ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠤ᠌ ᠴᠦᠨ ᠬᠤᠸᠠ ᠪᠦᠬᠦ ᠤᠯᠤᠰ᠎ᠤᠨ ᠰᠦ ᠵᠢᠨ ᠦᠢ᠍ᠯᠡᠰ᠎ᠢ ᠬᠦᠭᠵᠢᠬᠦᠯᠦᠨ ᠮᠠᠨᠳᠤᠭᠤᠯᠬᠤ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠵᠠᠢ
ᠨᠡᠶᠢᠲᠡᠯᠡᠭᠰᠡᠨ ᠴᠠᠭ᠄ 2018-11-27

         
      ᠪᠦᠬᠦ ᠤᠯᠤᠰ᠎ᠤᠨ ᠰᠦ ᠵᠢᠨ ᠦᠢ᠍ᠯᠡᠰ᠎ᠢ ᠬᠦᠭᠵᠢᠬᠦᠯᠦᠨ ᠮᠠᠨᠳᠤᠭᠤᠯᠬᠤ ᠠᠵᠢᠯ᠎ᠢ ᠠᠬᠢᠭᠤᠯᠬᠤ ᠬᠤᠷᠠᠯ 9 ᠳ᠋ᠤᠭᠡᠷ ᠰᠠᠷ᠎ᠠ ᠵᠢᠨ 27᠎ᠤ ᠠ᠋ᠳᠤᠷ ᠬᠦᠯᠦᠨ ᠪᠤᠢ᠌ᠷ ᠬᠤᠳᠠ᠎ᠳᠤ ᠬᠤᠷᠠᠯᠳᠤᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠤ᠌ ᠴᠦᠨ ᠬᠤᠸᠠ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ᠃
      ᠬᠤ᠌ ᠴᠦᠨ ᠬᠤᠸᠠ ᠰᠦ ᠵᠢᠨ ᠦᠢ᠍ᠯᠡᠰ᠎ᠢ ᠬᠦᠭᠵᠢᠬᠦᠯᠤᠨ ᠮᠡᠨᠳᠤᠭᠤᠯᠬᠤ ᠠᠵᠢᠯ᠎ᠢ ᠠᠬᠢᠭᠤᠯᠬᠤ ᠪᠤᠯ ᠪᠤᠳᠤᠯᠢᠶᠠᠨᠳᠠᠢ ᠰᠢᠰᠲᠸᠮᠳᠤ ᠢᠨᠵᠸᠨ᠋ᠸᠷᠢᠩ ᠪᠤᠯᠤᠨ᠎ᠠ᠂ ᠠ᠋ᠷᠭᠡᠪᠰᠢ ᠭᠤᠤᠯᠳᠠᠯᠭ᠎ᠠ ᠵᠢ ᠳᠤᠪᠤᠢ᠌ᠯᠭ᠋ᠠᠨ ᠵᠠᠩᠬᠢᠯᠠᠭ᠎ᠠ ᠵᠢ ᠡᠵᠡᠮᠳᠡᠬᠦ ᠭᠡᠷᠡᠭᠳᠡᠢ᠃ ᠰᠦ ᠵᠢᠨ ᠦᠢ᠍ᠯᠡᠰ᠎ᠤᠨ ᠬᠦᠭᠵᠢᠯᠳᠡ᠎ᠳᠠᠬᠢ ᠰᠠᠭ᠋ᠠᠯᠢᠴᠢᠨ᠎ᠤ ᠭᠡᠪᠴᠢᠶᠡᠵᠢᠭᠰᠡᠨ ᠳᠡᠵᠢᠭᠡᠪᠤᠷᠢ ᠵᠢᠨ ᠰᠠᠭᠤᠷᠢ ᠪᠤᠯᠬᠤ ᠪᠠᠢ᠌ᠷᠢ ᠰᠠᠭᠤᠷᠢ ᠵᠢ ᠳᠦᠷᠭᠡᠨ ᠳᠤᠭᠳᠠᠭ᠋ᠠᠵᠤ᠂ ᠰᠠᠭ᠋ᠠᠯᠢᠴᠢᠨ᠎ᠤ ᠭᠡᠷ ᠪᠦᠯᠢ ᠵᠢᠨ ᠮᠠᠯᠵᠢᠯ᠎ᠤᠨ ᠳᠠᠯᠠᠪᠠᠢ ᠵᠢ ᠢᠳᠡᠪᠬᠢᠳᠡᠢ ᠬᠦᠭᠵᠢᠬᠦᠯᠦᠨ᠂ ᠰᠠᠭ᠋ᠠᠯᠢᠴᠢᠳ᠎ᠤᠨ ᠬᠤᠷᠰᠢᠶ᠎ᠠ ᠵᠢ ᠪᠤᠢ᠌ᠵᠢᠭᠤᠯᠤᠨ ᠪᠤᠵᠠᠭ᠋ᠠᠢ᠌ᠷᠠᠭᠤᠯᠵᠤ᠂ ᠨᠦᠬᠦᠴᠡᠯ᠎ᠲᠠᠢ ᠰᠠᠭ᠋ᠠᠯᠢᠴᠢᠳ ᠪᠤᠯᠤᠨ ᠬᠤᠷᠰᠢᠶ᠎ᠠ ᠵᠢᠨ ᠴᠠᠭ᠋ᠠᠨ ᠢᠳᠡᠭᠡ ᠠ᠋ᠳ᠋ᠰᠢᠬᠦᠯᠵᠤ ᠪᠤᠯᠪᠠᠰᠤᠷᠠᠭᠤᠯᠤᠨ ᠬᠦᠢ᠍ᠯᠭᠡᠭᠡᠬᠦ ᠪᠡ ᠬᠦᠭᠵᠢᠬᠦᠯᠬᠦ ᠵᠢ ᠳᠡᠮᠵᠢᠬᠦ ᠭᠡᠷᠡᠭᠳᠡᠢ᠃ ᠴᠠᠭ᠋ᠠᠨ ᠢᠳᠡᠭᠡ ᠠ᠋ᠳ᠋ᠰᠢᠬᠦᠯᠵᠤ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠰᠢᠯᠢᠳᠡᠭᠵᠢᠨ ᠬᠦᠴᠦᠷᠭᠡᠭᠵᠢᠬᠦ ᠵᠢ ᠵᠤᠷᠢᠭᠵᠢᠭᠤᠯᠵᠤ᠂ ᠰᠠᠭ᠋ᠠᠯᠢᠴᠢᠨ᠎ᠤ ᠠᠰᠢᠭ ᠳᠤᠰᠠ ᠵᠢᠨ ᠬᠤᠯᠪᠤᠭ᠋ᠠᠨ᠎ᠤ ᠳᠤᠭᠳᠠᠴᠠ ᠵᠢ ᠪᠠᠢ᠌ᠭᠤᠯᠵᠤ ᠳᠡᠬᠦᠯᠳᠡᠷᠵᠢᠬᠦᠯᠦᠨ᠂ ᠰᠠᠭ᠋ᠠᠯᠢᠴᠢᠳ᠎ᠤᠨ ᠠᠰᠢᠭ ᠳᠤᠰᠠ ᠵᠢ ᠦᠨᠡᠨᠬᠦ ᠪᠠᠳᠤᠯᠠᠬᠤ ᠭᠡᠷᠡᠭᠳᠡᠢ᠃ ᠨᠢᠯᠬ᠎ᠠ ᠭᠡᠤᠭᠡᠳ᠎ᠤᠨ ᠨᠠᠢ᠌ᠷᠠᠯᠭ᠎ᠠ᠎ᠲᠠᠢ ᠰᠦᠨ ᠳᠠᠯᠬ᠎ᠠ ᠵᠢᠨ ᠳᠦᠷᠦᠯ ᠳᠡᠮᠳᠡᠭ᠎ᠤᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠵᠤ᠂ ᠪᠦᠳᠦᠭᠡᠭᠳᠡᠬᠦᠨ᠎ᠤ ᠶᠠᠰᠤ ᠴᠢᠨᠠᠷ᠂ ᠦᠷᠢᠰᠦᠯᠳᠦᠬᠦ ᠬᠦᠴᠦᠨ ᠪᠠ ᠨᠡᠷ᠎ᠠ ᠠᠯᠳᠠᠷᠰᠢᠯ᠎ᠢ ᠳᠡᠭᠡᠭᠰᠢᠯᠡᠬᠦᠯᠬᠦ ᠭᠡᠷᠡᠭᠳᠡᠢ᠃ ᠴᠠᠭ᠋ᠠᠨ ᠢᠳᠡᠭᠡ ᠵᠢᠨ ᠶᠠᠰᠤ ᠴᠢᠨᠠᠷ ᠠᠮᠤᠷ ᠳᠦᠪᠰᠢᠨ᠎ᠤ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠵᠤ᠂ ᠬᠢᠨᠠᠨ ᠰᠢᠯᠭ᠋ᠠᠵᠤ ᠬᠢᠨᠠᠨ ᠪᠠᠢ᠌ᠴᠠᠭ᠋ᠠᠬᠤ ᠰᠢᠰᠲᠸᠮ᠎ᠢ ᠪᠦᠷᠢᠨᠰᠢᠬᠦᠯᠦᠨ᠂ ᠶᠠᠰᠤ ᠴᠢᠨᠠᠷ ᠠᠮᠤᠷ ᠳᠦᠪᠰᠢᠨ᠎ᠤ ᠬᠤᠷᠢᠭ᠎ᠠ ᠱᠤᠭᠤᠮ᠎ᠢ ᠪᠠᠳᠤ ᠰᠠᠬᠢᠬᠤ ᠭᠡᠷᠡᠭᠳᠡᠢ᠃ ᠳᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠤᠯᠭ᠋ᠠᠭᠤᠷᠢ ᠦᠢ᠍ᠯᠡᠴᠢᠯᠡᠭᠡ᠎ᠪᠠᠨ ᠠ᠋ᠷᠴᠢᠮᠵᠢᠬᠦᠯᠵᠤ᠂ ᠳᠤᠰ ᠪᠡᠶ᠎ᠡ ᠵᠢᠨ ᠳᠠᠪᠠᠭᠤᠯᠢᠭ ᠵᠶ᠋ᠡᠨ ᠪᠠᠳᠠᠷᠠᠭᠤᠯᠤᠨ᠂ ᠦᠷᠢᠰᠦᠯᠳᠦᠬᠦ ᠬᠦᠴᠦᠨ ᠪᠦᠬᠦᠢ ᠦᠨᠳᠦᠰᠦᠳᠡᠨ᠎ᠤ ᠰᠦ ᠵᠢᠨ ᠦᠢ᠍ᠯᠡᠰ᠎ᠢ ᠴᠤᠭᠴᠠᠯᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠬᠤ᠌ ᠴᠦᠨ ᠬᠤᠸᠠ ᠦᠪᠦᠷ ᠮᠤᠩᠭᠤᠯ᠎ᠳᠤ ᠪᠠᠢ᠌ᠭᠰᠠᠨ ᠬᠤᠭᠤᠴᠭ᠋ᠠᠨ᠎ᠳᠤ᠎ᠪᠠᠨ ᠬᠦᠯᠦᠨ ᠪᠤᠢ᠌ᠷ ᠬᠤᠳᠠ ᠵᠢᠨ ᠬᠠᠢ᠌ᠯᠠᠷ ᠳᠤᠭᠤᠷᠢᠭ ᠪᠤᠯᠤᠨ ᠬᠢᠩᠭ᠋ᠠᠨ ᠠᠢ᠌ᠮᠠᠭ᠎ᠤᠨ ᠤᠯᠠᠭ᠋ᠠᠨᠬᠤᠳᠠ᠂ ᠬᠤᠷᠴᠢᠨ ᠪᠠᠷᠠᠭᠤᠨ ᠭᠠᠷᠤᠨ ᠠ᠋ᠮᠤᠨᠡᠳᠤ ᠬᠤᠰᠢᠭᠤᠨ᠎ᠳᠤ ᠬᠦᠷᠴᠤ᠂ ᠰᠦ ᠵᠢᠨ ᠦᠢ᠍ᠯᠡᠰ᠎ᠢ ᠬᠦᠭᠵᠢᠬᠦᠯᠦᠨ ᠮᠠᠨᠳᠤᠭᠤᠯᠬᠤ ᠠᠵᠢᠯ᠎ᠢ ᠠᠬᠢᠭᠤᠯᠵᠤ ᠪᠠᠢ᠌ᠭ᠎ᠠ ᠵᠢᠴᠢ ᠬᠦᠳᠡᠭᠡ ᠳᠤᠰᠬᠤᠨ᠎ᠤ ᠤᠷᠤᠰᠢᠨ ᠰᠠᠭᠤᠬᠤ ᠤᠷᠴᠢᠨ ᠳᠤᠭᠤᠷᠢᠨ᠎ᠤ ᠵᠠᠰᠠᠨ ᠴᠡᠭᠴᠡᠯᠡᠯᠳᠡ ᠪᠠ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠳᠠᠯ᠎ᠠ ᠵᠢᠨ ᠠᠵᠢᠯ᠎ᠤᠨ ᠠᠬᠢᠴᠠ ᠵᠢ ᠪᠤᠳᠠᠳᠠᠢ ᠭᠠᠵᠠᠷ᠎ᠲᠤ᠎ᠨᠢ ᠪᠠᠢ᠌ᠴᠠᠭ᠋ᠠᠨ ᠰᠤᠳᠤᠯᠵᠤ᠂ ᠳᠠᠷᠢᠶᠠᠯᠠᠩ᠎ᠤᠨ ᠬᠤᠷᠰᠢᠶ᠎ᠠ ᠵᠢᠨ ᠰᠢᠬᠢᠷ ᠯᠤᠤᠪᠠᠩ᠎ᠤᠨ ᠦᠢ᠍ᠯᠡᠳᠪᠤᠷᠢᠯᠡᠯ᠎ᠤᠨ ᠰᠠᠭᠤᠷᠢᠨ ᠵᠶ᠋ᠡᠷ ᠰᠢᠨᠵᠢᠯᠠᠨ ᠪᠠᠢ᠌ᠴᠠᠭ᠋ᠠᠬᠤ ᠵᠢᠨ ᠬᠠᠮᠳᠤ ᠶᠠᠳᠠᠭᠤ ᠬᠦᠴᠢᠷᠳᠡᠯ᠎ᠲᠠᠢ ᠭᠠᠴᠠᠭ᠎ᠠ ᠪᠤᠯᠤᠨ ᠮᠠᠯᠴᠢᠨ ᠳᠠᠷᠢᠶᠠᠴᠢᠨ᠎ᠤ ᠭᠡᠷ ᠵᠶ᠋ᠡᠷ ᠬᠦᠨᠵᠡᠭᠡᠢ᠌ᠷᠡᠵᠤ᠂ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠦᠢ᠍ᠯᠡᠳᠪᠤᠷᠢᠯᠡᠯ ᠠᠮᠢᠳᠤᠷᠠᠯ᠎ᠤᠨ ᠪᠠᠢ᠌ᠳᠠᠯ᠎ᠢ ᠨᠠᠷᠢᠨ ᠤᠢ᠌ᠯᠠᠭ᠋ᠠᠵᠠᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ ᠳᠠᠯᠠᠨ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ᠎ᠤᠨ ᠠ᠋ᠩ᠎ᠤᠨ ᠮᠠᠷᠭᠤᠯᠳᠤᠭ᠋ᠠᠨ᠎ᠳᠤ ᠤᠷᠤᠯᠴᠠᠪᠠ
ᠬᠤ᠌ ᠴᠦᠨ ᠬᠤᠸᠠ ᠠᠵᠢᠯ ᠤᠯᠭᠤᠯᠳᠠ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠤᠷᠤᠯᠴᠠᠨ ᠶᠠᠷᠢᠶ᠎ᠠ ᠳᠠᠯᠪᠢᠪᠠ
ᠬᠤ᠌ ᠴᠦᠨ ᠬᠤᠸᠠ ᠳᠦᠪ᠎ᠤᠨ ᠪᠠᠢ᠌ᠭᠤᠯᠭ᠎ᠠ ᠨᠢᠭᠡᠴᠢ ᠵᠢᠨ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠵᠤ ᠶᠠᠷᠢᠶ᠎ᠠ ᠳᠠᠯᠪᠢᠪᠠ
ᠸᠠᠩ ᠢ ᠸᠢᠶᠸᠲᠨᠠᠮ᠎ᠤᠨ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ ᠬᠤ᠌ ᡁᠢ ᠮᠢᠩ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠷᠤᠸᠠᠨ ᠱᠠᠨ ᠷᠸᠨ᠎ᠲᠠᠢ ᠠᠭᠤᠯᠵᠠᠪᠠ
ᠳᠤᠮᠳᠠᠳᠤ ᠸᠢᠶᠸᠲᠨᠠᠮ᠎ᠤᠨ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠤ ᠵᠢᠯᠤᠭᠤᠳᠬᠤ ᠵᠦᠪᠯᠡᠯ᠎ᠤᠨ ᠠᠷᠪᠠᠨ ᠨᠢᠭᠡᠳᠦᠭᠡᠷ ᠤᠳᠠᠭ᠋ᠠᠨ᠎ᠤ ᠬᠤᠷᠠᠯ ᠬᠤᠷᠠᠯᠳᠤᠪᠠ
 
            