ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 8 ᠳ᠋ᠤᠭ᠋ᠠᠷ ᠰᠠᠷ᠎ᠠ ᠵᠢᠨ 20᠎ᠤ ᠠ᠋ᠳᠤᠷ᠎ᠤᠨ ᠦᠳᠡ ᠵᠢᠨ ᠠ᠋ᠮᠤᠨ᠎ᠠ ᠠᠷᠠᠳ᠎ᠤᠨ ᠶᠡᠭᠡ ᠬᠤᠷᠠᠯ᠎ᠤᠨ ᠳᠢᠩᠬᠢᠮ᠎ᠤᠨ ᠬᠤᠢ᠌ᠳᠤ ᠳᠢᠩᠬᠢᠮ᠎ᠳᠤ ᠤᠭᠳᠤᠬᠤ ᠶᠤᠰᠤᠯᠠᠯ ᠶᠠᠪᠤᠭᠤᠯᠵᠤ᠂ ᠳᠤᠮᠳᠠᠳᠤ ᠤᠯᠤᠰ᠎ᠲᠤ ᠠᠢ᠌ᠯᠴᠢᠯᠠᠬᠤ᠎ᠪᠠᠷ ᠢᠷᠡᠭᠰᠡᠨ ᠮᠠᠯᠠᠢ᠌ᠰᠢᠶ᠎ᠠ ᠵᠢᠨ ᠶᠡᠷᠦᠩᠭᠡᠢ ᠰᠠᠢ᠌ᠳ ᠮᠠᠬᠠᠳᠢᠷᠢ ᠪᠠᠶᠠᠷᠯᠠᠨ ᠤᠭᠳᠤᠪᠠ᠃
ᠯᠢ ᠺᠸ ᠴᠢᠶᠠᠩ᠂ ᠪᠠᠢ᠌ᠳᠠᠯ ᠭᠡᠷᠬᠢᠨ ᠬᠤᠪᠢᠷᠠᠵᠤ ᠬᠦᠭᠵᠢᠭᠰᠡᠨ ᠴᠤ᠌ ᠳᠤᠮᠳᠠᠳᠤ ᠤᠯᠤᠰ᠎ᠤᠨ ᠮᠠᠯᠠᠢ᠌ᠰᠢᠶ᠎ᠠ᠎ᠳᠤ ᠵᠤᠷᠢᠭᠤᠯᠤᠭᠰᠠᠨ ᠨᠦᠬᠦᠷᠰᠡᠭ ᠳᠦᠷᠦ ᠵᠢᠨ ᠪᠤᠳᠤᠯᠭ᠎ᠠ᠎ᠪᠠᠨ ᠤᠷᠳᠤ ᠬᠤᠭᠤᠴᠠᠭ᠎ᠠ᠎ᠪᠠᠷ ᠬᠤᠪᠢᠷᠠᠭᠤᠯᠬᠤ ᠦᠭᠡᠢ᠃ ᠳᠤᠷᠠᠳᠠᠶ᠎ᠡ ᠮᠠᠯᠠᠢ᠌ᠰᠢᠶ᠎ᠠ ᠵᠢᠨ᠎ᠬᠢᠨ᠎ᠲᠠᠢ ᠬᠠᠮᠳᠤ᠎ᠪᠠᠷ ᠤᠯᠠᠮᠵᠢᠯᠠᠯᠳᠤ ᠨᠦᠬᠦᠷᠯᠡᠯ ᠵᠶ᠋ᠡᠨ ᠪᠠᠳᠤᠳᠬᠠᠵᠤ᠂ ᠬᠤᠶᠠᠷ ᠤᠯᠤᠰ᠎ᠤᠨ ᠬᠠᠷᠢᠴᠠᠭ᠎ᠠ ᠬᠢᠭᠡᠳ ᠬᠠᠮᠳᠤᠷᠠᠯᠴᠠᠭ᠎ᠠ᠎ᠪᠠᠨ ᠦᠷᠬᠦᠯᠵᠢᠯᠡᠨ ᠰᠠᠢ᠌ᠨ ᠳᠡᠰ᠎ᠢ ᠠᠬᠢᠭᠤᠯᠤᠨ᠂ ᠭᠠᠵᠠᠷ ᠤᠷᠤᠨ᠎ᠤ ᠳᠠᠢ᠌ᠪᠤᠩ ᠳᠤᠭᠳᠠᠭᠤᠨ ᠬᠢᠭᠡᠳ ᠴᠡᠴᠡᠭᠯᠡᠯ ᠬᠦᠭᠵᠢᠯ᠎ᠢ ᠬᠠᠮᠳᠤ᠎ᠪᠠᠷ ᠬᠠᠮᠠᠭ᠋ᠠᠯᠠᠨ᠎ᠠ ᠭᠡᠵᠤ ᠵᠢᠭ᠋ᠠᠵᠤ ᠭᠠᠷᠭ᠋ᠠᠪᠠ᠃
ᠮᠠᠬᠠᠳᠢᠷ᠂ ᠮᠠᠯᠠᠢ᠌ᠰᠢᠶᠡ ᠳᠤᠮᠳᠠᠳᠤ ᠤᠯᠤᠰ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ᠎ᠠᠴᠠ ᠨᠠᠭ᠋ᠠᠰᠢ ᠬᠤᠶᠠᠷ ᠤᠯᠤᠰ᠎ᠤᠨ ᠬᠠᠷᠢᠴᠠᠭ᠎ᠠ ᠦᠷᠬᠦᠯᠵᠢᠯᠡᠨ ᠬᠦᠭᠵᠢᠭᠰᠡᠭᠡᠷ ᠢᠷᠡᠪᠡ᠃ ᠮᠠᠯᠠᠢ᠌ᠰᠢᠶ᠎ᠠ ᠵᠢᠨ ᠰᠢᠨ᠎ᠠ ᠵᠠᠰᠠᠭ᠎ᠤᠨ ᠤᠷᠳᠤᠨ ᠳᠤᠮᠳᠠᠳᠤ ᠤᠯᠤᠰ᠎ᠲᠤ ᠵᠤᠷᠢᠭᠤᠯᠤᠭᠰᠠᠨ ᠨᠦᠬᠦᠷᠰᠡᠭ ᠳᠦᠷᠦ ᠵᠢᠨ ᠪᠤᠳᠤᠯᠭ᠎ᠠ᠎ᠪᠠᠨ ᠦᠷᠬᠦᠯᠵᠢᠯᠡᠨ ᠪᠠᠷᠢᠮᠳᠠᠯᠠᠨ᠎ᠠ᠃ ᠪᠢ ᠠ᠋ᠨᠡ ᠤᠳᠠᠭ᠎ᠠ ᠳᠤᠮᠳᠠᠳᠤ ᠤᠯᠤᠰ᠎ᠲᠤ ᠠᠢ᠌ᠯᠴᠢᠯᠠᠭᠰᠠᠨ᠎ᠨᠢ ᠳᠤᠮᠳᠠᠳᠤ᠎ᠯᠤᠭ᠎ᠠ ᠵᠢᠨ ᠬᠠᠮᠳᠤᠷᠠᠯᠴᠠᠭ᠎ᠠ᠎ᠪᠠᠨ ᠤᠯᠠᠮ ᠵᠶ᠋ᠡᠷ ᠴᠢᠩᠭ᠋ᠠᠳᠬᠠᠬᠤ ᠵᠢᠨ ᠳᠦᠯᠦᠭᠡ ᠶᠤᠮ᠃ ᠮᠠᠯᠠᠢ᠌ᠰᠢᠶᠡ ᠳᠤᠮᠳᠠᠳᠤ ᠵᠢᠨ ᠬᠠᠷᠢᠴᠠᠭ᠋ᠠᠨ᠎ᠤ ᠬᠦᠭᠵᠢᠯᠳᠡ᠎ᠨᠢ ᠬᠤᠶᠠᠷ ᠳᠠᠯᠠᠳᠤ ᠠᠰᠢᠭ ᠤᠯᠭᠤᠬᠤ ᠵᠢ ᠬᠦᠰᠡᠨ ᠠ᠋ᠷᠡᠮᠡᠯᠵᠡᠯᠡᠵᠤ ᠪᠠᠢ᠌ᠨ᠎ᠠ ᠭᠡᠵᠤ ᠢᠯᠡᠷᠭᠡᠢ᠌ᠯᠡᠪᠡ᠃
ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ᠂ ᠪᠦᠬᠦ ᠤᠯᠤᠰ᠎ᠤᠨ ᠤᠯᠤᠰ ᠳᠦᠷᠦ ᠵᠢᠨ ᠵᠦᠪᠯᠡᠯᠭᠡᠨ᠎ᠤ ᠳᠡᠳ᠋ ᠳᠡᠷᠢᠬᠦᠯᠡᠭᠴᠢ ᠸᠠᠨ ᠭᠠᠩ᠂ ᠪᠦᠬᠦ ᠤᠯᠤᠰ᠎ᠤᠨ ᠤᠯᠤᠰ ᠳᠦᠷᠦ ᠵᠢᠨ ᠵᠦᠪᠯᠡᠯᠭᠡᠨ᠎ᠤ ᠳᠡᠳ᠋ ᠳᠡᠷᠢᠬᠦᠯᠡᠭᠴᠢ᠂ ᠤᠯᠤᠰ᠎ᠤᠨ ᠬᠦᠭᠵᠢᠬᠦᠯᠦᠯᠳᠡ ᠪᠤᠯᠤᠨ ᠦᠭᠡᠷᠡᠴᠢᠯᠡᠯᠳᠡ ᠵᠢᠨ ᠵᠦᠪᠯᠡᠯ᠎ᠤᠨ ᠠ᠋ᠷᠬᠢᠯᠡᠭᠴᠢ ᠠ᠋ᠾᠸ ᠯᠢ ᠹᠸᠩ ᠵᠡᠷᠭᠡ ᠤᠷᠤᠯᠴᠠᠪᠠ᠃





