8 ᠳ᠋ᠤᠭ᠋ᠠᠷ ᠰᠠᠷ᠎ᠠ ᠵᠢᠨ 16᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠬᠢᠵᠤ᠂ ᠦᠭᠡᠷᠡᠴᠢᠯᠡᠯᠳᠡ ᠵᠢᠨ ᠠᠷᠭ᠎ᠠ᠎ᠪᠠᠷ ᠠᠷᠠᠳ᠎ᠤᠨ ᠪᠡᠯᠡ ᠤᠷᠤᠭᠤᠯᠤᠯᠳᠠ ᠪᠤᠯᠤᠨ ᠠᠷᠠᠳ᠎ᠠᠴᠠ ᠠ᠋ᠷᠬᠢᠯᠡᠭᠰᠡᠨ ᠠᠵᠤ ᠠᠬᠤᠢ ᠵᠢᠨ ᠬᠦᠭᠵᠢᠯᠳᠡ ᠵᠢᠨ ᠬᠠᠷᠰᠢ ᠰᠠᠭ᠋ᠠᠳ᠎ᠢ ᠡᠪᠳᠡᠨ᠂ ᠠᠵᠤ ᠠᠬᠤᠢ ᠵᠢᠨ ᠠᠮᠢᠵᠢᠷᠠᠯ᠎ᠤᠨ ᠬᠦᠴᠦᠨ ᠪᠤᠯᠤᠨ ᠬᠦᠳᠡᠯᠭᠡᠬᠦ ᠬᠦᠴᠦᠨ᠎ᠢ ᠬᠦᠭᠵᠢᠬᠦᠯᠬᠦ ᠳᠤᠬᠠᠢ ᠪᠠᠢ᠌ᠷᠢᠯᠠᠭᠤᠯᠪᠠ᠃ ᠯᠢ ᠺᠸ ᠴᠢᠶᠠᠩ᠂ ᠠ᠋ᠨᠡ ᠵᠢᠯ᠎ᠠᠴᠠ ᠮᠠᠨ᠎ᠤ ᠤᠯᠤᠰ᠎ᠤᠨ ᠠᠵᠤ ᠠᠬᠤᠢ ᠳᠤᠭᠳᠠᠭᠤᠨ ᠵᠶ᠋ᠠᠷ ᠰᠠᠢ᠌ᠵᠢᠷᠠᠵᠤ ᠪᠠᠢ᠌ᠭ᠎ᠠ ᠪᠣᠯᠪᠠᠴᠤ ᠤᠳᠤᠬᠠᠨ᠎ᠤ ᠰᠢᠨ᠎ᠠ ᠪᠠᠢ᠌ᠳᠠᠯ ᠰᠢᠨ᠎ᠠ ᠬᠤᠪᠢᠷᠠᠯᠳᠠ ᠵᠢᠨ ᠠ᠋ᠮᠤᠨ᠎ᠠ ᠦᠭᠡᠷᠡᠴᠢᠯᠡᠯᠳᠡ ᠨᠡᠭᠡᠭᠡᠯᠳᠡ ᠬᠢᠬᠦ ᠠ᠋ᠷᠴᠢᠮ ᠵᠶ᠋ᠡᠨ ᠴᠢᠩᠭ᠋ᠠᠷᠠᠭᠤᠯᠵᠤ᠂ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠦᠭᠵᠢᠭᠡᠵᠤ᠂ ᠰᠤᠶᠤᠭ᠋ᠠᠯᠠᠨ ᠴᠤᠬᠤᠢ᠌ᠵᠤ ᠪᠠᠢ᠌ᠭ᠎ᠠ ᠬᠠᠨᠳᠤᠯᠭ᠋ᠠᠳᠤ ᠴᠢᠨᠠᠷᠲᠠᠢ ᠠᠰᠠᠭᠤᠳᠠᠯ᠎ᠤᠳ᠎ᠲᠤ ᠤᠨᠤᠪᠴᠢᠳᠠᠢ ᠠᠷᠭ᠎ᠠ ᠪᠤᠳᠤᠯᠭ᠎ᠠ ᠭᠡᠷᠡᠭᠵᠢᠬᠦᠯᠦᠨ᠂ ᠤᠷᠢᠳᠴᠢᠯᠠᠨ ᠳᠤᠬᠢᠷᠠᠭᠤᠯᠤᠯᠳᠠ ᠬᠢᠵᠤ᠂ ᠠᠵᠤ ᠠᠬᠤᠢ ᠵᠢᠨ ᠠᠵᠢᠯᠯᠠᠭ᠋ᠠᠨ᠎ᠤ ᠵᠦᠢ ᠵᠤᠬᠢᠰᠳᠠᠢ ᠭᠡᠪᠴᠢᠶᠠᠨ᠎ᠳᠤ ᠶᠠᠪᠤᠭᠳᠠᠬᠤ ᠵᠢ ᠦᠨᠡᠨᠬᠦ ᠪᠠᠳᠤᠯᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃ ᠳᠤᠰ ᠠ᠋ᠳᠤᠷ᠎ᠤᠨ ᠬᠤᠷᠠᠯ ᠳᠡᠭᠡᠷ᠎ᠠ ᠭᠤᠷᠪᠠᠨ ᠵᠦᠢ᠍ᠯ᠎ᠤᠨ ᠠᠷᠭ᠎ᠠ ᠳᠤᠭᠳᠠᠭ᠋ᠠᠪᠠ᠃ ᠨᠢᠭᠡ᠎ᠳᠤ᠂ ᠠᠷᠠᠳ᠎ᠤᠨ ᠬᠦᠷᠦᠩᠭᠡ ᠭᠤᠤᠯᠳᠠᠯᠭ᠎ᠠ᠎ᠲᠠᠢ ᠬᠦᠷᠢᠶ᠎ᠡ ᠬᠡᠪᠴᠢᠶᠡᠨ᠎ᠳᠤ ᠤᠷᠤᠬᠤ ᠨᠦᠬᠦᠴᠡᠯ ᠪᠠᠷᠢᠮᠵᠢᠶ᠎ᠠ ᠵᠢ ᠳᠣᠷᠣᠭᠰᠢᠯᠠᠭᠤᠯᠬᠤ᠎ᠳᠤ ᠶᠡᠬᠡ ᠬᠦᠴᠤ ᠲᠠᠯᠪᠢᠨ᠎ᠠ; ᠬᠤᠶᠠᠷ᠎ᠲᠤ᠂ ᠠᠷᠠᠳ᠎ᠤᠨ ᠪᠡᠯᠡ ᠤᠷᠤᠭᠤᠯᠤᠯᠳᠠ ᠨᠠᠰᠤᠲᠠᠳ᠎ᠢ ᠠᠰᠠᠷᠠᠬᠤ᠂ ᠡᠮ ᠠ᠋ᠮᠨᠡᠯᠭᠡ ᠵᠡᠷᠭᠡ ᠬᠦᠷᠢᠶ᠎ᠡ ᠬᠡᠪᠴᠢᠶᠡᠨ᠎ᠳᠤ ᠤᠷᠤᠬᠤ ᠵᠢ ᠬᠠᠷᠰᠢᠯᠠᠵᠤ ᠪᠠᠢ᠌ᠭ᠎ᠠ ᠳᠠᠭ᠋ᠠᠯᠳᠠ ᠨᠦᠬᠦᠴᠡᠯ᠎ᠢ ᠪᠠᠭ᠋ᠠᠰᠬᠠᠬᠤ ᠪᠠ ᠦᠭᠡᠢ᠌ᠰᠭᠡᠵᠤ᠂ ᠭᠠᠵᠠᠷ ᠰᠢᠷᠤᠢ᠂ ᠪᠡᠯᠡ ᠮᠦᠩᠬᠦ᠂ ᠴᠢᠳᠠᠪᠤᠷᠢᠳᠠᠨ ᠵᠡᠷᠭᠡ ᠳᠡᠯ᠎ᠡ ᠵᠢᠨ ᠬᠦᠴᠢᠷᠳᠡᠯ᠎ᠲᠠᠢ ᠠᠰᠠᠭᠤᠳᠠᠯ᠎ᠢ ᠬᠠᠪᠰᠤᠷᠤᠨ ᠰᠢᠢ᠍ᠳᠪᠤᠷᠢᠯᠡᠵᠤ᠂ ᠬᠡᠷᠡᠭ ᠤᠴᠢᠷ᠎ᠤᠨ ᠳᠤᠮᠳᠠᠬᠢ ᠪᠠ ᠳᠠᠷᠠᠭ᠋ᠠᠬᠢ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠨ᠂ ᠠ᠋ᠷᠭᠡ ᠳᠡᠭᠰᠢ᠎ᠪᠠᠷ ᠦᠷᠢᠰᠦᠯᠳᠦᠬᠦ ᠵᠠᠬ᠎ᠠ ᠳᠡᠯᠭᠡᠬᠦᠷ᠎ᠤᠨ ᠤᠷᠴᠢᠨ ᠳᠤᠭᠤᠷᠢᠨ᠎ᠢ ᠪᠤᠢ ᠪᠤᠯᠭ᠋ᠠᠨ᠎ᠠ; ᠭᠤᠷᠪᠠ᠎ᠳᠤ᠂ ᠭᠠᠢ᠌ᠯᠢ ᠵᠢ ᠬᠦᠩᠭᠡᠷᠡᠬᠦᠯᠵᠤ ᠰᠦᠢ᠍ᠳᠭᠡᠯ᠎ᠢ ᠪᠠᠭᠣᠷᠠᠭᠤᠯᠬᠤ ᠠᠷᠭ᠎ᠠ ᠭᠡᠮᠵᠢᠶ᠎ᠡ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠵᠤ᠂ ᠤᠨᠴᠠᠭ᠋ᠠᠢ᠌ᠯᠠᠨ ᠡᠵᠡᠩᠨᠡᠯᠲᠡ ᠵᠢᠨ ᠭᠠᠢ᠌ᠯᠢ ᠵᠢ ᠦᠷᠲᠡᠭ ᠨᠡᠮᠡᠭᠳᠡᠯ᠎ᠤᠨ ᠭᠠᠢ᠌ᠯᠢ ᠪᠣᠯᠭ᠋ᠠᠬᠤ ᠦᠭᠡᠷᠡᠴᠢᠯᠡᠯᠲᠡ ᠵᠡᠷᠭᠡ ᠭᠠᠢ᠌ᠯᠢ ᠬᠦᠩᠭᠡᠷᠡᠬᠦᠯᠬᠦ ᠠᠷᠭ᠎ᠠ ᠭᠡᠮᠵᠢᠶ᠎ᠡ ᠵᠢ ᠰᠢᠪᠠᠳᠠᠨ ᠪᠤᠳᠠᠳᠠᠢ᠌ᠵᠢᠭᠤᠯᠤᠨ᠎ᠠ ᠭᠡᠵᠡᠢ᠃
ᠯᠢ ᠺᠸ ᠴᠢᠶᠠᠩ᠂ ᠠᠷᠠᠳ᠎ᠤᠨ ᠪᠡᠯᠡ ᠤᠷᠤᠭᠤᠯᠤᠯᠳᠠ ᠵᠢᠨ ᠢᠳᠡᠪᠬᠢᠵᠢᠯ᠎ᠢ ᠤᠯᠠᠮ ᠵᠶ᠋ᠡᠷ ᠳᠠᠢ᠌ᠴᠢᠯᠠᠵᠤ᠂ ᠤᠨᠴᠠᠭ᠋ᠠᠢ᠌ᠯᠠᠨ ᠵᠠᠬ᠎ᠠ ᠳᠡᠯᠭᠡᠬᠦᠷ᠎ᠤᠨ ᠠ᠋ᠬᠢ ᠪᠠᠶᠠᠯᠢᠭ᠎ᠢ ᠳᠤᠬᠢᠷᠠᠭᠤᠯᠬᠤ ᠰᠢᠢ᠍ᠳᠪᠤᠷᠢᠳᠤ ᠴᠢᠨᠠᠷᠲᠠᠢ ᠦᠢ᠍ᠯᠡᠳᠤᠯ᠎ᠢ ᠰᠠᠢ᠌ᠳᠤᠷ ᠪᠠᠳᠠᠷᠠᠭᠤᠯᠬᠤ ᠵᠢ ᠴᠢᠬᠤᠯᠠᠴᠢᠯᠠᠬᠤ ᠭᠡᠷᠡᠭᠳᠡᠢ; ᠵᠠᠰᠠᠭ᠎ᠤᠨ ᠤᠷᠳᠤᠨ᠎ᠤ ᠬᠢᠬᠦ ᠠᠵᠢᠯ ᠪᠤᠯ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠦᠷᠬᠦᠯᠵᠢᠯᠡᠨ ᠠᠬᠢᠭᠤᠯᠵᠤ᠂ 《ᠬᠤᠶᠠᠷ᠎ᠢ ᠠ᠋ᠬᠦᠳᠬᠦ》 ᠵᠢ ᠳᠡᠰ ᠳᠡᠪᠰᠢᠬᠦᠯᠦᠨ᠂ ᠡᠯ᠎ᠡ ᠵᠦᠢ᠍ᠯ᠎ᠤᠨ ᠵᠠᠬ᠎ᠠ ᠳᠡᠯᠭᠡᠬᠦᠷ᠎ᠤᠨ ᠭᠤᠤᠯ ᠴᠤᠭᠴᠠᠳᠤ ᠤᠬᠢ ᠰᠠᠢ᠌ᠨ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠪᠤᠢ ᠪᠤᠯᠭ᠋ᠠᠵᠤ ᠦᠭᠬᠦ ᠪᠤᠯᠤᠨ᠎ᠠ ᠭᠡᠵᠤ ᠭᠡᠯᠡᠪᠡ᠃
ᠶᠡᠷᠦᠩᠭᠡᠢ ᠰᠠᠢ᠌ᠳ ᠯᠢ ᠺᠸ ᠴᠢᠶᠠᠩ᠂ ᠵᠠᠰᠠᠭ᠎ᠤᠨ ᠤᠷᠳᠤᠨ ᠠᠷᠠᠳ᠎ᠤᠨ ᠪᠡᠯᠡ ᠤᠷᠤᠭᠤᠯᠤᠯᠳᠠ᠎ᠳᠤ ᠳᠦᠷᠦᠯ ᠵᠦᠢ᠍ᠯ ᠳᠠᠨᠢᠯᠴᠠᠭᠤᠯᠬᠤᠳᠤᠪᠠᠨ ᠠᠯᠪᠠᠳᠠᠨ ᠴᠢᠷᠬᠦ ᠠᠷᠭ᠎ᠠ ᠠᠪᠴᠤ ᠪᠤᠯᠬᠤ ᠦᠭᠡᠢ᠂ ᠬᠠᠷᠢᠨ ᠠᠷᠠᠳ᠎ᠠᠴᠠ ᠠ᠋ᠷᠬᠢᠯᠡᠭᠰᠡᠨ ᠠᠵᠤ ᠠᠬᠤᠢ᠌ᠯᠠᠯ᠎ᠤᠨ ᠰᠠᠢ᠌ᠨ ᠳᠤᠷ᠎ᠠ ᠵᠢ ᠬᠦᠨᠳᠦᠳᠭᠡᠬᠦ ᠭᠡᠷᠭᠳᠡᠢ; ᠠ᠋ᠬᠦᠨ᠎ᠤ ᠵᠡᠷᠭᠡ᠎ᠪᠡᠷ ᠤᠷᠤᠨ ᠨᠤᠳᠤᠭ᠎ᠤᠨ ᠢᠳᠡᠪᠬᠢᠵᠢᠯ᠎ᠢ ᠬᠦᠢ᠍ᠴᠡᠳ ᠳᠠᠢ᠌ᠴᠢᠯᠠᠨ᠂ ᠤᠷᠤᠨ ᠨᠤᠳᠤᠭᠤᠨᠬᠢᠨᠤ ᠠᠷᠠᠳ᠎ᠤᠨ ᠪᠠᠯᠠ ᠤᠷᠤᠭᠤᠯᠤᠯᠳᠠ ᠵᠢᠨ ᠠᠮᠢᠵᠢᠷᠠᠯ᠎ᠤᠨ ᠬᠦᠴᠦᠨ᠎ᠢ ᠬᠦᠭᠵᠢᠭᠡᠬᠦ ᠪᠦᠳᠦᠮᠵᠢᠳᠡᠢ ᠳᠤᠷᠰᠢᠯᠭ᠎ᠠ ᠪᠤᠯᠤᠨ ᠠᠷᠭ᠎ᠠ ᠭᠡᠮᠵᠢᠶ᠎ᠡ ᠵᠢ ᠵᠤᠷᠢᠭᠵᠢᠭᠤᠯᠤᠨ ᠳᠡᠮᠵᠢᠬᠦ ᠭᠡᠷᠡᠭᠳᠡᠢ ᠭᠡᠵᠤ ᠭᠡᠯᠡᠪᠡ᠃
ᠯᠢ ᠺᠸ ᠴᠢᠶᠠᠩ ᠬᠠᠮᠤᠭ ᠰᠠᠬᠦᠯ᠎ᠳᠤ᠂ ᠳᠦᠷᠦ ᠵᠢᠨ ᠶᠠᠪᠤᠳᠠᠯ᠎ᠤᠨ ᠬᠤᠷᠢᠶ᠎ᠠ ᠨᠢᠭᠡᠨᠳᠡ ᠠᠷᠠᠳ᠎ᠤᠨ ᠪᠡᠯᠡ ᠤᠷᠤᠭᠤᠯᠤᠯᠳᠠ ᠪᠤᠯᠤᠨ ᠠᠷᠠᠳ᠎ᠠᠴᠠ ᠠ᠋ᠷᠬᠢᠯᠡᠭᠰᠡᠨ ᠠᠵᠤ ᠠᠬᠤᠢ᠌ᠯᠠᠯ᠎ᠤᠨ ᠠ᠋ᠷᠡᠬᠦᠯ ᠵᠶ᠋ᠡᠷ ᠬᠦᠭᠵᠢᠬᠦ ᠵᠢ ᠠᠬᠢᠭᠤᠯᠬᠤ ᠳᠤᠬᠠᠢ ᠴᠦᠭᠡᠨ ᠪᠤᠰᠤ ᠠᠷᠭ᠎ᠠ ᠭᠡᠮᠵᠢᠶ᠎ᠡ ᠳᠤᠭᠳᠠᠭ᠋ᠠᠪᠠ᠂ ᠤᠳᠤᠬᠠᠨ᠎ᠤ ᠳᠡᠷᠢᠬᠦᠨ ᠴᠢᠬᠤᠯᠠ ᠠ᠋ᠬᠦᠷᠭᠡ ᠪᠤᠯ ᠱᠠᠯᠠᠪᠳᠠᠭᠤᠯᠤᠨ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠵᠠᠯᠬᠠᠭᠤᠷᠠᠵᠤ ᠬᠤᠢ᠌ᠷᠭᠤᠰᠢᠬᠤ ᠪᠠ ᠦᠢ᠍ᠯᠡ ᠠᠵᠢᠯᠯᠠᠭ᠎ᠠ ᠦᠭᠡᠢ ᠠᠰᠠᠭᠤᠳᠠᠯ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠠᠪᠤᠳᠠᠯ ᠪᠤᠯᠤᠨ᠎ᠠ ᠭᠡᠵᠤ ᠴᠢᠬᠤᠯᠠᠴᠢᠯᠠᠪᠠ᠃
