ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ ᠤᠷᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠠᠹᠦᠷᠦᠹ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-08


     8 ᠳ᠋ᠤᠭ᠋ᠠᠷ ᠰᠠᠷ᠎ᠠ ᠵᠢᠨ 2᠎ᠤᠨ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠭᠰᠠᠨ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠰᠢᠷᠢᠰ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠬᠤ᠎ᠠᠴᠠ ᠠ᠋ᠮᠤᠨ᠎ᠠ ᠤᠷᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠠᠹᠦᠷᠦᠹ᠎ᠲᠠᠢ ᠠᠭᠤᠯᠵᠠᠪᠠ᠃
      ᠸᠠᠩ ᠢ᠎ᠠᠴᠠ ᠳᠦᠷᠦᠬᠦᠭᠡᠨ ᠳᠡᠷᠢᠬᠦᠯᠡᠭᠴᠢ ᠰᠢ ᠵᠢᠨ ᠫᠢᠩ ᠪᠤᠯᠤᠨ ᠶᠡᠷᠦᠩᠭᠡᠢ᠌ᠯᠡᠭᠴᠢ ᠫᠦᠲ᠋ᠢᠨ ᠠ᠋ᠮᠤᠨᠡᠳᠤ ᠠᠹᠷᠢᠺᠠ᠎ᠳᠤ ᠠᠯᠳᠠᠨ ᠳᠤᠭᠤᠰᠬ᠎ᠠ ᠤᠯᠤᠰ᠎ᠤᠳ᠎ᠤᠨ ᠤᠳᠤᠷᠢᠳᠬᠤ ᠬᠦᠮᠦᠰ᠎ᠤᠨ ᠠᠭᠤᠯᠵᠠᠯᠳᠠ᠎ᠳᠤ ᠤᠷᠤᠯᠴᠠᠬᠤ᠎ᠳᠤ᠎ᠪᠠᠨ ᠠᠮᠵᠢᠯᠳᠠ᠎ᠲᠠᠢ ᠠᠭᠤᠯᠵᠠᠨ᠂ ᠤᠳᠤᠬᠠᠨ᠎ᠤ ᠳᠡᠯᠡᠭᠡᠢ ᠵᠢᠨ ᠪᠠᠢ᠌ᠳᠠᠯ ᠪᠤᠯᠤᠨ ᠳᠤᠮᠳᠠᠳᠤ ᠤᠷᠤᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠋ᠠᠨ᠎ᠤ ᠪᠠᠢ᠌ᠯᠳᠤᠬᠤ ᠪᠤᠳᠤᠯᠭ᠎ᠠ ᠵᠢᠨ ᠵᠦᠪᠳᠡᠯᠴᠡᠭᠡᠷ᠎ᠢ ᠭᠡᠷᠬᠢᠨ ᠤᠯᠠᠮ ᠵᠶ᠋ᠡᠷ ᠬᠦᠨᠵᠡᠭᠡᠢ᠌ᠷᠡᠬᠦᠯᠬᠦ ᠳᠤᠬᠠᠢ ᠬᠠᠮᠳᠤ ᠵᠢᠨ ᠰᠢᠨ᠎ᠠ ᠳᠠᠨᠢᠯᠳᠠ᠎ᠲᠠᠢ ᠪᠤᠯᠵᠤ᠂ ᠳᠤᠮᠳᠠᠳᠤ ᠤᠷᠤᠰ᠎ᠤᠨ ᠬᠠᠷᠢᠯᠴᠠᠨ ᠳᠦᠢ᠍ᠯ ᠵᠶ᠋ᠡᠷ ᠴᠢᠬᠤᠯᠠᠴᠢᠯᠠᠭᠳᠠᠬᠤ ᠪᠠᠢ᠌ᠯᠳᠤᠬᠤ ᠪᠤᠳᠤᠯᠭ᠎ᠠ ᠵᠢᠨ ᠬᠠᠨᠢᠳᠠᠨ ᠪᠤᠯᠬᠤ ᠵᠢ ᠳᠠᠬᠢᠨᠳᠠ ᠬᠠᠷᠠᠭᠤᠯᠤᠭᠰᠠᠨ ᠪᠠᠢ᠌ᠨ᠎ᠠ᠃ ᠬᠤᠶᠠᠷ ᠳᠠᠯ᠎ᠠ᠎ᠪᠠᠷ ᠵᠶ᠋ᠡᠨ ᠵᠢᠯ᠎ᠤᠨ ᠳᠤᠳᠤᠷ᠎ᠠ ᠪᠤᠰᠤᠳ ᠳᠡᠭᠡᠳᠤ ᠳᠠᠪᠬᠤᠷᠭ᠋ᠠᠨ᠎ᠤ ᠶᠠᠪᠤᠯᠴᠠᠭ᠋ᠠᠨ᠎ᠤ ᠠ᠋ᠯᠪᠡᠭ ᠠᠮᠵᠢᠯᠳᠠ ᠤᠯᠬᠤ ᠵᠢ ᠪᠠᠳᠤᠯᠠᠨ᠂ ᠳᠤᠮᠳᠠᠳᠤ ᠤᠷᠤᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠵᠦᠪᠳᠡᠯᠴᠡᠭᠡᠷ᠎ᠲᠤ ᠬᠦᠳᠡᠯᠭᠡᠬᠦ ᠬᠦᠴᠦᠨ ᠬᠠᠩᠭ᠋ᠠᠬᠤ᠎ᠪᠠᠷ ᠴᠢᠷᠮᠠᠢ᠌ᠪᠠᠯ ᠵᠤᠬᠢᠨ᠎ᠠ ᠭᠡᠵᠤ ᠢᠯᠡᠷᠭᠡᠢ᠌ᠯᠡᠪᠡ᠃
      ᠯᠠᠹᠦᠷᠦᠹ᠎ᠠᠴᠠ ᠤᠷᠤᠰ ᠳᠤᠮᠳᠠᠳᠤ ᠵᠢᠨ ᠬᠠᠷᠢᠴᠠᠭ᠎ᠠ ᠳᠦᠢ᠍ᠯ᠎ᠤᠨ ᠨᠢᠬᠳᠠ ᠶᠤᠮ᠃ ᠳᠦᠷᠦᠬᠦᠭᠡᠨ ᠫᠦᠲ᠋ᠢᠨ ᠶᠡᠷᠦᠩᠬᠡᠢ᠌ᠯᠡᠭᠴᠢ ᠳᠤᠮᠳᠠᠳᠤ ᠤᠯᠤᠰ᠎ᠲᠤ ᠠᠮᠵᠢᠯᠳᠠ᠎ᠲᠠᠢ ᠠᠢ᠌ᠯᠴᠢᠯᠠᠭᠰᠠᠨ ᠪᠦᠭᠡᠳ ᠬᠤᠶᠠᠷ ᠤᠯᠤᠰ᠎ᠤᠨ ᠤᠳᠤᠷᠢᠳᠤᠯᠭ᠎ᠠ ᠠ᠋ᠮᠤᠨᠡᠳᠤ ᠠᠹᠷᠢᠺᠠ ᠵᠢᠨ ᠶᠤᠬᠠᠨᠨ᠋ᠸᠰᠪᠦᠢ᠍ᠷᠡᠭ᠎ᠲᠤ ᠠᠮᠵᠢᠯᠳᠠ᠎ᠲᠠᠢ ᠠᠭᠤᠯᠵᠠᠪᠠ᠃ ᠵᠢᠯ᠎ᠤᠨ ᠳᠤᠳᠤᠷ᠎ᠠ ᠬᠤᠶᠠᠷ ᠳᠠᠯ᠎ᠠ ᠵᠢᠨ ᠳᠡᠭᠡᠳᠤ ᠳᠠᠪᠬᠤᠷᠭ᠎ᠠ ᠵᠢᠨ᠎ᠬᠢᠨ ᠪᠠᠰᠠ ᠠᠭᠤᠯᠵᠠᠬᠤ᠎ᠪᠠᠷ ᠪᠠᠢ᠌ᠨ᠎ᠠ᠃ ᠤᠷᠤᠰ᠎ᠤᠨ᠎ᠬᠢᠨ ᠳᠤᠷᠠᠳᠠᠶ᠎ᠠ ᠳᠤᠮᠳᠠᠳᠤ ᠤᠯᠤᠰ᠎ᠲᠠᠢ ᠬᠠᠮᠳᠤᠷᠠᠯᠴᠠᠭ᠎ᠠ᠎ᠪᠠᠨ ᠨᠢᠬᠳᠠᠷᠠᠭᠤᠯᠵᠤ᠂ ᠠᠭᠤᠯᠵᠠᠯᠳᠠ ᠵᠢᠨ ᠠᠮᠵᠢᠯᠳᠠ᠎ᠳᠤ ᠬᠦᠷᠬᠦ ᠵᠢ ᠪᠠᠳᠤᠯᠠᠨ᠎ᠠ᠃ ᠤᠷᠤᠰ᠎ᠤᠨ᠎ᠬᠢᠨ ᠳᠤᠮᠳᠠᠳᠤ ᠵᠢᠨ᠎ᠬᠢᠨ᠎ᠲᠠᠢ ᠬᠠᠮᠳᠤᠪᠠᠷ ᠦᠷᠬᠦᠯᠵᠢᠯᠡᠨ ᠴᠢᠬᠤᠯᠠ ᠶᠡᠭᠡ ᠳᠡᠯᠡᠭᠡᠢ ᠵᠢᠨ ᠠᠰᠠᠭᠤᠳᠠᠯ᠎ᠤᠨ ᠳᠤᠬᠠᠢ ᠶᠠᠷᠢᠯᠴᠠᠵᠤ ᠵᠦᠪᠳᠡᠯᠴᠡᠵᠤ ᠵᠤᠬᠢᠴᠠᠭᠤᠯᠬᠤ ᠵᠢ ᠬᠦᠰᠡᠨ ᠬᠦᠯᠢᠶᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠬᠤᠶᠠᠷ ᠳᠠᠯ᠎ᠠ᠎ᠪᠠᠷ ᠵᠶ᠋ᠠᠨ ᠰᠤᠯᠤᠩᠭᠤᠰ ᠬᠤᠢ᠌ᠭ᠎ᠤᠨ ᠪᠠᠢ᠌ᠳᠠᠯ ᠵᠡᠷᠭᠡ ᠬᠠᠮᠳᠤᠪᠠᠷ ᠠᠩᠬᠠᠷᠴᠤ ᠪᠠᠢ᠌ᠭ᠎ᠠ ᠤᠯᠠᠨ ᠤᠯᠤᠰ ᠪᠤᠯᠤᠨ ᠭᠠᠵᠠᠷ ᠤᠷᠤᠨ᠎ᠤ ᠠᠰᠠᠭᠤᠳᠠᠯ᠎ᠤᠨ ᠳᠤᠬᠠᠢ ᠰᠠᠨᠠᠯ ᠵᠶ᠋ᠡᠨ ᠰᠤᠯᠢᠯᠴᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ᠄ ᠠᠮᠸᠷᠢᠺᠠ ᠠᠷᠠᠯᠵᠢᠶᠠᠨ᠎ᠤ ᠳᠠᠢ᠌ᠨ ᠦᠳᠦᠭᠡᠬᠦ᠎ᠨᠢ ᠦᠪᠡᠷ᠎ᠤᠨ ᠬᠤᠤᠷ ᠵᠶ᠋ᠡᠨ ᠦᠪᠡᠷ᠎ᠲᠡᠭᠡᠨ ᠠᠮᠰᠠᠬᠤ ᠶᠠᠪᠤᠳᠠᠯ ᠪᠤᠯᠤᠨ᠎ᠠ
ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ ᠴᠡᠷᠢᠭ ᠪᠠᠢ᠌ᠭᠤᠯᠤᠭᠳᠠᠭᠰᠠᠨ 91 ᠵᠢᠯ᠎ᠤᠨ ᠤᠢ ᠵᠢ ᠳᠤᠷᠠᠰᠬᠠᠬᠤ ᠦᠪᠡᠳᠡᠭᠰᠢ ᠶᠡᠭᠡ ᠳᠠᠢ᠌ᠯᠠᠯᠭ᠎ᠠ ᠬᠢᠪᠠ
ᠠ᠋ᠸᠦᠢ᠍ᠷᠦᠫᠠ ᠵᠢᠨ ᠬᠤᠯᠪᠤᠭ᠎ᠠ᠎ᠲᠠᠢ ᠬᠠᠮᠳᠤᠪᠠᠷ ᠤᠯᠠᠨ ᠳᠠᠯᠠᠳᠤ ᠦᠵᠡᠯ᠎ᠢ ᠳᠡᠮᠵᠢᠨ᠎ᠠ
ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠰᠢᠩᠭ᠋ᠠᠫᠤᠷ᠎ᠲᠤ ᠬᠤᠷᠠᠯᠳᠤᠵᠤ ᠸᠠᠩ ᠢ ᠤᠷᠤᠯᠴᠠᠪᠠ
ᠸᠠᠩ ᠢ᠄ ᠳᠤᠮᠳᠠᠳᠤ ᠤᠯᠤᠰ ᠡᠯ᠎ᠡ ᠳᠠᠯ᠎ᠠ ᠵᠢᠨ᠎ᠬᠢᠨ᠎ᠲᠠᠢ ᠬᠠᠮᠳᠤᠷᠠᠨ ᠢᠷᠡᠨ ᠤᠯᠤᠰ᠎ᠤᠨ ᠴᠦᠮ᠎ᠠ ᠵᠢᠨ ᠳᠤᠬᠠᠢ ᠵᠦᠪᠳᠡᠯᠴᠡᠭᠡᠷ᠎ᠢ ᠦᠷᠬᠦᠯᠵᠢᠯᠡᠨ ᠬᠠᠮᠠᠭ᠋ᠠᠯᠠᠨ᠎ᠠ ᠭᠡᠪᠡ
 
            