ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠤ᠌ ᠴᠦᠨ ᠬᠤᠸᠠ 8 ᠳ᠋ᠤᠭ᠋ᠠᠷ ᠰᠠᠷ᠎ᠠ ᠵᠢᠨ 20᠎ᠤ ᠠ᠋ᠳᠤᠷ᠎ᠠᠴᠠ 21᠎ᠤ ᠠ᠋ᠳᠤᠷ ᠪᠤᠯᠳᠠᠯ᠎ᠠ ᠯᠢᠶᠤᠤᠨᠢᠩ ᠮᠤᠵᠢ ᠵᠢᠨ ᠭᠠᠳᠠᠭ᠋ᠠᠳᠤ ᠠᠷᠠᠯᠵᠢᠶᠠᠨ᠎ᠤ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠠᠢ᠌ᠨ᠎ᠠ᠃
ᠬᠤ᠌ ᠴᠦᠨ ᠬᠤᠸᠠ ᠤᠷᠢᠳ ᠬᠤᠵᠢᠳ ᠯᠢᠶᠤᠤᠨᠢᠩ᠎ᠤᠨ ᠴᠢᠯᠦᠭᠡᠳᠤ ᠠᠷᠠᠯᠵᠢᠶᠠᠨ᠎ᠤ ᠳᠤᠷᠰᠢᠯᠳᠠ ᠵᠢᠨ ᠳᠤᠭᠤᠷᠢᠭ᠎ᠤᠨ ᠳ᠋ᠡᠯᠢᠶᠠᠨᠤ ᠭᠡᠰᠡᠭ᠂ ᠳ᠋ᠠᠯᠢᠶᠠᠨ᠎ᠤ ᠳᠠᠸᠠᠷ᠎ᠤᠨ ᠠᠷᠠᠯᠵᠢᠶᠠᠨ᠎ᠤ ᠭᠠᠵᠠᠷ ᠪᠤᠯᠤᠨ ᠳ᠋ᠠᠯᠢᠶᠠᠨ ᠭᠠᠷᠠᠮ᠎ᠳᠤ ᠬᠦᠷᠴᠤ ᠬᠤᠯᠪᠤᠭᠳᠠᠯ ᠪᠦᠬᠦᠢ ᠳᠠᠯ᠎ᠠ ᠵᠢᠨ ᠳᠠᠨᠢᠯᠴᠠᠭᠤᠯᠭ᠎ᠠ ᠵᠢ ᠰᠤᠨᠤᠰᠪᠠ᠃ ᠳᠡᠷᠡ᠂ ᠨᠡᠩ ᠦᠨᠳᠦᠷ ᠳᠦᠪᠰᠢᠨ᠎ᠤ ᠨᠡᠭᠡᠭᠡᠯᠳᠡ ᠵᠢᠨ ᠱᠠᠭ᠋ᠠᠷᠳᠠᠯᠭ᠎ᠠ᠎ᠳᠤ ᠨᠡᠢ᠌ᠴᠡᠬᠦᠯᠦᠨ᠂ ᠳᠦᠷᠢᠮ᠎ᠤᠨ ᠰᠢᠨᠡᠴᠢᠯᠡᠯᠲᠡ ᠵᠢᠨ ᠠ᠋ᠨᠡᠬᠦ ᠭᠤᠤᠯᠳᠠᠯᠭ᠎ᠠ ᠵᠢ ᠳᠤᠪᠤᠢ᠌ᠯᠭ᠋ᠠᠵᠤ᠂ ᠠᠷᠠᠯᠵᠢᠶᠠᠨ᠎ᠤ ᠪᠡᠯᠡ ᠤᠷᠤᠭᠤᠯᠤᠯᠳᠠ ᠵᠢᠨ ᠴᠢᠯᠦᠭᠡᠵᠢᠯᠳᠡ ᠪᠡ ᠳᠦᠬᠦᠮᠴᠢᠯᠡᠯᠳᠡ ᠵᠢ ᠠᠬᠢᠭᠤᠯᠤᠨ᠂ ᠴᠢᠯᠦᠭᠡᠳᠤ ᠠᠷᠠᠯᠵᠢᠶᠠᠨ᠎ᠤ ᠳᠤᠷᠰᠢᠯᠳᠠ ᠵᠢᠨ ᠳᠤᠭᠤᠷᠢᠭ᠎ᠢ ᠭᠠᠳᠠᠭ᠋ᠠᠳᠤ ᠨᠡᠭᠡᠭᠡᠯᠳᠡ ᠵᠢᠨ ᠰᠢᠨ᠎ᠠ ᠤᠷᠤᠨ ᠪᠤᠯᠭ᠋ᠠᠨ ᠪᠦᠳᠦᠭᠡᠨ ᠪᠠᠢ᠌ᠭᠤᠯᠵᠤ᠂ ᠦᠭᠡᠷᠡᠴᠢᠯᠡᠯᠳᠡ ᠵᠢ ᠦᠷᠭᠡᠳᠭᠡᠬᠦ ᠶᠠᠪᠤᠴᠠ᠎ᠳᠤ ᠳᠤᠷᠰᠢᠯᠳᠠ ᠵᠢᠨ ᠳᠤᠭᠤᠷᠢᠭ᠎ᠤᠨ ᠦᠢ᠍ᠯᠡᠳᠤᠯ᠎ᠢ ᠪᠠᠳᠠᠷᠠᠭᠤᠯᠤᠨ᠂ ᠬᠠᠪᠢ ᠵᠡᠷᠭᠡᠯᠡᠳᠡᠭᠡ ᠭᠠᠵᠠᠷ ᠤᠷᠤᠨ᠎ᠢ ᠦᠨᠡᠨᠬᠦ ᠨᠦᠯᠦᠭᠡᠯᠡᠨ ᠳᠠᠭ᠋ᠠᠭᠤᠯᠬᠤ ᠭᠡᠷᠡᠭᠳᠡᠢ᠃ ᠳᠡᠯᠡᠭᠡᠢ ᠵᠢᠨ ᠳᠦᠪᠰᠢᠨ᠎ᠤ ᠪᠠᠷᠢᠮᠵᠢᠶ᠎ᠠ᠎ᠳᠤ ᠵᠤᠬᠢᠴᠠᠭᠤᠯᠤᠨ᠂ ᠪᠤᠭᠤᠮᠳᠠ᠎ᠪᠠᠷ ᠭᠠᠷᠬᠤ ᠴᠠᠭ᠎ᠢ ᠪᠤᠭᠤᠨᠢᠰᠬᠠᠬᠤ᠂ ᠪᠤᠭᠤᠮᠳᠠ᠎ᠪᠠᠷ ᠭᠠᠷᠬᠤ ᠵᠠᠷᠤᠳᠠᠯ᠎ᠢ ᠪᠠᠭ᠋ᠠᠰᠬᠠᠬᠤ ᠳᠡᠭᠡᠷ᠎ᠡ ᠬᠦᠴᠤ ᠤᠷᠤᠭᠤᠯᠵᠤ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠢ ᠬᠠᠪᠰᠤᠷᠤᠨ ᠦᠷ᠎ᠡ ᠠᠰᠢᠭ᠎ᠢ᠎ᠨᠢ ᠳᠡᠭᠡᠭᠰᠢᠯᠡᠬᠦᠯᠦᠨ ᠦᠪᠡᠷ᠎ᠤᠨ ᠦᠷᠳᠡᠭ᠎ᠢ᠎ᠨᠢ ᠪᠠᠭᠤᠷᠠᠭᠤᠯᠬᠤ ᠭᠡᠷᠡᠭᠳᠡᠢ᠃ ᠬᠤᠯᠪᠤᠭᠳᠠᠯ ᠪᠦᠬᠦᠢ ᠮᠦᠩᠬᠦᠨ ᠬᠦᠢ᠍ᠯᠭᠡᠭᠡᠨ᠎ᠤ ᠳᠦᠷᠦ ᠵᠢᠨ ᠪᠤᠳᠤᠯᠭ᠎ᠠ ᠵᠢ ᠰᠠᠢ᠌ᠳᠤᠷ ᠠᠰᠢᠭᠯᠠᠨ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠪᠦᠳᠦᠮᠵᠢᠳᠡᠢ ᠬᠠᠮᠢᠶᠠᠷᠤᠯᠳᠠ᠂ ᠦᠨ᠎ᠡ ᠬᠠᠩᠰᠢ ᠵᠢᠨ ᠭᠡᠯᠪᠡᠯᠵᠢᠯ ᠵᠡᠷᠭᠡ ᠵᠠᠬ᠎ᠠ ᠳᠡᠯᠭᠡᠬᠦᠷ᠎ᠤᠨ ᠠᠶᠤᠯ ᠳᠦᠭᠰᠢᠬᠦᠷᠢᠳᠤ ᠮᠦᠩᠬᠦᠨ ᠬᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠭᠡᠷᠡᠭᠳᠡᠢ ᠭᠡᠵᠤ ᠴᠢᠬᠤᠯᠠᠴᠢᠯᠠᠪᠠ᠃
ᠬᠤ᠌ ᠴᠦᠨ ᠬᠤᠸᠠ ᠳᠤᠬᠠᠢ ᠵᠢᠨ ᠭᠠᠵᠠᠷ᠎ᠤᠨ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠳᠤ ᠪᠠᠢ᠌ᠴᠠᠭ᠋ᠠᠨ ᠰᠤᠳᠤᠯᠤᠯᠳᠠ ᠬᠢᠵᠤ᠂ ᠠᠵᠤ ᠠᠬᠤᠢ᠌ᠯᠠᠯ᠎ᠤᠨ ᠦᠢ᠍ᠯᠡᠳᠪᠤᠷᠢᠯᠡᠯ ᠡᠵᠡᠩᠨᠡᠯᠳᠡ ᠵᠢᠨ ᠪᠠᠢ᠌ᠳᠠᠯ ᠪᠤᠯᠤᠨ ᠤᠷᠤᠰᠢᠵᠤ ᠪᠠᠢ᠌ᠭ᠎ᠠ ᠬᠦᠴᠢᠷᠳᠡᠯ ᠪᠤᠯᠤᠨ ᠠᠰᠠᠭᠤᠳᠠᠯ᠎ᠢ ᠤᠢ᠌ᠯᠠᠭ᠋ᠠᠭᠰᠠᠨᠤ ᠳᠠᠷᠠᠭ᠎ᠠ᠂ ᠳᠤᠮᠳᠠᠳᠤ ᠤᠯᠤᠰ ᠭᠠᠳᠠᠭ᠋ᠠᠳᠤ ᠨᠡᠭᠡᠭᠡᠯᠳᠡ ᠵᠢᠨ ᠠ᠋ᠬᠦᠳᠡ᠎ᠪᠠᠨ ᠤᠯᠠᠮ ᠵᠶ᠋ᠡᠷ ᠶᠡᠭᠡᠰᠭᠡᠵᠤ᠂ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠤᠯᠠᠮ ᠵᠶ᠋ᠡᠷ ᠰᠢᠯᠢᠳᠡᠭᠵᠢᠬᠦᠯᠦᠨ᠂ ᠡᠯ᠎ᠡ ᠤᠯᠤᠰ᠎ᠤᠨ ᠠᠵᠤ ᠠᠬᠤᠢ᠌ᠯᠠᠯ᠎ᠳᠤ ᠨᠡᠩ ᠠᠷᠪᠢᠨ ᠠᠷᠠᠯᠵᠢᠶᠠᠨ᠎ᠤ ᠵᠠᠪᠰᠢᠶᠠᠨ ᠤᠯᠭᠤᠬᠤ ᠪᠤᠯᠤᠨ᠎ᠠ᠃ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠨᠢ ᠳᠤᠮᠳᠠᠳᠤ ᠤᠯᠤᠰ᠎ᠲᠤ ᠪᠠᠢ᠌ᠭ᠎ᠠ ᠭᠠᠳᠠᠭ᠋ᠠᠳᠤ ᠵᠢᠨ ᠠᠵᠤ ᠠᠬᠤᠢ᠌ᠯᠠᠯ᠎ᠤᠨ ᠬᠠᠤᠯᠢ ᠶᠤᠰᠤᠨ᠎ᠤ ᠠ᠋ᠷᠭᠡ ᠠᠰᠢᠭ᠎ᠢ ᠦᠩᠭᠡᠷᠡᠭᠰᠡᠨᠲᠠᠢᠪᠠᠨ ᠠᠳᠠᠯᠢ᠎ᠪᠠᠷ ᠬᠠᠮᠠᠭ᠋ᠠᠯᠠᠵᠤ᠂ ᠭᠠᠳᠠᠭ᠋ᠠᠳᠤ ᠤᠯᠤᠰ᠎ᠤᠨ ᠠᠵᠤ ᠠᠬᠤᠢ᠌ᠯᠠᠯ᠎ᠤᠨ ᠪᠡᠯᠡ ᠣᠷᠤᠭᠤᠯᠤᠯᠲᠠ ᠪᠤᠯᠤᠨ ᠦᠢ᠍ᠯᠡᠳᠪᠤᠷᠢᠯᠡᠯ ᠵᠶ᠋ᠡᠨ ᠦᠷᠭᠡᠳᠭᠡᠬᠦ ᠵᠢ ᠳᠡᠮᠵᠢᠨ᠂ ᠳᠤᠮᠳᠠᠳᠤ ᠤᠯᠤᠰ᠎ᠤᠨ ᠬᠦᠭᠵᠢᠯᠳᠡ ᠵᠢᠨ ᠠᠰᠢᠭ ᠤᠯᠵᠠ ᠵᠢ ᠬᠠᠮᠳᠤ᠎ᠪᠠᠷ ᠠ᠋ᠳ᠋ᠯᠡᠬᠦ ᠵᠢ ᠳᠡᠮᠵᠢᠨ᠎ᠡ ᠭᠡᠵᠤ ᠴᠢᠬᠤᠯᠠᠴᠢᠯᠠᠪᠠ᠃