ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ᠄ ᠵᠠᠬ᠎ᠠ ᠳᠡᠯᠭᠡᠬᠦᠷ᠎ᠲᠤ ᠳᠤᠰᠢᠶᠠᠬᠤ ᠵᠢ᠎ᠨᠢ ᠪᠦᠷᠢᠮᠦᠰᠤᠨ ᠳᠤᠰᠢᠶᠠᠨ ᠦᠭᠴᠤ ᠵᠠᠰᠠᠭ᠎ᠤᠨ ᠤᠷᠳᠤᠨ ᠬᠠᠮᠢᠶᠠᠷᠬᠤ ᠵᠢ᠎ᠨᠢ ᠰᠠᠢ᠌ᠳᠤᠷ ᠬᠠᠮᠢᠶᠠᠷᠬᠤ ᠭᠡᠷᠡᠭᠳᠡᠢ ᠭᠡᠪᠡ
ᠨᠡᠶᠢᠲᠡᠯᠡᠭᠰᠡᠨ ᠴᠠᠭ᠄ 2018-11-27

               
      ᠯᠢ ᠺᠸ ᠴᠢᠶᠠᠩ 9 ᠳ᠋ᠤᠭᠡᠷ ᠰᠠᠷ᠎ᠠ ᠵᠢᠨ 13᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠱᠠᠩᠬᠠᠢ ᠵᠢᠨ ᠴᠢᠯᠦᠭᠡᠳᠤ ᠠᠷᠠᠯᠵᠢᠶᠠᠨ᠎ᠤ ᠳᠤᠭᠤᠷᠢᠭ ᠵᠡᠷᠭᠡ ᠭᠠᠵᠠᠷ᠎ᠲᠤ ᠳᠤᠷᠰᠢᠨ ᠭᠡᠷᠡᠭᠵᠢᠬᠦᠯᠦᠭᠰᠡᠨ 《ᠦᠨᠡᠮᠯᠡᠯ ᠭᠡᠷᠡᠴᠢ ᠵᠢ ᠰᠠᠯᠭ᠋ᠠᠬᠤ》 ᠦᠭᠡᠷᠡᠴᠢᠯᠡᠯᠳᠡ ᠵᠢ ᠪᠦᠬᠦ ᠤᠯᠤᠰ᠎ᠲᠤ ᠠ᠋ᠮᠬᠢ ᠳᠢᠭᠯᠢᠮ᠎ᠲᠠᠢ ᠦᠷᠨᠢᠬᠦᠯᠬᠦ ᠵᠢ ᠪᠠᠢ᠌ᠷᠢᠯᠠᠭᠤᠯᠵᠠᠢ᠃
      ᠯᠢ ᠺᠸ ᠴᠢᠶᠠᠩ᠄ 《〈ᠦᠨᠡᠮᠯᠡᠯ ᠭᠡᠷᠡᠴᠢ ᠵᠢ ᠰᠠᠯᠭ᠋ᠠᠬᠤ〉 ᠦᠭᠡᠷᠡᠴᠢᠯᠡᠯᠳᠡ᠎ᠨᠢ ᠨᠢᠭᠡ ᠳᠠᠯ᠎ᠠ᠎ᠪᠠᠷ ᠵᠠᠬ᠎ᠠ ᠳᠡᠯᠭᠡᠬᠦᠷ᠎ᠲᠤ ᠤᠷᠤᠬᠤ ᠵᠦᠪᠰᠢᠶᠡᠷᠡᠯ᠎ᠢ ᠠᠭᠤᠵᠢᠮ ᠳᠠᠯᠪᠢᠵᠤ᠂ ᠨᠦᠬᠦᠭᠡ ᠳᠠᠯ᠎ᠠ᠎ᠪᠠᠷ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠋ᠠᠬᠢ ᠳᠦᠪ ᠭᠤᠤᠯᠴᠢ ᠬᠢᠨᠠᠨ ᠬᠠᠮᠢᠶᠠᠷᠤᠯᠳᠠ ᠵᠢ ᠴᠢᠩᠭ᠋ᠠᠳᠬᠠᠨ᠂ ᠵᠠᠬ᠎ᠠ ᠳᠡᠯᠭᠡᠬᠦᠷ᠎ᠲᠤ ᠳᠤᠰᠢᠶᠠᠨ ᠦᠭᠬᠦ ᠵᠢ᠎ᠨᠢ ᠪᠦᠷᠢᠮᠦᠰᠤᠨ ᠳᠤᠰᠢᠶᠠᠨ ᠦᠭᠴᠤ᠂ ᠵᠠᠰᠠᠭ᠎ᠤᠨ ᠤᠷᠳᠤᠨ ᠬᠠᠮᠢᠶᠠᠷᠬᠤ ᠵᠢ᠎ᠨᠢ ᠰᠠᠢ᠌ᠳᠤᠷ ᠬᠠᠮᠢᠶᠠᠷᠬᠤ ᠪᠤᠯᠤᠨ᠎ᠠ》 ᠭᠡᠵᠤ ᠭᠡᠯᠡᠪᠡ᠃
     《ᠦᠨᠡᠮᠯᠡᠯ ᠭᠡᠷᠡᠴᠢ ᠵᠢ ᠰᠠᠯᠭ᠋ᠠᠬᠤ》 ᠦᠭᠡᠷᠡᠴᠢᠯᠡᠯᠳᠡ᠎ᠳᠠᠬᠢ 《ᠦᠨᠡᠮᠯᠡᠯ》 ᠪᠤᠯᠤᠨ 《ᠭᠡᠷᠡᠴᠢ》 ᠭᠡᠳᠡᠭ᠎ᠨᠢ 《ᠡᠵᠡᠩᠨᠡᠯᠳᠡ ᠵᠢᠨ ᠵᠦᠪᠰᠢᠶᠡᠷᠡᠯ᠎ᠤᠨ ᠦᠨᠡᠮᠯᠡᠯ》 ᠪᠤᠯᠤᠨ 《ᠡᠵᠡᠩᠨᠡᠯᠳᠡ ᠵᠢᠨ ᠭᠡᠷᠡᠴᠢ》 ᠪᠠᠢ᠌ᠵᠤ᠂ ᠠ᠋ᠨᠡ᠎ᠨᠢ ᠠᠵᠤ ᠠᠬᠤᠢ᠌ᠯᠠᠯ᠎ᠤᠨ ᠭᠡᠪ᠎ᠤᠨ ᠡᠵᠡᠩᠨᠡᠯᠳᠡ ᠵᠢᠨ 《ᠬᠤᠶᠠᠷ ᠳᠦᠯᠬᠢᠬᠦᠷ》 ᠪᠤᠯᠬᠤ ᠶᠤᠮ᠃ 2014 ᠤᠨ᠎ᠠᠴᠠ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠦᠭᠡᠷᠡᠴᠢᠯᠡᠯᠳᠡ ᠬᠢᠵᠤ᠂ ᠵᠠᠬ᠎ᠠ ᠳᠡᠯᠭᠡᠬᠦᠷ᠎ᠲᠤ ᠤᠷᠤᠬᠤ ᠵᠢ ᠵᠦᠪᠰᠢᠶᠡᠷᠡᠬᠦ᠎ᠳᠤ᠎ᠪᠠᠨ ᠤᠷᠢᠳᠠᠪᠠᠷ ᠦᠨᠡᠮᠯᠡᠯ ᠤᠯᠭᠤᠨ ᠳᠠᠷᠠᠭ᠎ᠠ᠎ᠪᠠᠷ ᠭᠡᠷᠡᠴᠢ ᠤᠯᠭᠤᠬᠤ》 ᠵᠢ ᠭᠡᠷᠡᠭᠵᠢᠬᠦᠯᠵᠡᠢ᠃ ᠭᠡᠬᠦ᠎ᠳᠤ ᠪᠠᠰᠠ ᠨᠡᠯᠢᠶᠡᠳ ᠳᠤᠭ᠋ᠠᠨ᠎ᠤ ᠠᠵᠤ ᠠᠬᠤᠢ᠌ᠯᠠᠯ 《ᠡᠵᠡᠩᠨᠡᠯᠳᠡ ᠵᠢᠨ ᠭᠡᠷᠡᠴᠢ》᠎ᠲᠠᠢ ᠪᠤᠯᠤᠭᠰᠠᠨ ᠴᠤ᠌ ᠵᠤᠬᠢᠴᠠᠭᠰᠠᠨ ᠦᠨᠡᠮᠯᠡᠯ ᠦᠭᠡᠢ ᠳᠤᠯᠠ ᠡᠵᠡᠩᠨᠡᠯᠳᠡ ᠬᠢᠬᠦ᠎ᠳᠤ ᠬᠦᠴᠢᠷᠳᠡᠢ ᠭᠡᠵᠤ ᠳᠤᠰᠬᠠᠵᠤ ᠪᠠᠢ᠌ᠨ᠎ᠠ᠃
     2015 ᠤᠨ᠎ᠤ ᠰᠡᠬᠦᠯᠴᠢ᠎ᠪᠠᠷ ᠳᠦᠷᠦ ᠵᠢᠨ ᠶᠠᠪᠤᠳᠠᠯ᠎ᠤᠨ ᠬᠤᠷᠢᠶ᠎ᠠ ᠱᠠᠩᠬᠠᠢ ᠵᠢᠨ ᠫᠦᠳᠦᠢ᠍ᠩ ᠰᠢᠨ᠎ᠠ ᠳᠤᠭᠤᠷᠢᠭ ᠳᠦᠷᠦᠬᠦᠯᠡᠨ 116 ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ᠎ᠳᠤ᠎ᠪᠠᠨ 《ᠦᠨᠡᠮᠯᠡᠯ ᠭᠡᠷᠡᠴᠢ ᠵᠢ ᠰᠠᠯᠭ᠋ᠠᠬᠤ》 ᠦᠭᠡᠷᠡᠴᠢᠯᠡᠯᠳᠡ ᠵᠢᠨ ᠳᠤᠷᠰᠢᠯᠳᠠ ᠬᠢᠬᠦ ᠵᠢ ᠵᠦᠪᠰᠢᠶᠡᠷᠡᠨ ᠴᠤᠬᠤᠯᠠᠪᠤᠷᠢᠯᠠᠵᠤ᠂ 《ᠦᠨᠡᠮᠯᠡᠯ ᠭᠡᠷᠡᠴᠢ ᠵᠢ ᠰᠠᠯᠭ᠋ᠠᠬᠤ》 ᠦᠭᠡᠷᠡᠴᠢᠯᠡᠯᠳᠡ ᠵᠢ ᠠ᠋ᠬᠢᠯᠡᠬᠦᠯᠪᠡ᠃ 9 ᠳ᠋ᠤᠭᠡᠷ ᠰᠠᠷ᠎ᠠ ᠵᠢᠨ 12᠎ᠤᠨ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠢᠶ᠎ᠠ᠎ᠠᠴᠠ ᠳᠤᠭᠳᠠᠭ᠋ᠠᠯ ᠳᠤᠭᠳᠠᠭ᠋ᠠᠵᠤ᠂ ᠱᠠᠩᠬᠠᠢ ᠵᠢᠨ ᠴᠢᠯᠦᠭᠡᠳᠤ ᠠᠷᠠᠯᠵᠢᠶᠠᠨ᠎ᠤ ᠳᠤᠭᠤᠷᠢᠭ ᠵᠡᠷᠭᠡ ᠭᠠᠵᠠᠷ᠎ᠲᠤ ᠳᠤᠷᠰᠢᠨ ᠭᠡᠷᠡᠭᠵᠢᠬᠦᠯᠦᠭᠰᠡᠨ 《ᠦᠨᠡᠮᠯᠡᠯ ᠭᠡᠷᠡᠴᠢ ᠵᠢ ᠰᠠᠯᠭ᠋ᠠᠬᠤ》 ᠦᠭᠡᠷᠡᠴᠢᠯᠡᠯᠳᠡ ᠵᠢ ᠪᠦᠬᠦ ᠤᠯᠤᠰ᠎ᠲᠤ ᠠ᠋ᠮᠬᠢ ᠳᠢᠭᠯᠢᠮ᠎ᠲᠠᠢ ᠦᠷᠨᠢᠬᠦᠯᠦᠨ᠂ 《ᠵᠠᠬ᠎ᠠ ᠳᠡᠯᠭᠡᠬᠦᠷ᠎ᠲᠤ ᠤᠷᠤᠬᠤ ᠵᠢ ᠵᠦᠪᠰᠢᠶᠡᠷᠡᠭᠡᠳ ᠡᠵᠡᠩᠨᠡᠯᠳᠡ ᠬᠢᠬᠦ᠎ᠳᠤ ᠬᠦᠴᠢᠷ᠎ᠲᠠᠢ》 ᠠᠰᠠᠭᠤᠳᠠᠯ᠎ᠢ ᠰᠢᠢ᠍ᠳᠪᠤᠷᠢᠯᠡᠬᠦ᠎ᠪᠠᠷ ᠪᠤᠯᠵᠠᠢ᠃
      ᠯᠢ ᠺᠸ ᠴᠢᠶᠠᠩ᠂ ᠱᠠᠩᠬᠠᠢ ᠵᠢᠨ ᠴᠢᠯᠦᠭᠡᠳᠤ ᠠᠷᠠᠯᠵᠢᠶᠠᠨ᠎ᠤ ᠳᠤᠭᠤᠷᠢᠭ ᠵᠡᠷᠭᠡ ᠭᠠᠵᠠᠷ᠎ᠲᠤ ᠳᠤᠷᠰᠢᠨ ᠭᠡᠷᠡᠭᠵᠢᠬᠦᠯᠦᠭᠰᠡᠨ 《ᠦᠨᠡᠮᠯᠡᠯ ᠭᠡᠷᠡᠴᠢ ᠵᠢ ᠰᠠᠯᠭ᠋ᠠᠬᠤ》 ᠦᠭᠡᠷᠡᠴᠢᠯᠡᠯᠳᠡ᠎ᠨᠢ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠬᠦᠯᠬᠦ᠂ ᠠᠵᠢᠯ ᠤᠯᠭᠤᠬᠤ ᠵᠢ ᠦᠷᠭᠡᠳᠭᠡᠬᠦ᠎ᠳᠤ ᠴᠢᠬᠤᠯᠠ ᠦᠢ᠍ᠯᠡᠳᠤᠯ ᠦᠵᠡᠬᠦᠯᠦᠭᠰᠡᠨ᠎ᠢ ᠦᠢ᠍ᠯᠡᠳᠦᠯᠭᠡ ᠭᠡᠷᠡᠴᠢᠯᠠᠪᠠ᠃ ᠦᠨᠡᠮᠯᠡᠯ ᠭᠡᠷᠡᠴᠢ ᠵᠢ ᠰᠠᠯᠭ᠋ᠠᠬᠤ ᠦᠭᠡᠷᠡᠴᠢᠯᠡᠯᠳᠡ ᠵᠢ ᠠ᠋ᠮᠬᠢ ᠳᠢᠭᠯᠢᠮ᠎ᠲᠠᠢ᠎ᠪᠠᠷ ᠠᠬᠢᠭᠤᠯᠬᠤ᠎ᠨᠢ ᠠᠵᠤ ᠠᠬᠤᠢ᠌ᠯᠠᠯ ᠪᠤᠯᠤᠨ ᠨᠡᠢ᠌ᠭᠡᠮ᠎ᠤᠨ ᠭᠡᠷᠡᠭᠴᠡᠭᠡ᠎ᠳᠤ ᠨᠡᠢ᠌ᠴᠠᠵᠤ᠂ ᠮᠦᠨᠴᠤ ᠮᠠᠨ᠎ᠤ ᠤᠯᠤᠰ᠎ᠤᠨ ᠵᠠᠬ᠎ᠠ ᠳᠡᠯᠭᠡᠬᠦᠷ᠎ᠤᠨ ᠠᠵᠤ ᠠᠬᠤᠢ ᠵᠢᠨ ᠦᠭᠡᠷᠡᠴᠢᠯᠡᠯᠳᠡ ᠵᠢᠨ ᠠ᠋ᠷᠭᠡᠪᠰᠢ ᠰᠢᠢ᠍ᠳᠪᠤᠷᠢᠯᠡᠬᠦ ᠴᠢᠬᠤᠯᠠ᠎ᠲᠠᠢ ᠬᠦᠴᠢᠷ ᠠᠰᠠᠭᠤᠳᠠᠯ ᠪᠤᠯᠬᠤ ᠶᠤᠮ ᠭᠡᠵᠤ ᠭᠡᠯᠡᠪᠡ᠃
      ᠶᠡᠷᠦᠩᠭᠡᠢ ᠰᠠᠢ᠌ᠳ ᠯᠢ ᠺᠸ ᠴᠢᠶᠠᠩ᠄ 《ᠤᠳᠤᠬᠠᠨ᠎ᠳᠤ ᠵᠠᠰᠠᠭ᠎ᠤᠨ ᠤᠷᠳᠤᠨ᠎ᠤ ᠬᠠᠮᠢᠶᠠᠷᠤᠯᠳᠠ᠎ᠨᠢ ᠮᠦᠨ 〈ᠵᠠᠬ᠎ᠠ ᠳᠡᠯᠭᠡᠬᠦᠷ᠎ᠲᠤ ᠤᠷᠤᠬᠤ ᠵᠢ ᠴᠢᠩᠭ᠎ᠠ ᠬᠠᠮᠢᠶᠠᠷᠤᠨ᠂ ᠡᠵᠡᠩᠨᠡᠯᠳᠡ ᠬᠢᠬᠦ ᠵᠢ ᠳᠡᠮᠡᠢ ᠬᠠᠮᠢᠶᠠᠷᠬᠤ ᠦᠭᠡᠢ》 ᠪᠠᠢ᠌ᠬᠤ ᠪᠠᠢ᠌ᠳᠠᠯ᠎ᠲᠠᠢ᠂ ᠨᠢᠭᠡ ᠳᠠᠯ᠎ᠠ᠎ᠪᠠᠷ 〈ᠵᠠᠬ᠎ᠠ ᠳᠡᠯᠭᠡᠬᠦᠷ᠎ᠲᠤ ᠤᠷᠤᠬᠤ ᠵᠢ ᠵᠦᠪᠰᠢᠶᠡᠷᠡᠬᠦ᠎ᠳᠤ ᠠᠷᠪᠢᠨ ᠱᠠᠭ᠋ᠠᠷᠳᠠᠯᠭ᠎ᠠ〉 ᠳᠤᠷᠠᠳᠤᠨ᠂ ᠨᠦᠬᠦᠭᠡ ᠳᠠᠯ᠎ᠠ᠎ᠪᠠᠷ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠋ᠠᠴᠢ ᠵᠢᠨ ᠬᠠᠮᠢᠶᠠᠷᠤᠯᠳᠠ ᠳᠤᠲᠠᠮᠠᠭ ᠪᠣᠯᠬᠣᠷ ᠠ᠋ᠷᠭᠡ ᠳᠡᠭᠰᠢ᠎ᠪᠠᠷ ᠦᠷᠢᠰᠦᠯᠳᠦᠬᠦ ᠵᠠᠬ᠎ᠠ ᠳᠡᠯᠭᠡᠬᠦᠷ᠎ᠤᠨ ᠤᠷᠴᠢᠨ ᠳᠤᠭᠤᠷᠢᠨ᠎ᠢ ᠤᠯᠠᠮ ᠵᠶ᠋ᠡᠷ ᠳᠡᠬᠦᠯᠳᠡᠷᠵᠢᠬᠦᠯᠬᠦ ᠴᠢᠬᠤᠯᠠ᠎ᠲᠠᠢ ᠪᠠᠢ᠌ᠨ᠎ᠠ ᠭᠡᠵᠤ ᠭᠡᠯᠡᠪᠡ᠃
      ᠯᠢ ᠺᠸ ᠴᠢᠶᠠᠩ᠄ 《〈ᠦᠨᠡᠮᠯᠡᠯ ᠭᠡᠷᠡᠴᠢ ᠵᠢ ᠰᠠᠯᠭ᠋ᠠᠬᠤ〉 ᠦᠭᠡᠷᠡᠴᠢᠯᠡᠯᠳᠡ᠎ᠨᠢ ᠦᠨᠡᠨ᠎ᠳᠤ᠎ᠪᠠᠨ ᠵᠠᠰᠠᠭ᠎ᠤᠨ ᠤᠷᠳᠤᠨ᠎ᠤ ᠴᠢᠳᠠᠪᠤᠷᠢ ᠵᠢ ᠬᠤᠪᠢᠷᠠᠭᠤᠯᠵᠤ᠂ ᠦᠩᠭᠡᠷᠡᠭᠰᠡᠨ᠎ᠤ ᠳᠡᠷᠡᠬᠦ ᠬᠢᠨᠠᠨ ᠵᠦᠪᠰᠢᠶᠡᠷᠡᠬᠦ ᠵᠢ ᠴᠢᠬᠤᠯᠠᠴᠢᠯᠠᠳᠠᠭ ᠪᠠᠢ᠌ᠭᠰᠠᠨ᠎ᠢ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠋ᠠᠬᠢ ᠬᠠᠮᠢᠶᠠᠷᠤᠯᠳᠠ ᠵᠢ ᠴᠢᠬᠤᠯᠠᠴᠢᠯᠠᠬᠤ ᠪᠤᠯᠭ᠋ᠠᠨ ᠬᠤᠪᠢᠷᠠᠭᠤᠯᠬᠤ ᠪᠤᠯᠤᠨ᠎ᠠ᠃ ᠠ᠋ᠨᠡ᠎ᠨᠢ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠦᠨ᠂ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠵᠤ᠂ ᠬᠦᠭᠵᠢᠯᠳᠡ ᠵᠢᠨ ᠬᠦᠴᠦᠨ᠎ᠢ ᠨᠡᠮᠡᠭᠳᠡᠬᠦᠯᠬᠦ᠎ᠳᠤ ᠠᠰᠢᠭ᠎ᠲᠠᠢ ᠶᠤᠮ》 ᠭᠡᠵᠤ ᠭᠡᠯᠡᠪᠡ᠃
      ᠯᠢ ᠺᠸ ᠴᠢᠶᠠᠩ᠂ 《ᠠᠮᠠᠯᠠᠯᠲᠠ᠎ᠪᠠᠷ ᠰᠢᠭᠤᠳ ᠵᠦᠪᠰᠢᠶᠡᠷᠡᠬᠦ ᠳᠦᠷᠢᠮ》 ᠪᠠ 《ᠵᠠᠬ᠎ᠠ ᠳᠡᠯᠭᠡᠬᠦᠷ᠎ᠲᠤ ᠤᠷᠤᠬᠤ ᠵᠢ ᠵᠦᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠬᠦᠯᠬᠦ》 ᠭᠡᠳᠡᠭ᠎ᠨᠢ ᠡᠵᠡᠩᠨᠡᠯᠳᠡ ᠵᠢᠨ ᠵᠦᠪᠰᠢᠶᠡᠷᠡᠯ᠎ᠤᠨ ᠦᠨᠡᠮᠯᠡᠯ ᠭᠡᠷᠡᠭ ᠦᠭᠡᠢ ᠭᠡᠰᠡᠨ ᠦᠭᠡ ᠪᠢᠰᠢ᠂ ᠬᠠᠷᠢᠨ ᠡᠵᠡᠩᠨᠡᠯᠳᠡ ᠵᠢᠨ ᠵᠦᠪᠰᠢᠶᠡᠷᠡᠯ᠎ᠤᠨ ᠦᠨᠡᠮᠯᠡᠯ᠎ᠢ ᠬᠦᠢ᠍ᠴᠡᠳᠭᠡᠬᠦ ᠶᠠᠪᠤᠴᠠ ᠵᠢ ᠤᠯᠠᠮ ᠳᠦᠷᠭᠡᠨ᠂ ᠤᠯᠠᠮ ᠢᠯᠠ ᠳᠤᠳᠤᠷᠬᠠᠢ᠂ ᠤᠯᠠᠨ ᠳᠦᠪ ᠭᠤᠤᠯᠴᠢ ᠪᠤᠯᠭ᠋ᠠᠬᠤ ᠶᠠᠪᠤᠳᠠᠯ ᠪᠤᠯᠤᠨ᠎ᠠ ᠭᠡᠵᠤ ᠴᠢᠬᠤᠯᠠᠴᠢᠯᠠᠪᠠ᠃
      ᠶᠡᠷᠦᠩᠭᠡᠢ ᠰᠠᠢ᠌ᠳ ᠯᠢ ᠺᠸ ᠴᠢᠶᠠᠩ᠂ ᠬᠢᠨᠠᠨ ᠵᠦᠪᠰᠢᠶᠡᠷᠡᠬᠦ ᠬᠤᠭᠤᠴᠠᠭ᠎ᠠ ᠵᠢ ᠭᠡᠷᠬᠢᠨ ᠪᠤᠭᠤᠨᠢᠰᠬᠠᠬᠤ᠂ ᠬᠢᠨᠠᠨ ᠵᠦᠪᠰᠢᠶᠡᠷᠡᠬᠦ ᠭᠤᠭᠴᠤᠭ᠎ᠠ ᠵᠢ ᠭᠡᠷᠬᠢᠨ ᠰᠢᠯᠢᠳᠡᠭᠵᠢᠬᠦᠯᠬᠦ᠂ ᠬᠢᠨᠡᠨ ᠵᠦᠪᠰᠢᠶᠡᠷᠡᠬᠦ ᠶᠠᠪᠤᠴᠠ ᠵᠢ ᠭᠡᠷᠬᠢᠨ ᠢᠯᠠ ᠳᠤᠳᠤᠷᠬᠠᠢ ᠪᠤᠯᠭ᠋ᠠᠬᠤ ᠳᠠᠯ᠎ᠠ᠎ᠪᠠᠷ ᠴᠦᠮ ᠪᠠᠷᠢᠮᠵᠢᠶ᠎ᠠ ᠳᠤᠭᠳᠠᠭ᠋ᠠᠵᠤ᠂ ᠨᠡᠢ᠌ᠭᠡᠮ᠎ᠳᠤ ᠳᠤᠳᠤᠷᠬᠠᠢ ᠮᠡᠳᠡᠭᠳᠡᠬᠦ ᠭᠡᠷᠡᠭᠳᠡᠢ᠃ ᠠ᠋ᠬᠦᠨ᠎ᠤ ᠬᠠᠮᠲᠤ ᠨᠡᠩ ᠠᠷᠪᠢᠨ ᠬᠦᠴᠦᠨ᠎ᠢ ᠰᠢᠨ᠎ᠠ ᠵᠢ ᠠ᠋ᠬᠦᠳᠬᠦ ᠪᠤᠯᠤᠨ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠳᠠ᠂ ᠳᠦᠪ ᠭᠤᠤᠯᠴᠢ ᠬᠢᠨᠠᠨ ᠬᠠᠮᠢᠶᠠᠷᠤᠯᠳᠠ ᠳᠡᠭᠡᠷ᠎ᠠ ᠳᠦᠪᠯᠡᠷᠡᠬᠦᠯᠬᠦ ᠭᠡᠷᠡᠭᠳᠡᠢ᠃ ᠢᠩᠬᠢᠪᠡᠯ ᠵᠠᠰᠠᠭ᠎ᠤᠨ ᠤᠷᠳᠤᠨ᠎ᠤ ᠬᠢᠨᠠᠨ ᠵᠦᠪᠰᠢᠶᠡᠷᠡᠬᠦ ᠵᠦᠢ᠍ᠯ ᠴᠦᠭᠡᠷᠡᠭᠰᠡᠨ ᠴᠤ᠌ ᠬᠠᠷᠢᠨ ᠠ᠋ᠬᠦᠷᠭᠡ ᠬᠠᠷᠢᠭᠤᠴᠠᠯᠭ᠎ᠠ᠎ᠨᠢ ᠬᠦᠨᠳᠤ ᠪᠤᠯᠬᠤ ᠶᠤᠮ ᠭᠡᠵᠤ ᠭᠡᠯᠡᠪᠡ᠃
      ᠯᠢ ᠺᠸ ᠴᠢᠶᠠᠩ᠂ ᠡᠯ᠎ᠡ ᠭᠠᠵᠠᠷ᠎ᠤᠨ᠎ᠬᠢᠨ ᠪᠤᠳᠠᠳᠤ ᠪᠠᠢ᠌ᠳᠠᠯ᠎ᠳᠤ᠎ᠪᠠᠨ ᠳᠤᠬᠢᠷᠠᠭᠤᠯᠤᠨ 《ᠦᠨᠡᠯᠮᠡᠯ ᠭᠡᠷᠡᠴᠢ ᠵᠢ ᠰᠠᠯᠭ᠋ᠠᠬᠤ》 ᠦᠭᠡᠷᠡᠴᠢᠯᠡᠯᠳᠡ ᠵᠢ ᠠ᠋ᠮᠬᠢ ᠳᠢᠭᠯᠢᠮ᠎ᠲᠠᠢ ᠠᠬᠢᠭᠤᠯᠬᠤ ᠭᠡᠷᠡᠭᠳᠡᠢ᠃ ᠪᠢᠳᠠ ᠠᠮᠠᠯᠠᠯᠳᠠ᠎ᠪᠠᠨ ᠠ᠋ᠷᠭᠡᠪᠰᠢ ᠪᠡᠶᠡᠯᠡᠬᠦᠯᠵᠤ᠂ ᠵᠠᠬ᠎ᠠ ᠳᠡᠯᠭᠡᠬᠦᠷ᠎ᠤᠨ ᠭᠤᠤᠯ ᠴᠤᠭᠴᠠ ᠪᠤᠯᠤᠨ ᠠᠷᠠᠳ ᠳᠦᠮᠡᠨ᠎ᠳᠤ ᠦᠨᠡᠨᠬᠦ ᠬᠦᠷᠳᠡᠮᠵᠢ ᠵᠢᠨ ᠳᠦᠷᠦᠭᠳᠡᠯ ᠤᠯᠭᠤᠬᠤ ᠭᠡᠷᠡᠭᠳᠡᠢ ᠭᠡᠵᠤ ᠭᠡᠯᠡᠪᠡ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠶᠦᠩ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠪᠤᠶᠠᠨ᠎ᠤ ᠦᠢ᠍ᠯᠡᠰ᠎ᠤᠨ ᠰᠠᠢ᠌ᠰᠢᠶᠠᠯ ᠬᠦᠬᠢᠬᠦᠯᠦᠯ᠎ᠤᠨ ᠬᠤᠷᠠᠯ᠎ᠳᠤ ᠤᠷᠤᠯᠴᠠᠪᠠ
ᠵᠤᠤ ᠺᠸ ᡁᠢ ᠤᠤᠮᠸᠨ᠎ᠤ ᠴᠢᠭᠡᠴᠢ ᠵᠠᠰᠠᠭ᠎ᠤᠨ ᠳᠤᠰᠬᠠᠢ ᠳᠤᠰᠢᠶᠠᠯᠳᠠᠨ ᠵᠠᠩ ᠶᠦᠩ ᠴᠦᠨ᠎ᠲᠠᠢ ᠠᠭᠤᠯᠵᠠᠪᠠ
ᠰᠦᠨ ᠴᠦᠨ ᠯᠠᠨ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠳᠡᠯᠡᠭᠡᠢ ᠵᠢᠨ ᠵᠤᠭ᠋ᠠᠴᠠᠯ᠎ᠤᠨ ᠵᠤᠬᠢᠶᠠᠨ ᠪᠠᠢ᠌ᠭᠤᠯᠤᠯᠳᠠ ᠵᠢᠨ ᠨᠠᠷᠢᠨ ᠪᠢᠴᠢᠭ᠎ᠤᠨ ᠳᠠᠷᠤᠭ᠎ᠠ ᠫᠤᠯᠤᠯᠢᠺᠠᠱᠸᠢᠯᠢ᠎ᠲᠠᠢ ᠠᠭᠤᠯᠵᠠᠪᠠ
ᠬᠠᠨ ᠵᠸᠩ ᠭᠤᠸᠠᠩᠰᠢ᠎ᠳᠤ ᠪᠠᠢ᠌ᠴᠠᠭ᠋ᠠᠨ ᠰᠤᠳᠤᠯᠤᠯᠳᠠ ᠬᠢᠵᠠᠢ
ᠯᠢ ᠺᠸ ᠴᠢᠶᠠᠩ ᠤᠯᠤᠰ᠎ᠤᠨ ᠵᠠᠬ᠎ᠠ ᠳᠡᠯᠭᠡᠬᠦᠷ᠎ᠢ ᠬᠢᠨᠠᠨ ᠬᠠᠮᠢᠶᠠᠷᠬᠤ ᠶᠡᠷᠦᠩᠭᠡᠢ ᠳᠤᠪᠴᠢᠶᠠᠨ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠶᠠᠷᠢᠯᠴᠠᠬᠤ ᠬᠤᠷᠠᠯ᠎ᠢ ᠠ᠋ᠷᠬᠢᠯᠡᠨ ᠬᠢᠪᠠ
 
            