ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠤ᠌ ᠴᠦᠨ ᠬᠤᠸᠠ ᠠᠵᠢᠯ ᠤᠯᠭᠤᠯᠳᠠ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠤᠷᠤᠯᠴᠠᠨ ᠶᠠᠷᠢᠶ᠎ᠠ ᠳᠠᠯᠪᠢᠪᠠ
ᠨᠡᠶᠢᠲᠡᠯᠡᠭᠰᠡᠨ ᠴᠠᠭ᠄ 2018-11-27

         
      ᠠᠵᠢᠯ ᠤᠯᠭᠤᠯᠳᠠ ᠵᠢᠨ ᠠᠵᠢᠯ᠎ᠤᠨ ᠶᠠᠷᠢᠯᠴᠠᠬᠤ ᠬᠤᠷᠠᠯ 9 ᠳ᠋ᠤᠭᠡᠷ ᠰᠠᠷ᠎ᠠ ᠵᠢᠨ 17᠎ᠤ ᠠ᠋ᠳᠤᠷ ᠪᠡᠭᠡᠵᠢᠩ᠎ᠳᠤ ᠬᠤᠷᠠᠯᠳᠤᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠤ᠌ ᠴᠦᠨ ᠬᠤᠸᠠ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ᠃
      ᠬᠤ᠌ ᠴᠦᠨ ᠬᠤᠸᠠ᠂ ᠤᠳᠤᠬᠠᠨ᠎ᠤ ᠮᠠᠨ᠎ᠤ ᠤᠯᠤᠰ᠎ᠤᠨ ᠠᠵᠢᠯ ᠤᠯᠭᠤᠯᠳᠠ ᠵᠢᠨ ᠪᠠᠢ᠌ᠳᠠᠯ ᠦᠨᠳᠦᠰᠦᠨ᠎ᠳᠤ᠎ᠪᠠᠨ ᠳᠤᠭᠳᠠᠭᠤᠨ ᠪᠠᠢ᠌ᠭᠰᠠᠨ ᠴᠤ᠌ ᠨᠢᠭᠡ ᠪᠦᠯᠦᠭ ᠬᠠᠨᠳᠤᠯᠭ᠋ᠠᠳᠤ ᠴᠢᠨᠠᠷ᠎ᠲᠠᠢ ᠠᠰᠠᠭᠤᠳᠠᠯ ᠴᠤᠬᠤᠢ᠌ᠵᠤ ᠪᠠᠢ᠌ᠬᠤ ᠳᠤᠯᠠ ᠠᠵᠢᠯ ᠤᠯᠭᠤᠯᠳᠠ ᠵᠢᠨ ᠬᠦᠨᠳᠤ ᠴᠢᠩᠭ᠎ᠠ ᠴᠢᠨᠠᠷ᠂ ᠨᠠᠷᠢᠨ ᠪᠤᠳᠤᠯᠢᠶᠠᠨ᠎ᠲᠠᠢ ᠴᠢᠨᠠᠷ᠎ᠢ ᠬᠦᠩᠭᠡᠪᠴᠢᠯᠠᠵᠤ ᠪᠤᠯᠬᠤ ᠦᠭᠡᠢ᠃ ᠭᠤᠤᠯᠳᠠᠯᠭ᠎ᠠ ᠵᠢ ᠳᠤᠪᠤᠢ᠌ᠯᠠᠭ᠋ᠠᠨ᠂ ᠦᠶᠡᠷ᠎ᠠᠴᠠ ᠠ᠋ᠮᠤᠨ᠎ᠠ ᠦᠨᠳᠦᠷ ᠬᠠᠰᠢᠯᠭ᠎ᠠ ᠪᠤᠰᠬᠠᠵᠤ᠂ ᠪᠦᠳᠦᠮᠵᠢᠳᠡᠢ ᠠᠷᠭ᠎ᠠ ᠭᠡᠮᠵᠢᠶ᠎ᠡ ᠠᠪᠴᠤ᠂ ᠪᠤᠳᠠᠳᠤ ᠠᠵᠢᠯᠯᠠᠭ᠎ᠠ᠎ᠪᠠᠷ ᠵᠶ᠋ᠡᠨ ᠠᠵᠤ ᠠᠬᠤᠢ᠌ᠯᠠᠯ ᠪᠤᠯᠤᠨ ᠪᠦᠬᠦ ᠨᠡᠢ᠌ᠭᠡᠮ᠎ᠤᠨ ᠢᠳᠡᠭᠡᠯ᠎ᠢ ᠨᠡᠮᠡᠭᠳᠡᠬᠦᠯᠬᠦ ᠭᠡᠷᠡᠭᠳᠡᠢ᠃ ᠡᠯ᠎ᠡ ᠭᠠᠵᠠᠷ᠎ᠤᠨ᠎ᠬᠢᠨ ᠵᠤᠷᠢᠭᠳᠠᠢ᠎ᠪᠠᠷ ᠬᠠᠷᠢᠭᠤᠴᠠᠯᠭ᠎ᠠ ᠠ᠋ᠬᠦᠷᠭᠡᠯᠡᠨ᠂ ᠢᠳᠡᠪᠬᠢᠳᠡᠢ᠎ᠪᠠᠷ ᠠᠵᠢᠯᠯᠠᠵᠤ᠂ ᠳᠤᠭᠳᠠᠭᠤᠨ ᠵᠶ᠋ᠡᠷ ᠠᠵᠢᠯ ᠤᠯᠭᠤᠬᠤ ᠶᠡᠷᠦᠩᠭᠡᠢ᠌ᠯᠡᠭᠰᠡᠨ ᠠᠷᠭ᠎ᠠ ᠭᠡᠮᠵᠢᠶ᠎ᠡ ᠵᠢ ᠳᠦᠷᠭᠡᠨ ᠳᠤᠭᠳᠠᠭ᠋ᠠᠨ᠂ ᠠᠵᠢᠯ᠎ᠤᠨ ᠪᠠᠢ᠌ᠷᠢ ᠵᠢ ᠴᠢᠷᠮᠠᠢ᠌ᠨ ᠨᠡᠮᠡᠭᠳᠡᠬᠦᠯᠵᠤ᠂ ᠰᠢᠨ᠎ᠠ ᠵᠢ ᠠ᠋ᠬᠦᠳᠴᠤ ᠦᠢ᠍ᠯᠡᠰ ᠪᠤᠰᠬᠠᠬᠤ᠎ᠪᠠᠷ ᠠᠵᠢᠯ ᠤᠯᠭᠤᠯᠳᠠ ᠵᠢ ᠳᠠᠢ᠌ᠴᠢᠯᠠᠨ᠂ ᠠᠵᠢᠯ ᠤᠯᠭᠤᠯᠳᠠ᠎ᠪᠠᠷ ᠶᠠᠳᠠᠭᠤ ᠵᠢ ᠳᠡᠳᠬᠦᠬᠦ ᠵᠢ ᠠᠬᠢᠭᠤᠯᠵᠤ᠂ ᠨᠡᠢ᠌ᠭᠡᠮ᠎ᠤᠨ ᠠ᠋ᠶ᠎ᠡ ᠵᠤᠬᠢᠴᠠᠩᠭᠤᠢ ᠵᠢ ᠠᠬᠢᠭᠤᠯᠬᠤ ᠭᠡᠷᠡᠭᠳᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠪᠠᠢ᠌ᠳᠠᠯ᠎ᠤᠨ ᠬᠤᠪᠢᠷᠠᠯᠳᠠ ᠵᠢ ᠨᠢᠭ᠍ᠳᠡ ᠠᠵᠢᠭᠯᠠᠵᠤ᠂ ᠬᠤᠷᠸ᠎ᠠ ᠳᠤᠬᠢᠷᠠᠭᠤᠯᠤᠯᠳᠠ ᠪᠤᠯᠤᠨ ᠳᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠂ ᠠᠵᠢᠯ ᠤᠯᠭᠤᠯᠳᠠ᠎ᠳᠤ ᠢᠳᠡᠪᠬᠢᠳᠡᠢ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤ᠌ ᠴᠦᠨ ᠬᠤᠸᠠ ᠳᠦᠪ᠎ᠤᠨ ᠪᠠᠢ᠌ᠭᠤᠯᠭ᠎ᠠ ᠨᠢᠭᠡᠴᠢ ᠵᠢᠨ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠵᠤ ᠶᠠᠷᠢᠶ᠎ᠠ ᠳᠠᠯᠪᠢᠪᠠ
ᠸᠠᠩ ᠢ ᠸᠢᠶᠸᠲᠨᠠᠮ᠎ᠤᠨ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ ᠬᠤ᠌ ᡁᠢ ᠮᠢᠩ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠷᠤᠸᠠᠨ ᠱᠠᠨ ᠷᠸᠨ᠎ᠲᠠᠢ ᠠᠭᠤᠯᠵᠠᠪᠠ
ᠳᠤᠮᠳᠠᠳᠤ ᠸᠢᠶᠸᠲᠨᠠᠮ᠎ᠤᠨ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠤ ᠵᠢᠯᠤᠭᠤᠳᠬᠤ ᠵᠦᠪᠯᠡᠯ᠎ᠤᠨ ᠠᠷᠪᠠᠨ ᠨᠢᠭᠡᠳᠦᠭᠡᠷ ᠤᠳᠠᠭ᠋ᠠᠨ᠎ᠤ ᠬᠤᠷᠠᠯ ᠬᠤᠷᠠᠯᠳᠤᠪᠠ
ᠸᠠᠩ ᠶᠦᠩ ᠳᠤᠮᠳᠠᠳᠤ ᠤᠯᠤᠰ᠎ᠤᠨ ᠵᠡᠮᠳᠡᠭᠴᠤᠳ᠎ᠤᠨ ᠳᠤᠯᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠳᠦᠯᠦᠭᠡᠯᠡᠭᠴᠢᠳ᠎ᠤᠨ ᠶᠡᠭᠡ ᠬᠤᠷᠠᠯ ᠳᠡᠭᠡᠷ᠎ᠠ ᠰᠢᠨ᠎ᠠ ᠴᠠᠭ ᠦᠶ᠎ᠠ ᠵᠢᠨ ᠵᠡᠮᠳᠡᠭᠴᠤᠳ᠎ᠤᠨ ᠦᠢ᠍ᠯᠡᠰ᠎ᠤᠨ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠬᠤ ᠭᠡᠷᠡᠭᠳᠡᠢ ᠭᠡᠪᠡ
ᠯᠢ ᠺᠸ ᠴᠢᠶᠠᠩ ᠬᠤᠷᠠᠯ ᠬᠢᠵᠤ 《ᠬᠠᠴᠢᠨ ᠵᠢᠭ᠌ᠲᠠᠢ ᠭᠡᠷᠡᠴᠢ》᠎ᠤᠨ ᠴᠡᠭᠴᠡᠯᠠᠨ ᠵᠠᠰᠠᠬᠤ ᠵᠢ ᠰᠤᠳᠤᠯᠤᠨ ᠶᠠᠷᠢᠯᠴᠠᠪᠠ
 
            