪᠠᠢ᠌ᠭᠤᠯᠵᠤ᠂ ᠳᠤᠮᠳᠠᠳᠤ ᠰᠠᠯᠸᠠᠳᠤᠷ ᠬᠤᠶᠠᠷ ᠤᠯᠤᠰ᠎ᠤᠨ ᠬᠠᠷᠢᠴᠠᠭ᠋ᠠᠨ᠎ᠤ ᠳᠡᠤᠭᠡᠨ ᠰᠢᠨ᠎ᠠ ᠬᠠᠭᠤᠳᠠᠰᠤ ᠵᠢ ᠪᠢᠴᠢᠭᠯᠡᠪᠡ᠃
      ᠸᠠᠩ ᠢ᠂ ᠨᠢᠭᠡ ᠳᠤᠮᠳᠠᠳᠤ ᠤᠯᠤᠰ᠎ᠢ ᠪᠠᠷᠢᠮᠳᠠᠯᠠᠬᠤ ᠵᠠᠷᠴᠢᠮ ᠪᠤᠯ ᠤᠯᠠᠨ ᠵᠶ᠋ᠡᠷ ᠵᠶ᠋ᠡᠨ ᠮᠡᠳᠡᠷᠡᠵᠤ ᠪᠠᠢ᠌ᠭ᠎ᠠ ᠤᠯᠠᠨ ᠤᠯᠤᠰ᠎ᠤᠨ ᠬᠠᠷᠢᠴᠠᠭ᠋ᠠᠨ᠎ᠤ ᠶᠡᠷᠦᠩᠭᠡᠢ ᠵᠠᠷᠴᠢᠮ᠂ ᠤᠯᠠᠨ ᠤᠯᠤᠰ᠎ᠤᠨ ᠨᠡᠢ᠌ᠭᠡᠮ᠎ᠤᠨ ᠬᠠᠮᠳᠤ ᠵᠢᠨ ᠳᠠᠨᠢᠯᠳᠠ᠂ ᠳᠤᠮᠳᠠᠳᠤ ᠤᠯᠤᠰ᠎ᠤᠨ ᠶᠠᠮᠠᠷᠪᠠ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠬᠤ ᠪᠠ ᠬᠠᠷᠢᠴᠠᠭ᠎ᠠ᠎ᠪᠠᠨ ᠬᠦᠭᠵᠢᠬᠦᠯᠬᠦ ᠦᠨᠳᠦᠰᠤᠨ ᠰᠠᠭᠤᠷᠢ ᠪᠤᠯᠤᠨ᠎ᠠ᠃ ᠰᠠᠯᠸᠠᠳᠤᠷ ᠨᠢᠭᠡ ᠳᠤᠮᠳᠠᠳᠤ ᠤᠯᠤᠰ᠎ᠤᠨ ᠵᠠᠷᠴᠢᠮ᠎ᠢ ᠵᠦᠪᠰᠢᠶᠶᠡᠷᠡᠵᠤ ᠪᠠᠢ᠌ᠭ᠎ᠠ ᠮᠦᠷᠳᠡᠭᠡᠨ ᠶᠠᠮᠠᠷᠴᠤ ᠤᠷᠢᠳᠠᠯ ᠨᠦᠬᠦᠴᠡᠯ ᠦᠭᠡᠢ᠎ᠪᠠᠷ ᠳᠤᠮᠳᠠᠳᠤ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠤᠨ᠂ ᠳᠡᠯᠡᠭᠡᠢ ᠵᠢᠨ ᠤᠯᠠᠩᠬᠢ ᠳᠤᠭ᠋ᠠᠨ᠎ᠤ ᠤᠯᠤᠰ᠎ᠲᠠᠢ ᠨᠢᠭᠡ ᠵᠤᠬᠰᠤᠯᠳᠠ᠎ᠲᠠᠢ ᠵᠤᠭᠰᠤᠪᠠ᠃ ᠤᠳᠤᠬᠠᠨ᠎ᠳᠤ ᠳᠡᠯᠡᠭᠡᠢ ᠵᠢᠨ 178 ᠤᠯᠤᠰ ᠳᠤᠮᠳᠠᠳᠤ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ ᠪᠠᠢ᠌ᠨ᠎ᠠ᠂ ᠠ᠋ᠨᠡ᠎ᠨᠢ ᠨᠢᠭᠡ ᠳᠤᠮᠳᠠᠳᠤ ᠤᠯᠤᠰ᠎ᠤᠨ ᠵᠠᠷᠴᠢᠮ᠎ᠢ ᠪᠠᠷᠢᠮᠳᠠᠯᠠᠬᠤ᠎ᠨᠢ ᠤᠯᠠᠨ ᠤᠯᠤᠰ᠎ᠤᠨ ᠶᠡᠭᠡ ᠵᠢᠷᠤᠮ᠎ᠳᠤ ᠨᠡᠢ᠌ᠴᠠᠵᠤ ᠪᠠᠢ᠌ᠭ᠎ᠠ ᠵᠢ ᠳᠠᠬᠢᠨᠳᠠ ᠭᠡᠷᠡᠴᠢᠯᠡᠭᠰᠡᠨ ᠪᠦᠭᠡᠳ ᠴᠠᠭ ᠦᠶ᠎ᠠ ᠵᠢᠨ ᠤᠷᠤᠰᠬᠠᠯ᠎ᠳᠤ ᠨᠡᠢ᠌ᠴᠡᠭᠰᠡᠨ ᠪᠠ ᠠᠷᠠᠳ᠎ᠤᠨ ᠰᠡᠳᠬᠢᠯ᠎ᠢ ᠤᠯᠤᠭᠰᠠᠨ᠎ᠢ ᠬᠠᠷᠠᠭᠤᠯᠪᠠ ᠭᠡᠵᠤ ᠵᠢᠭ᠋ᠠᠵᠤ ᠭᠠᠷᠭ᠋ᠠᠪᠠ᠃
      ᠸᠠᠩ ᠢ᠂ ᠳᠤᠮᠳᠠᠳᠤ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ᠎ᠨᠢ ᠰᠠᠯᠸᠠᠳᠤᠷ ᠤᠯᠤᠰ ᠪᠤᠯᠤᠨ ᠳᠤᠰ ᠤᠯᠤᠰ᠎ᠤᠨ ᠠᠷᠠᠳ ᠳᠦᠮᠡᠨ᠎ᠤ ᠦᠨᠳᠦᠰᠤᠨ ᠠᠰᠢᠭ ᠳᠤᠰᠠ ᠪᠠ ᠠᠯᠤᠰ᠎ᠤᠨ ᠠᠰᠢᠭ ᠳᠤᠰᠠ᠎ᠳᠤ ᠪᠦᠷᠢᠮᠦᠰᠦᠨ ᠨᠡᠢ᠌ᠴᠡᠬᠦ ᠵᠢ ᠳᠡᠤᠭᠡ ᠭᠡᠷᠡᠴᠢᠯᠡᠬᠦ ᠪᠤᠯᠤᠨ᠎ᠠ᠃ ᠳᠤᠮᠳᠠᠳᠤ ᠵᠢᠨ ᠳᠠᠯ᠎ᠠ᠎ᠳᠤ ᠠᠪᠤᠭ᠋ᠠᠳ ᠭᠡᠯᠡᠪᠡᠯ ᠯᠠᠲ᠋ᠢᠨ ᠠᠮᠸᠷᠢᠺᠠ ᠳᠢᠪ ᠪᠤᠯᠤᠨ ᠺᠠᠷᠢᠪᠸ ᠭᠠᠵᠠᠷ ᠤᠷᠤᠨ᠎ᠳᠤ ᠪᠠᠰᠠ ᠨᠢᠭᠡᠨ ᠰᠢᠨ᠎ᠠ ᠨᠠᠢ᠌ᠵᠠ ᠨᠡᠮᠡᠭᠳᠡᠵᠤ᠂ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠢ᠌ᠭᠤᠯᠤᠯᠳᠠ ᠪᠤᠯᠤᠨ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢᠨ ᠦᠢ᠍ᠯᠡᠰ᠎ᠢ ᠠᠬᠢᠭᠤᠯᠬᠤ᠎ᠳᠤ ᠪᠠᠰᠠ ᠨᠢᠭᠡᠨ ᠰᠢᠨ᠎ᠠ ᠬᠠᠨᠢᠳᠠᠨ᠎ᠲᠠᠢ ᠪᠤᠯᠤᠭᠰᠠᠨ ᠶᠠᠪᠤᠳᠠᠯ ᠪᠤᠯᠤᠨ᠎ᠠ ᠭᠡᠵᠤ ᠢᠯᠡᠷᠭᠡᠢ᠌ᠯᠡᠪᠡ᠃
      ᠸᠠᠩ ᠢ᠂ ᠳᠤᠮᠳᠠᠳᠤ ᠵᠢᠨ᠎ᠬᠢᠨ ᠳᠤᠷᠠᠳᠠᠶ᠎ᠡ ᠰᠠᠯᠸᠠᠳᠤᠷ᠎ᠲᠠᠢ ᠬᠠᠮᠳᠤᠪᠠᠷ ᠴᠢᠷᠮᠠᠢ᠌ᠵᠤ᠂ ᠬᠤᠶᠠᠷ ᠤᠯᠤᠰ᠎ᠤᠨ ᠬᠠᠮᠳᠤ ᠵᠢᠨ ᠬᠦᠭᠵᠢᠯᠳᠡ ᠵᠢ ᠠᠬᠢᠭᠤᠯᠤᠨ᠂ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠳᠢᠪ᠎ᠤᠨ ᠪᠦᠬᠦᠯᠢ ᠴᠤᠭᠴᠠ ᠵᠢᠨ ᠬᠠᠮᠳᠤᠷᠠᠯᠴᠠᠭ᠎ᠠ ᠵᠢ ᠬᠠᠮᠳᠤᠪᠠᠷ ᠠᠬᠢᠭᠤᠯᠬᠤ ᠪᠠ ᠬᠦᠭᠵᠢᠵᠤ ᠪᠠᠢ᠌ᠭ᠎ᠠ ᠤᠯᠤᠰ᠎ᠤᠨ ᠬᠠᠮᠳᠤᠪᠠᠷ ᠬᠦᠭᠵᠢᠨ ᠮᠠᠨᠳᠤᠬᠤ ᠵᠢ ᠠᠬᠢᠭᠤᠯᠬᠤ᠎ᠳᠤ ᠬᠤᠪᠢ ᠨᠡᠮᠡᠷᠢ ᠦᠵᠡᠬᠦᠯᠦᠨ᠎ᠡ ᠬᠡᠵᠤ ᠢᠯᠡᠷᠭᠡᠢ᠌ᠯᠡᠪᠡ᠃
      ᠺᠠᠰᠲ᠋ᠠᠨ᠋ᠸᠳ᠋ᠸ᠂ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ᠎ᠨᠢ ᠰᠠᠯᠸᠠᠳᠤᠷ᠎ᠤᠨ ᠭᠠᠳᠠᠭ᠋ᠠᠳᠤ ᠶᠠᠪᠤᠳᠠᠯ᠎ᠤᠨ ᠬᠠᠷᠢᠴᠠᠭ᠋ᠠᠨ᠎ᠳᠠᠬᠢ ᠳᠡᠤᠭᠡᠳᠤ ᠴᠢᠨᠠᠷ᠎ᠲᠠᠢ ᠶᠠᠪᠤᠳᠠᠯ ᠪᠤᠯᠬᠤ ᠪᠦᠭᠡᠳ ᠬᠤᠶᠠᠷ ᠤᠯᠤᠰ᠎ᠤᠨ ᠠᠷᠠᠳ ᠳᠦᠮᠡᠨ᠎ᠤ ᠦᠨᠳᠦᠰᠤᠨ ᠠᠰᠢᠭ ᠳᠤᠰᠠ᠎ᠠᠴᠠ ᠠ᠋ᠬᠦᠰᠦᠭᠰᠡᠨ ᠪᠠᠢ᠌ᠯᠳᠤᠬᠤ ᠪᠤᠳᠤᠯᠭ᠎ᠠ ᠵᠢᠨ ᠴᠢᠨᠠᠷ᠎ᠲᠠᠢ ᠰᠢᠢ᠍ᠳᠪᠤᠷᠢ ᠪᠤᠯᠤᠨ᠎ᠠ᠃ ᠠ᠋ᠨᠡ᠎ᠨᠢ ᠰᠠᠯᠸᠠᠳᠤᠷ ᠤᠯᠤᠰ ᠳᠡᠯᠡᠭᠡᠢ ᠵᠢᠨ ᠤᠯᠠᠩᠬᠢ ᠳᠤᠭ᠋ᠠᠨ᠎ᠤ ᠤᠯᠤᠰ᠎ᠤᠨ ᠰᠤᠩᠭᠤᠭᠰᠠᠨ ᠭᠤᠤᠯ ᠤᠷᠤᠰᠬᠠᠯ᠎ᠢ ᠳᠠᠭ᠋ᠠᠵᠤ᠂ ᠳᠤᠮᠳᠠᠳᠤ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ 178 ᠤᠯᠤᠰ᠎ᠤᠨ ᠰᠢᠨ᠎ᠡ ᠪᠦᠷᠢᠯᠳᠦᠬᠦᠨ ᠪᠤᠯᠤᠭᠰᠠᠨ ᠶᠠᠪᠤᠳᠠᠯ ᠪᠤᠯᠬᠤ ᠶᠤᠮ᠃ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠤᠨ ᠵᠠᠰᠠᠭ᠎ᠤᠨ ᠤᠷᠳᠤᠨ ᠳᠡᠯᠡᠭᠡᠢ ᠳᠡᠭᠡᠷ᠎ᠠ ᠭᠠᠭᠴᠠᠬᠠᠨ ᠳᠤᠮᠳᠠᠳᠤ ᠤᠯᠤᠰ ᠪᠠᠢ᠌ᠵᠤ᠂ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ ᠪᠤᠯ ᠳᠤᠮᠳᠠᠳᠤ ᠤᠯᠤᠰ᠎ᠢ ᠳᠦᠯᠦᠭᠡᠯᠡᠬᠦ ᠴᠤᠷ᠎ᠤᠨ ᠭᠠᠭᠴᠠ ᠬᠠᠤᠯᠢ ᠶᠤᠰᠤᠨ᠎ᠤ ᠵᠠᠰᠠᠭ᠎ᠤᠨ ᠤᠷᠳᠤᠨ ᠪᠤᠯᠤᠨ᠎ᠠ᠂ ᠳᠠᠢ᠌ᠸᠠᠨ ᠪᠤᠯ ᠳᠤᠮᠳᠠᠳᠤ ᠤᠯᠤᠰ᠎ᠤᠨ ᠨᠤᠳᠤᠭ ᠳᠡᠪᠢᠰᠭᠡᠷ᠎ᠤᠨ ᠰᠠᠯᠵᠤ ᠪᠤᠯᠤᠰᠢ ᠦᠭᠡᠢ ᠨᠢᠭᠡ ᠭᠡᠰᠡᠭ ᠪᠤᠯᠬᠤ ᠵᠢ ᠵᠦᠪᠰᠢᠶᠡᠷᠡᠨ᠎ᠠ᠃ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠤᠨ ᠵᠠᠰᠠᠭ᠎ᠤᠨ ᠤᠷᠳᠤᠨ ᠳᠠᠷᠤᠢ᠌ᠬᠠᠨ ᠳᠠᠢ᠌ᠸᠠᠨ᠎ᠲᠠᠢ 《ᠭᠠᠳᠠᠭ᠋ᠠᠳᠤ ᠬᠠᠷᠢᠴᠠᠭ᠎ᠠ》᠎ᠪᠠᠨ ᠳᠠᠰᠤᠯᠤᠨ᠂ ᠳᠠᠢ᠌ᠸᠠᠨ᠎ᠲᠠᠢ ᠶᠠᠮᠠᠷᠪᠠ ᠵᠠᠰᠠᠭ᠎ᠤᠨ ᠳᠠᠯ᠎ᠠ ᠵᠢᠨ ᠭᠠᠳᠠᠭ᠋ᠠᠳᠤ ᠬᠠᠷᠢᠴᠠᠭ᠎ᠠ ᠪᠠᠢ᠌ᠭᠤᠯᠬᠤ ᠦᠭᠡᠢ᠂ ᠵᠠᠰᠠᠭ᠎ᠤᠨ ᠳᠠᠯ᠎ᠠ ᠵᠢᠨ ᠬᠠᠷᠢᠯᠴᠠᠭ᠎ᠠ ᠶᠠᠪᠤᠯᠴᠠᠭ᠎ᠠ ᠬᠢᠬᠦ ᠦᠭᠡᠢ᠃ ᠰᠠᠯᠸᠠᠳᠤᠷ ᠵᠢᠨ᠎ᠬᠢᠨ ᠳᠤᠷᠠᠳᠠᠶ᠎ᠡ ᠳᠤᠮᠳᠠᠳᠤ ᠤᠯᠤᠰ᠎ᠲᠠᠢ ᠬᠠᠮᠳᠤᠪᠠᠷ ᠤᠯᠤᠰ ᠳᠦᠷᠦ ᠵᠢᠨ ᠢᠳᠡᠭᠡᠯᠴᠡᠭᠡ᠎ᠪᠠᠨ ᠨᠡᠮᠡᠭᠳᠡᠬᠦᠯᠦᠨ᠂ ᠡᠯ᠎ᠡ ᠳᠠᠪᠬᠤᠷᠭ᠋ᠠᠨ᠎ᠤ ᠬᠠᠷᠢᠯᠴᠠᠭ᠎ᠠ ᠶᠠᠪᠤᠯᠴᠠᠭ᠎ᠠ᠎ᠪᠠᠨ ᠴᠢᠩᠭ᠋ᠠᠳᠬᠠᠵᠤ᠂ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠦᠨ᠂ ᠰᠠᠯᠸᠠᠳᠤᠷ ᠳᠤᠮᠳᠠᠳᠤ ᠵᠢᠨ ᠬᠠᠷᠢᠴᠠᠭ᠋ᠠᠨ᠎ᠤ ᠰᠢᠨ᠎ᠠ ᠴᠠᠭ ᠦᠶ᠎ᠡ ᠵᠢ ᠨᠡᠭᠡᠭᠡᠵᠤ᠂ ᠬᠤᠶᠠᠷ ᠤᠯᠤᠰ᠎ᠤᠨ ᠠᠷᠠᠳ ᠳᠦᠮᠡᠨ᠎ᠳᠤ ᠪᠤᠳᠠᠳᠤ ᠠᠰᠢᠭ ᠬᠦᠷᠳᠡᠭᠡᠨ᠎ᠡ ᠭᠡᠵᠤ ᠢᠯᠡᠷᠭᠡᠢ᠌ᠯᠡᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤ᠌ ᠴᠦᠨ ᠬᠤᠸᠠ ᠤᠷᠤᠰ᠎ᠤᠨ ᠳᠡᠳ᠋ ᠶᠡᠷᠦᠩᠭᠡᠢ ᠰᠠᠢ᠌ᠳ ᠲᠸᠷᠦᠲᠸᠨᠢᠶᠸᠹ᠎ᠲᠠᠢ ᠬᠠᠮᠳᠤᠪᠠᠷ ᠳᠤᠮᠳᠠᠳᠤ ᠵᠢᠨ ᠵᠡᠬᠦᠨ ᠬᠤᠢ᠌ᠳᠤ ᠤᠷᠤᠨ ᠪᠤᠯᠤᠨ ᠤᠷᠤᠰ᠎ᠤᠨ ᠠᠯᠤᠰ ᠳᠤᠷᠤᠨᠠᠳᠤ ᠵᠢᠴᠢ ᠪᠠᠢ᠌ᠭ᠋ᠠᠯ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠬᠠᠮᠳᠤᠷᠠᠯᠴᠠᠭ᠋ᠠᠨ᠎ᠤ ᠵᠦᠪᠯᠡᠯ᠎ᠤᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠤᠷᠠᠯᠳᠤᠭᠤᠯᠵᠠᠢ
ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠤᠯᠤᠨ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ ᠭᠠᠳᠠᠭ᠋ᠠᠳᠤ ᠬᠠᠷᠢᠴᠠᠭ᠎ᠠ ᠪᠠᠢ᠌ᠭᠤᠯᠪᠠ
ᠬᠤ᠌ ᠴᠦᠨ ᠬᠤᠸᠠ 2019 ᠤᠨ᠎ᠤ ᠪᠡᠭᠡᠵᠢᠩ᠎ᠤᠨ ᠳᠡᠯᠡᠭᠡᠢ ᠵᠢᠨ ᠴᠡᠴᠡᠷᠯᠢᠭ᠎ᠤᠨ ᠦᠵᠡᠰᠬᠦᠯᠡᠩ᠎ᠤᠨ ᠴᠤᠭᠯᠠᠭ᠋ᠠᠨ᠎ᠢ ᠵᠤᠬᠢᠶᠠᠨ ᠪᠠᠢ᠌ᠭᠤᠯᠬᠤ ᠵᠦᠪᠯᠡᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠭᠡᠪᠡ
ᠯᠢ ᠺᠸ ᠴᠢᠶᠠᠩ᠄ ᠠᠷᠠᠳ᠎ᠤᠨ ᠪᠡᠯᠡ ᠬᠦᠷᠦᠩᠭᠡ ᠵᠢᠨ ᠰᠲ᠋ᠤᠺ ᠡᠵᠡᠮᠳᠡᠯ᠎ᠢ ᠢᠳᠡᠪᠬᠢᠳᠡᠢ ᠵᠤᠷᠢᠭᠵᠢᠭᠤᠯᠤᠨ᠎ᠠ
ᠢᠨᠳᠦᠨ᠋ᠸᠰᠢᠶ᠎ᠠ ᠵᠢᠨ ᠶᠡᠷᠦᠩᠭᠡᠢ᠌ᠯᠡᠭᠴᠢ ᠽᠦᠸᠸᠺᠸ ᠰᠦᠨ ᠴᠦᠨ ᠯᠠᠨ᠎ᠲᠠᠢ ᠠᠭᠤᠯᠵᠠᠪᠠ
 
            