9 ᠳ᠋ᠤᠭᠡᠷ ᠰᠠᠷ᠎ᠠ ᠵᠢᠨ 18᠎ᠤ ᠠ᠋ᠳᠤᠷ᠂ ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠭᠠᠳᠠᠭ᠋ᠠᠳᠤ ᠠᠷᠠᠯᠵᠢᠶ᠎ᠠ ᠵᠢᠨ ᠨᠡᠮᠡᠭᠳᠡᠯ᠎ᠢ ᠠᠬᠢᠭᠤᠯᠬᠤ ᠪᠠ ᠪᠤᠭᠤᠮᠳᠠ᠎ᠪᠠᠷ ᠦᠩᠭᠡᠷᠡᠬᠦ ᠵᠢ ᠳᠦᠬᠦᠮᠴᠢᠯᠠᠬᠦ ᠠᠷᠭ᠎ᠠ ᠭᠡᠮᠵᠢᠶ᠎ᠠ ᠵᠢ ᠪᠠᠢ᠌ᠷᠢᠯᠠᠭᠤᠯᠤᠭᠰᠠᠨ ᠪᠠ 8 ᠠ᠋ᠳᠤᠷ᠎ᠤᠨ ᠳᠠᠷᠠᠭ᠎ᠠ 9 ᠳ᠋ᠤᠭᠡᠷ ᠰᠠᠷ᠎ᠠ ᠵᠢᠨ 26᠎ᠤ ᠠ᠋ᠳᠤᠷ ᠪᠠᠰᠠ ᠳᠠᠬᠢᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠪᠤᠭᠤᠮᠳᠠ ᠦᠩᠭᠡᠷᠡᠬᠦ ᠵᠢ ᠳᠦᠬᠦᠮᠴᠢᠯᠡᠬᠦ ᠠᠷᠭ᠎ᠠ ᠳᠤᠭᠳᠠᠭ᠋ᠠᠨ᠂ ᠨᠡᠩ ᠳᠡᠭᠡᠳᠤ ᠳᠦᠪᠰᠢᠨ᠎ᠤ ᠭᠠᠳᠠᠭ᠋ᠠᠳᠤ ᠨᠡᠭᠡᠭᠡᠯᠳᠡ ᠵᠢ ᠠᠬᠢᠭᠤᠯᠬᠤ᠎ᠪᠠᠷ ᠳᠤᠭᠳᠠᠭ᠋ᠠᠵᠠᠢ᠃
ᠯᠢ ᠺᠸ ᠴᠢᠶᠠᠩ᠄ 《ᠨᠡᠩ ᠢᠳᠡᠪᠬᠢᠳᠡᠢ ᠰᠠᠨᠠᠭ᠋ᠠᠴᠢᠯᠠᠭ᠎ᠠ᠎ᠲᠠᠢ ᠨᠡᠭᠡᠭᠡᠯᠳᠡ ᠵᠢᠨ ᠳᠦᠷᠦ ᠵᠢᠨ ᠪᠤᠳᠤᠯᠭ᠎ᠠ ᠵᠢ ᠭᠡᠷᠡᠭᠵᠢᠬᠦᠯᠵᠤ᠂ ᠭᠠᠳᠠᠭ᠋ᠠᠳᠤ᠎ᠠᠴᠠ ᠤᠷᠤᠭᠤᠯᠵᠤ ᠭᠠᠳᠠᠭ᠋ᠠᠳᠤ᠎ᠳᠤ ᠭᠠᠷᠭ᠋ᠠᠬᠤ ᠠᠵᠤ ᠠᠬᠤᠢ᠌ᠯᠠᠯ᠎ᠳᠤ ᠨᠡᠩ ᠳᠦᠪ ᠭᠤᠤᠯᠴᠢ ᠰᠠᠢ᠌ᠨ ᠰᠠᠢ᠌ᠬᠠᠨ ᠵᠢᠱ᠌ᠢᠯᠳᠠ ᠵᠢᠨ ᠤᠷᠴᠢᠨ ᠳᠤᠭᠤᠷᠢᠨ᠎ᠢ ᠪᠤᠢ ᠪᠤᠯᠭ᠋ᠠᠬᠤ ᠭᠡᠷᠡᠭᠳᠡᠢ》 ᠭᠡᠵᠤ ᠭᠡᠯᠡᠪᠡ᠃
ᠯᠢ ᠺᠸ ᠴᠢᠶᠠᠩ᠂ ᠮᠠᠨ᠎ᠤ ᠤᠯᠤᠰ ᠪᠤᠯ ᠳᠡᠯᠡᠭᠡᠢ ᠳᠡᠭᠡᠷᠡᠬᠢ ᠭᠠᠳᠠᠭ᠋ᠠᠳᠤ᠎ᠠᠴᠠ ᠤᠷᠤᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶᠠᠨ᠎ᠤ ᠨᠢᠭᠡᠳᠦᠭᠡᠷ ᠳᠤᠮᠤ ᠤᠯᠤᠰ ᠪᠤᠯᠤᠨ᠎ᠠ᠃ ᠭᠠᠳᠠᠭ᠋ᠠᠳᠤ᠎ᠠᠴᠠ ᠤᠷᠤᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶ᠎ᠠ᠎ᠨᠢ ᠤᠯᠤᠰ᠎ᠤᠨ ᠳᠤᠳᠤᠭ᠋ᠠᠳᠤ ᠵᠢᠨ ᠠᠵᠤ ᠦᠢ᠍ᠯᠡᠰ᠎ᠢ ᠳᠡᠰ ᠳᠡᠪᠰᠢᠬᠦᠯᠬᠦ ᠪᠡ ᠰᠠᠭᠤᠭ᠋ᠠᠯᠢ ᠠᠷᠠᠳ᠎ᠤᠨ ᠭᠡᠷᠡᠭᠯᠡᠭᠡ᠎ᠳᠤ ᠴᠦᠮ ᠴᠢᠬᠤᠯᠠ ᠶᠡᠭᠡ ᠠᠴᠢ ᠬᠤᠯᠪᠤᠭᠳᠠᠯ᠎ᠲᠠᠢ ᠶᠤᠮ᠃ ᠭᠡᠬᠦ᠎ᠳᠤ ᠤᠳᠤᠬᠠᠨ᠎ᠤ ᠭᠠᠳᠠᠭ᠋ᠠᠳᠤ᠎ᠠᠴᠠ ᠤᠷᠤᠭᠤᠯᠬᠤ ᠭᠠᠳᠠᠭ᠋ᠠᠳᠤ᠎ᠳᠤ ᠭᠠᠷᠭ᠋ᠠᠬᠤ ᠭᠤᠭᠴᠤᠭ᠋ᠠᠨ᠎ᠤ ᠦᠪᠡᠷ᠎ᠤᠨ ᠦᠷᠳᠡᠭ ᠨᠡᠯᠢᠶᠡᠳ ᠦᠨᠳᠦᠷ᠂ ᠰᠦᠢ᠍ᠳᠭᠡᠯ ᠬᠤᠷᠢᠶᠠᠬᠤ᠎ᠨᠢ ᠢᠯᠡ ᠳᠤᠳᠤ ᠪᠤᠰᠤ ᠲᠤᠯᠨ ᠪᠤᠳᠠᠳᠠᠢ ᠳᠡᠭᠡᠷ᠎ᠡ᠎ᠪᠠᠨ ᠭᠠᠳᠠᠭ᠋ᠠᠳᠤ ᠠᠷᠠᠯᠵᠢᠶᠠᠨ᠎ᠤ ᠬᠦᠭᠵᠢᠯᠳᠡ ᠵᠢ ᠨᠦᠯᠦᠭᠡᠯᠡᠵᠤ ᠪᠠᠢ᠌ᠨ᠎ᠠ ᠭᠡᠵᠤ ᠵᠢᠭ᠋ᠠᠵᠤ ᠭᠠᠷᠭ᠋ᠠᠪᠠ᠃
ᠯᠢ ᠺᠸ ᠴᠢᠶᠠᠩ᠄ 《ᠤᠳᠤᠬᠠᠨ᠎ᠤ ᠪᠠᠢ᠌ᠳᠠᠯ᠎ᠳᠤ ᠠ᠋ᠷᠭᠡᠪᠰᠢ ᠶᠡᠭᠡ ᠬᠦᠴᠦ ᠤᠷᠤᠭᠤᠯᠤᠨ᠂ ᠪᠤᠳᠠᠳᠠᠢ ᠠᠷᠭ᠎ᠠ ᠭᠡᠮᠵᠢᠶ᠎ᠠ ᠠᠪᠴᠤ᠂ ᠭᠠᠳᠠᠭ᠋ᠠᠳᠤ᠎ᠠᠴᠠ ᠤᠷᠤᠭᠤᠯᠬᠤ ᠭᠠᠳᠠᠭ᠋ᠠᠳᠤ᠎ᠳᠤ ᠭᠠᠷᠭ᠋ᠠᠬᠤ ᠭᠤᠭᠴᠤᠭ᠋ᠠᠨ᠎ᠤ ᠰᠦᠢ᠍ᠳᠭᠡᠯ ᠬᠤᠷᠢᠶᠠᠬᠤ ᠵᠢ ᠪᠠᠭᠤᠷᠠᠭᠤᠯᠬᠤ ᠭᠡᠷᠡᠭᠳᠡᠢ》 ᠭᠡᠵᠤ ᠭᠡᠯᠡᠪᠡ᠃
ᠳᠤᠰ ᠠ᠋ᠳᠤᠷ᠎ᠤᠨ ᠬᠤᠷᠠᠯ ᠳᠡᠭᠡᠷ᠎ᠠ᠂ ᠠ᠋ᠨᠡ ᠵᠢᠯ᠎ᠤᠨ 11 ᠳ᠋ᠤᠭᠡᠷ ᠰᠠᠷ᠎ᠠ ᠵᠢᠨ 1᠎ᠤ ᠠ᠋ᠳᠤᠷ᠎ᠠᠴᠠ ᠭᠠᠳᠠᠭ᠋ᠠᠳᠤ᠎ᠠᠴᠠ ᠤᠷᠤᠭᠤᠯᠬᠤ ᠭᠠᠳᠠᠭ᠋ᠠᠳᠤ᠎ᠳᠤ ᠭᠠᠷᠭ᠋ᠠᠬᠤ ᠭᠤᠭᠴᠤᠭ᠋ᠠᠨ᠎ᠤ ᠰᠢᠯᠭ᠋ᠠᠨ ᠪᠠᠢ᠌ᠴᠠᠭ᠋ᠠᠬᠤ ᠴᠢᠬᠤᠯᠠᠳᠠᠢ ᠬᠢᠨᠠᠨ ᠬᠠᠮᠢᠶᠠᠷᠬᠤ ᠦᠨᠡᠮᠯᠡᠯ᠎ᠤᠨ 86 ᠵᠦᠢ᠍ᠯ ᠪᠠᠢ᠌ᠭᠰᠠᠨ᠎ᠢ 48 ᠵᠦᠢ᠍ᠯ ᠪᠤᠯᠭ᠋ᠠᠨ ᠬᠠᠰᠤᠨ᠎ᠠ᠃ ᠵᠤᠬᠢᠰ ᠦᠭᠡᠢ ᠰᠦᠢ᠍ᠳᠭᠡᠯ ᠬᠤᠷᠢᠶᠠᠬᠤ ᠵᠢ ᠴᠡᠪᠡᠷᠯᠡᠵᠤ᠂ ᠡᠯ᠎ᠡ ᠭᠠᠵᠠᠷ᠎ᠤᠨ᠎ᠬᠢᠨ ᠳᠤᠬᠠᠢ ᠵᠢᠨ ᠭᠠᠵᠠᠷ᠎ᠤᠨ ᠪᠤᠭᠤᠮᠳᠠ ᠵᠢᠨ ᠰᠦᠢ᠍ᠳᠭᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠ᠎ᠪᠠᠨ 10 ᠳ᠋ᠤᠭ᠋ᠠᠷ ᠰᠠᠷ᠎ᠠ ᠵᠢᠨ ᠰᠡᠬᠦᠯᠴᠢ᠎ᠠᠴᠠ ᠠ᠋ᠮᠤᠨ᠎ᠡ ᠵᠠᠷᠯᠠᠨ ᠨᠡᠢ᠌ᠳᠡᠯᠡᠵᠤ᠂ ᠨᠠᠷᠢᠨ ᠳᠠᠩᠰᠠᠨ᠎ᠠᠴᠠ ᠭᠠᠳᠠᠨ᠎ᠠ ᠤᠨᠳᠤᠤ ᠰᠦᠢ᠍ᠳᠭᠡᠯ ᠬᠤᠷᠢᠶᠠᠵᠤ ᠪᠤᠯᠬᠤ ᠦᠭᠡᠢ ᠭᠡᠵᠤ ᠳᠤᠭᠳᠠᠭ᠋ᠠᠵᠠᠢ᠃
ᠯᠢ ᠺᠸ ᠴᠢᠶᠠᠩ᠎ᠠᠴᠠ ᠵᠤᠬᠢᠰ ᠦᠭᠡᠢ ᠰᠦᠢ᠍ᠳᠭᠡᠯ ᠬᠤᠷᠢᠶᠠᠬᠤ ᠵᠢ ᠬᠦᠴᠦ ᠳᠠᠯᠪᠢᠨ ᠴᠡᠪᠡᠷᠯᠡᠬᠦ ᠵᠢᠨ ᠬᠠᠮᠳᠤ ᠵᠦᠢ ᠶᠤᠰᠤᠨ᠎ᠤ ᠰᠦᠢ᠍ᠳᠭᠡᠯ ᠬᠤᠷᠢᠶᠠᠬᠤ ᠵᠢ ᠦᠨᠡᠨᠬᠦ ᠭᠡᠷᠡᠭᠵᠢᠬᠦᠯᠬᠦ ᠭᠡᠷᠡᠭᠳᠡᠢ ᠭᠡᠵᠤ ᠱᠠᠭ᠋ᠠᠷᠳᠠᠭᠰᠠᠨ ᠪᠦᠭᠡᠳ ᠪᠠᠰᠠ᠄ 《ᠠ᠋ᠨᠡᠬᠦ ᠠᠵᠢᠯ᠎ᠳᠤ ᠠ᠋ᠷᠭᠡᠪᠰᠢ ᠪᠤᠳᠠᠳᠠᠢ ᠬᠠᠷᠠᠯᠳᠠ ᠳᠤᠭᠳᠠᠭ᠋ᠠᠬᠤ ᠭᠡᠷᠡᠭᠳᠡᠢ》᠃ 《ᠵᠢᠯ᠎ᠤᠨ ᠳᠤᠳᠤᠷ᠎ᠠ ᠴᠢᠩᠭᠡᠯᠢᠭ᠎ᠤᠨ ᠭᠠᠳᠠᠠᠭᠳᠤᠠᠴᠠ ᠤᠷᠤᠭᠤᠯᠬᠤ ᠭᠠᠳᠠᠭ᠋ᠠᠳᠤ᠎ᠳᠤ ᠭᠠᠷᠭ᠋ᠠᠬᠤ ᠭᠤᠭᠴᠤᠭ᠋ᠠᠨ᠎ᠤ ᠵᠦᠢ ᠶᠤᠰᠤᠨ᠎ᠤ ᠦᠪᠡᠷ᠎ᠤᠨ ᠦᠷᠳᠡᠭ᠎ᠢ ᠨᠢᠳᠤᠨᠤᠨ ᠵᠢᠯ᠎ᠤᠨ ᠡᠴᠤᠰ᠎ᠠᠴᠠ 100 ᠳ᠋ᠤᠯᠯᠠᠷ ᠪᠠᠭᠤᠷᠠᠭᠤᠯᠵᠤ᠂ ᠳᠠᠯᠠᠢ ᠳᠠᠭ᠋ᠠᠤ ᠶᠡᠭᠡ ᠭᠠᠷᠠᠮ᠎ᠤᠨ᠎ᠬᠢᠨ ᠨᠡᠩ ᠢᠯᠡᠭᠦᠤ ᠪᠠᠭᠤᠷᠠᠭᠤᠯᠬᠤ ᠭᠡᠷᠡᠭᠳᠡᠢ》 ᠭᠡᠵᠤ ᠭᠡᠯᠡᠪᠡ᠃
ᠳᠡᠷᠡ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠬᠦᠴᠦ ᠬᠠᠮᠳᠤᠷᠠᠨ ᠵᠤᠬᠢᠴᠠᠭᠤᠯᠵᠤ᠂ ᠬᠠᠮᠳᠤᠷᠠᠨ ᠬᠢᠨᠠᠨ ᠬᠠᠮᠢᠶᠠᠷᠬᠤ ᠭᠡᠷᠡᠭᠳᠡᠢ᠃ ᠵᠠᠬ᠎ᠠ ᠳᠡᠯᠭᠡᠬᠦᠷ᠎ᠤᠨ ᠵᠢᠮ᠎ᠠ ᠬᠠᠤᠯᠢ ᠵᠢ ᠵᠢᠷᠤᠮᠯᠠᠬᠤ ᠵᠢᠨ ᠤᠷᠢᠳᠠᠯ ᠳᠣᠣᠷ᠎ᠠ ᠰᠦᠢ᠍ᠳᠭᠡᠯ᠎ᠢ ᠴᠡᠪᠡᠷᠯᠡᠵᠤ᠂ ᠭᠠᠳᠠᠭ᠋ᠠᠳᠤ᠎ᠠᠴᠠ ᠤᠷᠤᠭᠤᠯᠬᠤ ᠭᠠᠳᠠᠭ᠋ᠠᠳᠤ᠎ᠳᠤ ᠭᠠᠷᠭ᠋ᠠᠬᠤ ᠠᠵᠤ ᠠᠬᠤᠢ᠌ᠯᠠᠯ᠎ᠤᠨ ᠳᠠᠷᠤᠭ᠋ᠠᠰᠤ ᠵᠢ ᠦᠨᠡᠨᠬᠦ ᠬᠦᠩᠭᠡᠷᠡᠬᠦᠯᠬᠦ ᠭᠡᠷᠡᠭᠳᠡᠢ ᠭᠡᠵᠤ ᠱᠠᠭ᠋ᠠᠷᠳᠠᠪᠠ᠃
ᠳᠤᠰ ᠠ᠋ᠳᠤᠷ᠎ᠤᠨ ᠬᠤᠷᠠᠯ ᠳᠡᠭᠡᠷ᠎ᠡ ᠪᠠᠰᠠ ᠠ᠋ᠨᠡ ᠵᠢᠯ᠎ᠤᠨ 11 ᠳ᠋ᠤᠭᠡᠷ ᠰᠠᠷ᠎ᠠ ᠵᠢᠨ 1᠎ᠤ ᠠ᠋ᠳᠤᠷ᠎ᠠᠴᠠ ᠠ᠋ᠬᠢᠯᠡᠵᠤ 1585 ᠵᠦᠢ᠍ᠯ᠎ᠤᠨ ᠭᠠᠢ᠌ᠯᠢ ᠵᠢᠨ ᠭᠠᠷᠴᠠᠭ᠎ᠲᠠᠬᠢ ᠠᠵᠤ ᠦᠢ᠍ᠯᠡᠳᠪᠤᠷᠢ ᠵᠢᠨ ᠦᠢ᠍ᠯᠡᠳᠬᠦᠨ ᠵᠡᠷᠭᠡ ᠳᠠᠸᠠᠷ᠎ᠤᠨ ᠭᠠᠳᠠᠭ᠋ᠠᠳᠤ᠎ᠠᠴᠠ ᠤᠷᠤᠭᠤᠯᠬᠤ ᠪᠤᠭᠤᠮᠳᠠ ᠵᠢᠨ ᠭᠠᠢ᠌ᠯᠢ ᠵᠢ ᠪᠠᠭᠤᠷᠠᠭᠤᠯᠬᠤ᠎ᠪᠠᠷ ᠳᠤᠭᠳᠠᠭ᠋ᠠᠵᠠᠢ᠃ ᠢᠩᠬᠢᠭᠰᠡᠨ ᠵᠶ᠋ᠡᠷ ᠠ᠋ᠨᠡ ᠵᠢᠯ᠎ᠠᠴᠠ ᠳᠤᠭᠳᠠᠭ᠋ᠠᠨ ᠭᠡᠷᠡᠭᠵᠢᠬᠦᠯᠦᠭᠰᠡᠨ ᠪᠤᠭᠤᠮᠳᠠ ᠵᠢᠨ ᠭᠠᠢ᠌ᠯᠢ ᠵᠢ ᠪᠠᠭᠤᠷᠠᠭᠤᠯᠬᠤ ᠠᠷᠭ᠎ᠠ ᠭᠡᠮᠵᠢᠶ᠎ᠡ᠎ᠨᠢ ᠠᠵᠤ ᠠᠬᠤᠢ᠌ᠯᠠᠯ ᠪᠤᠯᠤᠨ ᠭᠡᠷᠡᠭᠯᠡᠭᠴᠢᠳ᠎ᠤᠨ ᠭᠠᠢ᠌ᠯᠢ ᠵᠢ ᠪᠠᠷᠤᠭ 600 ᠳ᠋ᠦᠩᠰᠢᠭᠤᠷ ᠳᠦᠬᠦᠷᠢᠭ ᠪᠠᠭᠤᠷᠠᠭᠤᠯᠬᠤ ᠪᠤᠯᠤᠨ᠎ᠠ᠃ ᠮᠠᠨ᠎ᠤ ᠤᠯᠤᠰ᠎ᠤᠨ ᠪᠤᠭᠤᠮᠳᠠ ᠵᠢᠨ ᠭᠠᠢ᠌ᠯᠢ ᠵᠢᠨ ᠭᠡᠮᠵᠢᠶ᠎ᠡ ᠳᠡᠭᠡᠷ᠎ᠡ ᠵᠢᠯ᠎ᠤᠨ 9.8% ᠪᠠᠢ᠌ᠭᠰᠠᠨ᠎ᠠᠴᠠ 7.5% ᠪᠤᠯᠵᠤ ᠪᠠᠭᠤᠷᠠᠬᠤ ᠪᠤᠯᠤᠨ᠎ᠠ᠃
ᠯᠢ ᠺᠸ ᠴᠢᠶᠠᠩ᠂ ᠠᠵᠤ ᠦᠢ᠍ᠯᠡᠰ᠎ᠤᠨ ᠳᠡᠰ ᠳᠡᠪᠰᠢᠬᠦ᠂ ᠠᠵᠤ ᠠᠬᠤᠢ᠌ᠯᠠᠯ᠎ᠤᠨ ᠦᠪᠡᠷ᠎ᠤᠨ ᠦᠷᠳᠡᠭ᠎ᠢ ᠪᠠᠭᠤᠷᠠᠭᠤᠯᠬᠤ᠎ᠳᠤ ᠠᠰᠢᠭᠲᠠᠢ ᠮᠦᠷᠳᠡᠭᠡᠨ ᠤᠯᠤᠰ᠎ᠤᠨ ᠳᠤᠳᠤᠭ᠋ᠠᠳᠤ ᠵᠢᠨ ᠭᠡᠷᠡᠭᠯᠡᠭᠡᠨ᠎ᠤ ᠵᠦᠢ᠍ᠯ᠎ᠤᠨ ᠦᠨ᠎ᠠ ᠬᠠᠩᠰᠢ ᠵᠢ ᠪᠠᠭᠤᠷᠠᠭᠤᠯᠬᠤ᠎ᠳᠤ ᠠᠰᠢᠭᠲᠠᠢ ᠪᠠᠢ᠌ᠵᠤ᠂ ᠤᠯᠠᠨ ᠳᠦᠮᠠᠨᠤ ᠤᠯᠠᠨ ᠳᠠᠪᠬᠤᠷᠭ᠎ᠠ ᠵᠢᠨ ᠭᠡᠷᠡᠭᠴᠡᠭᠡ᠎ᠳᠤ ᠵᠤᠬᠢᠴᠠᠭᠤᠯᠬᠤ ᠭᠡᠷᠡᠭᠳᠡᠢ᠃ ᠡᠯ᠎ᠡ ᠵᠦᠢ᠍ᠯ᠎ᠤᠨ ᠳᠦᠷᠦ ᠵᠢᠨ ᠪᠤᠳᠤᠯᠭ᠎ᠠ ᠵᠢ ᠦᠨᠡᠨᠬᠦ ᠨᠠᠢ᠌ᠳᠠᠪᠤᠷᠢᠵᠢᠭᠤᠯᠵᠤ᠂ ᠠᠷᠠᠳ ᠤᠯᠠᠨ᠎ᠳᠤ ᠪᠣᠳᠠᠳᠠᠢ ᠠᠰᠢᠭ ᠬᠦᠷᠳᠡᠭᠡᠬᠦ ᠭᠡᠷᠡᠭᠳᠡᠢ ᠭᠡᠵᠤ ᠭᠡᠯᠡᠪᠡ᠃
