ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠩᠫᠸᠢᠢ᠍ᠡᠤᠤ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-08


     8 ᠳ᠋ᠤᠭ᠋ᠠᠷ ᠰᠠᠷ᠎ᠠ ᠵᠢᠨ 3᠎ᠤ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠭᠰᠠᠨ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠰᠢᠷᠢᠰ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠬᠤ᠎ᠳᠤ᠎ᠪᠠᠨ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠩᠫᠸᠢᠢ᠍ᠡᠤᠤ᠎ᠲᠠᠢ ᠠᠭᠤᠯᠵᠠᠪᠠ᠃
      ᠸᠠᠩ ᠢ᠎ᠠᠴᠠ ᠤᠳᠤᠬᠠᠨ᠎ᠳᠤ ᠳᠤᠮᠳᠠᠳᠤ ᠠᠮᠸᠷᠢᠺᠠ ᠵᠢᠨ ᠬᠠᠷᠢᠴᠠᠭ᠎ᠠ ᠵᠠᠩᠬᠢᠯᠠᠭ᠎ᠠ ᠵᠢᠨ ᠦᠶ᠎ᠠ᠎ᠳᠤ ᠤᠷᠤᠭ᠋ᠠᠳ ᠪᠤᠢ᠃ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠠᠶᠤᠯ ᠦᠭᠡᠢ ᠵᠢᠨ ᠵᠦᠪᠯᠡᠯ᠎ᠤᠨ ᠪᠠᠢ᠌ᠩᠭᠤ ᠵᠢᠨ ᠭᠡᠷᠡᠭ ᠠ᠋ᠷᠬᠢᠯᠡᠭᠴᠢ ᠤᠯᠤᠰ ᠪᠠ ᠪᠦᠬᠦ ᠪᠦᠮᠪᠦᠷᠴᠡᠭ᠎ᠤᠨ ᠬᠤᠶᠠᠷ ᠶᠡᠭᠡ ᠠᠵᠤ ᠠᠬᠤᠢ ᠵᠢᠨ ᠴᠤᠭᠴᠠ ᠪᠤᠯᠤᠭᠰᠠᠨ᠎ᠤ ᠬᠤᠪᠢ᠎ᠳᠤ ᠳᠤᠮᠳᠠᠳᠤ ᠠᠮᠸᠷᠢᠺᠠ ᠵᠢᠨ ᠬᠠᠷᠢᠴᠠᠭ᠎ᠠ ᠵᠢᠨ ᠬᠠᠨᠳᠤᠰᠢ᠎ᠨᠢ ᠳᠤᠮᠳᠠᠳᠤ ᠠᠮᠸᠷᠢᠺᠠ ᠬᠤᠶᠠᠷ ᠤᠯᠤᠰ᠎ᠤᠨ ᠠᠷᠠᠳ ᠳᠦᠮᠡᠨ ᠪᠤᠯᠤᠨ ᠳᠡᠯᠡᠭᠡᠢ ᠵᠢᠨ ᠡᠯ᠎ᠡ ᠤᠯᠤᠰ᠎ᠤᠨ ᠠᠷᠠᠳ ᠳᠦᠮᠡᠨ᠎ᠤ ᠵᠤᠯ ᠵᠢᠷᠭ᠋ᠠᠯ᠎ᠳᠤ ᠬᠤᠯᠪᠤᠭᠳᠠᠬᠤ ᠶᠡᠭᠡ ᠠᠰᠠᠭᠤᠳᠠᠯ ᠪᠤᠯᠬᠤ ᠶᠤᠮ᠃ ᠬᠠᠮᠳᠤᠷᠠᠯᠴᠠᠭ᠎ᠠ ᠪᠤᠯ ᠳᠤᠮᠳᠠᠳᠤ ᠠᠮᠸᠷᠢᠺᠠ ᠵᠢᠨ ᠴᠤᠷ᠎ᠤᠨ ᠭᠠᠭᠴᠠ ᠰᠤᠩᠭᠤᠯᠳᠠ ᠪᠤᠯᠤᠨ᠎ᠠ᠂ ᠮᠦᠨᠴᠤ ᠤᠯᠠᠨ ᠤᠯᠤᠰ᠎ᠤᠨ ᠨᠡᠢ᠌ᠭᠡᠮ᠎ᠤᠨ ᠨᠡᠢ᠌ᠳᠡᠮ᠎ᠤᠨ ᠬᠦᠰᠡᠨ ᠬᠦᠯᠢᠶᠡᠵᠤ ᠪᠠᠢ᠌ᠭ᠎ᠠ ᠶᠠᠪᠤᠳᠠᠯ ᠪᠤᠯᠤᠨ᠎ᠠ᠂ ᠠ᠋ᠰᠡᠷᠬᠦᠴᠡᠯᠳᠦᠬᠦ᠎ᠨᠢ ᠬᠤᠶᠠᠷ ᠳᠠᠯ᠎ᠠ ᠵᠢ ᠱᠦᠬᠦᠭᠳᠡᠬᠦᠯᠬᠦ ᠮᠦᠷᠳᠡᠭᠡᠨ ᠳᠡᠯᠡᠭᠡᠢ ᠵᠢᠨ ᠠ᠋ᠩᠭᠡ ᠳᠠᠢ᠌ᠪᠤᠩ᠂ ᠠᠮᠤᠷ ᠳᠤᠭᠳᠠᠭᠤᠨ ᠬᠢᠭᠡᠳ ᠬᠦᠭᠵᠢᠯᠳᠡ᠎ᠳᠤ ᠬᠤᠤᠷ ᠬᠦᠨᠦᠭᠡᠯ ᠦᠵᠡᠬᠦᠯᠬᠦ ᠪᠤᠯᠤᠨ᠎ᠠ ᠭᠡᠵᠤ ᠪᠢᠳᠡᠨ ᠦᠵᠡᠭᠰᠡᠭᠡᠷ ᠢᠷᠡᠪᠡ᠃ ᠬᠤᠶᠠᠷ ᠳᠠᠯ᠎ᠠ᠎ᠪᠠᠷ ᠵᠶ᠋ᠡᠨ ᠬᠠᠷᠢᠯᠴᠠᠨ ᠬᠦᠨᠳᠦᠳᠭᠡᠬᠦ᠂ ᠠ᠋ᠶ᠎ᠡ ᠨᠠᠢ᠌ᠷᠠᠮᠳᠠᠯ᠎ᠲᠠᠢ ᠪᠠᠢ᠌ᠬᠤ ᠰᠠᠭᠤᠷᠢᠨ ᠳᠡᠭᠡᠷ᠎ᠠ ᠶᠠᠷᠢᠯᠴᠠᠵᠤ ᠵᠦᠪᠳᠡᠯᠴᠡᠨ᠂ ᠵᠦᠷᠢᠴᠡᠯᠳᠦᠭᠡᠨ᠎ᠢ ᠬᠢᠵᠠᠭ᠋ᠠᠷᠯᠠᠵᠤ᠂ ᠠᠰᠠᠭᠤᠳᠠᠯ᠎ᠢ ᠰᠢᠢ᠍ᠳᠪᠤᠷᠢᠯᠡᠨ᠂ ᠳᠤᠮᠳᠠᠳᠤ ᠠᠮᠸᠷᠢᠺᠠ ᠵᠢᠨ ᠬᠠᠷᠢᠴᠠᠭ᠎ᠠ ᠵᠢ ᠵᠦᠪ ᠵᠠᠮ ᠵᠶ᠋ᠡᠷ ᠵᠢᠯᠤᠭᠤᠤᠬᠤ ᠵᠢ ᠠᠬᠢᠭᠤᠯᠤᠨ᠎ᠠ ᠭᠡᠵᠤ ᠢᠯᠡᠷᠭᠡᠢ᠌ᠯᠡᠪᠡ᠃
      ᠫᠤᠩᠫᠸᠢᠢ᠍ᠡᠤᠤ᠎ᠠᠴᠠ ᠳᠤᠮᠳᠠᠳᠤ ᠠᠮᠸᠷᠢᠺᠠ ᠵᠢᠨ ᠬᠠᠷᠢᠴᠠᠭ᠎ᠠ ᠳᠦᠢ᠍ᠯ᠎ᠤᠨ ᠴᠢᠬᠤᠯᠠ ᠶᠤᠮ᠃ ᠠᠮᠸᠷᠢᠺᠠ ᠵᠢᠨ᠎ᠬᠢᠨ ᠳᠤᠮᠳᠠᠳᠤ ᠠᠮᠸᠷᠢᠺᠠ ᠬᠤᠶᠠᠷ ᠤᠯᠤᠰ ᠪᠦᠷ ᠠᠮᠵᠢᠯᠳᠠ᠎ᠲᠠᠢ᠎ᠪᠠᠷ ᠬᠠᠷᠰᠢ ᠰᠠᠭ᠋ᠠᠳ ᠦᠭᠡᠢ ᠬᠦᠭᠵᠢᠬᠦ ᠵᠢ ᠬᠦᠰᠡᠵᠤ ᠪᠠᠢ᠌ᠨ᠎ᠠ᠃ ᠠᠮᠸᠷᠢᠺᠠ ᠵᠢᠨ᠎ᠬᠢᠨ ᠨᠢᠭᠡ ᠳᠤᠮᠳᠠᠳᠤ ᠤᠯᠤᠰ᠎ᠤᠨ ᠳᠦᠷᠦ ᠵᠢᠨ ᠪᠤᠳᠤᠯᠭ᠎ᠠ ᠵᠢ ᠦᠷᠬᠦᠯᠵᠢᠯᠡᠨ ᠪᠠᠷᠢᠮᠳᠠᠯᠠᠬᠤ᠎ᠪᠠᠨ ᠬᠤᠪᠢᠷᠠᠭᠤᠯᠬᠤ ᠦᠭᠡᠢ ᠶᠤᠮ᠃ ᠬᠤᠶᠠᠷ ᠳᠠᠯ᠎ᠠ᠎ᠪᠠᠷ ᠵᠶ᠋ᠡᠨ ᠦᠷᠬᠦᠯᠵᠢᠯᠡᠨ ᠴᠢᠷᠮᠠᠢ᠌ᠵᠤ ᠰᠤᠯᠤᠩᠭᠤᠰ ᠬᠤᠢ᠌ᠭ᠎ᠤᠨ ᠴᠦᠮ᠎ᠠ ᠵᠢᠨ ᠠᠰᠠᠭᠤᠳᠠᠯ ᠵᠡᠷᠭᠡ ᠴᠢᠬᠤᠯᠠ ᠶᠡᠭᠡ ᠠᠰᠠᠭᠤᠳᠠᠯ᠎ᠢ ᠶᠠᠷᠢᠯᠴᠠᠵᠤ ᠵᠦᠪᠳᠡᠯᠴᠡᠬᠦ ᠪᠡ ᠬᠠᠮᠳᠤᠷᠠᠯᠴᠠᠭ᠎ᠠ᠎ᠪᠠᠨ ᠴᠢᠩᠭ᠋ᠠᠳᠬᠠᠨ᠎ᠠ ᠭᠡᠵᠤ ᠢᠯᠡᠷᠭᠡᠢ᠌ᠯᠡᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭ᠊
          
ᠬᠠᠮᠢᠶ᠎ᠡ ᠪᠦᠬᠦᠢ ᠰᠣᠨᠢᠨ
ᠸᠠᠩ ᠢ ᠬᠦᠷᠢᠶᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠺᠠᠩ ᠵᠢᠩ ᠠ᠋ᠾᠸ᠎ᠲᠠᠢ ᠠᠭᠤᠯᠵᠠᠪᠠ
ᠸᠠᠩ ᠢ ᠰᠤᠯᠤᠩᠭᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠢ ᠶᠦᠩ ᠬᠤᠤ᠎ᠲᠠᠢ ᠠᠭᠤᠯᠵᠠᠪᠠ
ᠸᠠᠩ ᠢ ᠢᠨᠳᠦᠨ᠋ᠸᠰᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠷᠸᠢᠲᠸᠨᠦᠸᠸ᠎ᠲᠠᠢ ᠠᠭᠤᠯᠵᠠᠪᠠ
ᠸᠠᠩ ᠢ ᠸᠢᠶᠸᠲᠨᠠᠮ᠎ᠤᠨ ᠳᠡᠳ᠋ ᠶᠡᠷᠦᠩᠭᠡᠢ ᠰᠠᠢ᠌ᠳ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠠᠨ ᠫᠢᠩ ᠮᠢᠩ᠎ᠲᠠᠢ ᠠᠭᠤᠯᠵᠠᠪᠠ
ᠸᠠᠩ ᠢ ᠺᠠᠨᠠᠳᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠷᠸᠢᠯᠠᠨ᠎ᠲᠠᠢ ᠠᠭᠤᠯᠵᠠᠪᠠ
 
            