ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ ᠸᠢᠶᠸᠲᠨᠠᠮ᠎ᠤᠨ ᠳᠡᠳ᠋ ᠶᠡᠷᠦᠩᠭᠡᠢ ᠰᠠᠢ᠌ᠳ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠠᠨ ᠫᠢᠩ ᠮᠢᠩ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-08

           
     8 ᠳ᠋ᠤᠭ᠋ᠠᠷ ᠰᠠᠷ᠎ᠠ ᠵᠢᠨ 3᠎ᠤ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠭᠰᠠᠨ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠰᠢᠷᠢᠰ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠬᠤ᠎ᠳᠤ᠎ᠪᠠᠨ ᠸᠢᠶᠸᠲᠨᠠᠮ᠎ᠤᠨ ᠳᠡᠳ᠋ ᠶᠡᠷᠦᠩᠭᠡᠢ ᠰᠠᠢ᠌ᠳ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠠᠨ ᠫᠢᠩ ᠮᠢᠩ᠎ᠲᠠᠢ ᠠᠭᠤᠯᠵᠠᠪᠠ᠃
      ᠸᠠᠩ ᠢ᠎ᠠᠴᠠ ᠪᠢᠳᠠ ᠳᠤᠷᠠᠳᠠᠶ᠎ᠠ ᠸᠢᠶᠸᠲᠨᠠᠮ᠎ᠲᠠᠢ ᠬᠠᠮᠳᠤᠪᠠᠷ ᠡᠯ᠎ᠠ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠳᠠᠰᠤᠷᠠᠯᠳᠠ ᠦᠭᠡᠢ ᠬᠦᠨᠵᠡᠭᠡᠢ᠌ᠷᠡᠬᠦᠯᠬᠦ᠂ ᠭᠠᠵᠠᠷ ᠤᠷᠤᠨ᠎ᠤ ᠠ᠋ᠩᠭᠡ ᠳᠠᠢ᠌ᠪᠤᠩ᠎ᠢ ᠠᠬᠢᠭᠤᠯᠬᠤ᠎ᠪᠠᠷ ᠴᠢᠷᠮᠠᠢ᠌ᠨ᠎ᠠ᠃ ᠬᠤᠶᠠᠷ ᠳᠠᠯ᠎ᠠ ᠵᠢᠨ ᠬᠠᠮᠤᠭ ᠳᠡᠭᠡᠳᠤ ᠤᠳᠤᠷᠢᠳᠬᠤ ᠬᠦᠮᠦᠰ ᠳᠠᠯᠠᠢ ᠳᠠᠩᠬᠢᠰ᠎ᠲᠤ ᠬᠤᠯᠪᠤᠭᠳᠠᠬᠤ ᠠᠰᠠᠭᠤᠳᠠᠯ᠎ᠢ ᠵᠤᠬᠢᠰᠳᠠᠢ ᠰᠢᠢ᠍ᠳᠪᠤᠷᠢᠯᠡᠬᠦ ᠴᠢᠬᠤᠯᠠ ᠶᠡᠭᠡ ᠤᠯᠤᠰ ᠳᠦᠷᠦ ᠵᠢᠨ ᠬᠠᠮᠳᠤ ᠵᠢᠨ ᠳᠠᠨᠢᠯᠳᠠ᠎ᠲᠠᠢ ᠪᠤᠯᠵᠠᠢ᠂ ᠪᠢᠳᠠ ᠳᠡᠷᠡ ᠶᠣᠰᠤᠭ᠋ᠠᠷ ᠳᠤᠤᠱᠯᠠᠭᠤᠯᠤᠨ ᠨᠠᠢ᠌ᠳᠠᠪᠤᠷᠢᠵᠢᠭᠤᠯᠪᠠᠯ ᠵᠤᠬᠢᠨ᠎ᠠ᠃ ᠸᠢᠶᠸᠲᠨᠠᠮ᠎ᠤᠨ᠎ᠬᠢᠨ ᠳᠠᠯᠠᠢ ᠳᠠᠩᠬᠢᠰ᠎ᠲᠤ ᠬᠤᠯᠪᠤᠭᠳᠠᠬᠤ ᠠᠰᠠᠭᠤᠳᠠᠯ᠎ᠢ ᠤᠯᠠᠮ ᠬᠢᠨᠠᠮᠠᠭ᠋ᠠᠢ ᠪᠤᠯᠭᠤᠮᠵᠢᠳᠠᠢ᠎ᠪᠠᠷ ᠰᠢᠢ᠍ᠳᠪᠤᠷᠢᠯᠡᠬᠦ ᠪᠠ ᠬᠠᠮᠢᠶᠠᠷᠤᠨ ᠡᠵᠡᠮᠳᠡᠵᠤ᠂ ᠬᠤᠶᠠᠷ ᠤᠯᠤᠰ᠎ᠤᠨ ᠬᠠᠷᠢᠯᠴᠠᠨ ᠢᠳᠡᠭᠡᠯ᠎ᠲᠠᠢ ᠬᠠᠮᠳᠤᠷᠠᠯᠴᠠᠭ᠎ᠠ ᠵᠢ ᠦᠨᠠᠨᠬᠦ ᠬᠠᠮᠠᠭ᠋ᠠᠯᠠᠬᠤ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠹᠠᠨ ᠫᠢᠩ ᠮᠢᠩ᠎ᠠᠴᠠ ᠤᠢ᠌ᠷ᠎ᠠ ᠵᠢᠨ ᠬᠤᠭᠤᠴᠠᠭ᠋ᠠᠨ᠎ᠳᠤ ᠸᠢᠶᠸᠲᠨᠠᠮ ᠳᠤᠮᠳᠠᠳᠤ ᠵᠢᠨ ᠬᠠᠷᠢᠯᠴᠠᠭ᠎ᠠ ᠶᠠᠪᠤᠯᠴᠠᠭ᠎ᠠ ᠤᠯᠠᠰᠢᠷᠠᠵᠤ᠂ ᠤᠯᠤᠰ ᠳᠦᠷᠦ ᠵᠢᠨ ᠢᠳᠡᠭᠡᠯ ᠨᠡᠮᠡᠭᠳᠡᠨ᠂ ᠬᠤᠶᠠᠷ ᠳᠠᠯ᠎ᠠ ᠵᠢᠨ ᠠᠷᠠᠯᠵᠢᠶ᠎ᠠ ᠳᠦᠷᠭᠡᠨ ᠬᠦᠭᠵᠢᠪᠡ᠃ ᠸᠢᠶᠸᠲᠨᠠᠮ᠎ᠤᠨ᠎ᠬᠢᠨ ᠬᠤᠶᠠᠷ ᠨᠠᠮ ᠬᠤᠶᠠᠷ ᠤᠯᠤᠰ᠎ᠤᠨ ᠡᠯ᠎ᠠ ᠳᠠᠪᠬᠤᠷᠭ᠎ᠠ ᠵᠢᠨ ᠶᠠᠪᠤᠯᠴᠠᠭ᠎ᠠ᠎ᠪᠠᠨ ᠤᠯᠠᠮ ᠵᠶ᠋ᠡᠷ ᠨᠢᠬᠳᠠᠷᠠᠭᠤᠯᠵᠤ᠂ ᠬᠤᠶᠠᠷ ᠳᠠᠯ᠎ᠠ ᠵᠢᠨ ᠪᠡᠯᠡ ᠤᠷᠤᠭᠤᠯᠤᠯᠳᠠ ᠪᠠ ᠠᠷᠠᠯᠵᠢᠶᠠᠨ᠎ᠤ ᠬᠠᠮᠳᠤᠷᠠᠯᠴᠠᠭ᠎ᠠ᠎ᠪᠠᠨ ᠦᠷᠭᠡᠳᠭᠡᠬᠦ ᠵᠢ ᠬᠦᠰᠡᠵᠤ ᠪᠠᠢ᠌ᠨ᠎ᠠ᠃ ᠸᠢᠶᠸᠲᠨᠠᠮ᠎ᠤᠨ᠎ᠬᠢᠨ ᠳᠤᠷᠡᠳᠠᠶ᠎ᠠ ᠳᠤᠮᠳᠠᠳᠤ ᠤᠯᠤᠰ᠎ᠲᠠᠢ ᠬᠠᠮᠳᠤᠪᠠᠷ ᠴᠢᠷᠮᠠᠢ᠌ᠵᠤ ᠬᠤᠶᠠᠷ ᠤᠯᠤᠰ᠎ᠤᠨ ᠳᠡᠭᠡᠳᠤ ᠳᠠᠪᠬᠤᠷᠭ᠋ᠠᠨ᠎ᠤ ᠤᠳᠤᠷᠢᠳᠬᠤ ᠬᠦᠮᠦᠰ᠎ᠤᠨ ᠳᠤᠬᠢᠷᠠᠯᠴᠠᠭᠰᠠᠨ ᠬᠠᠮᠳᠤ ᠵᠢᠨ ᠳᠠᠨᠢᠯᠳᠠ ᠵᠢ ᠨᠠᠢ᠌ᠳᠠᠪᠤᠷᠢᠵᠢᠭᠤᠯᠤᠨ᠂ ᠳᠠᠯᠠᠢ ᠳᠠᠩᠬᠢᠰ᠎ᠤᠨ ᠠᠰᠠᠭᠤᠳᠠᠯ᠎ᠢ ᠵᠦᠢ ᠵᠤᠬᠢᠰᠳᠠᠢ ᠰᠢᠢ᠍ᠳᠪᠤᠷᠢᠯᠡᠨ᠎ᠠ ᠭᠡᠵᠤ ᠢᠯᠡᠷᠭᠡᠢ᠌ᠯᠡᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ ᠺᠠᠨᠠᠳᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠷᠸᠢᠯᠠᠨ᠎ᠲᠠᠢ ᠠᠭᠤᠯᠵᠠᠪᠠ
ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠬᠢᠭᠡᠳ ᠳᠤᠮᠳᠠᠳᠤ ᠶᠠᠫᠤᠨ ᠺᠤᠷᠢᠶᠠ (10+3) ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠰᠢᠩᠭ᠋ᠠᠫᠤᠷ᠎ᠲᠤ ᠬᠤᠷᠠᠯᠳᠤᠪᠠ
ᠸᠠᠩ ᠢ ᠪᠷᠦᠢ᠍ᠨ᠋ᠸᠢ ᠵᠢᠨ ᠭᠠᠳᠠᠭ᠋ᠠᠳᠤ ᠶᠠᠪᠤᠳᠠᠯ ᠪᠠ ᠠᠷᠠᠯᠵᠢᠶᠠᠨ᠎ᠤ ᠶᠠᠮᠤᠨ᠎ᠤ ᠬᠤᠶᠠᠳᠤᠭ᠋ᠠᠷ ᠰᠠᠢ᠌ᠳ ᠠᠢ᠌ᠷᠦᠢ᠌ᠸᠠᠨ᠎ᠲᠠᠢ ᠠᠭᠤᠯᠵᠠᠪᠠ
ᠸᠠᠩ ᠢ ᠰᠢᠩᠭ᠋ᠠᠫᠤᠷ᠎ᠤᠨ ᠶᠡᠷᠦᠩᠭᠡᠢ ᠰᠠᠢ᠌ᠳ ᠯᠢ ᠰᠢᠶᠠᠨ ᠯᠦᠩ᠎ᠲᠠᠢ ᠠᠭᠤᠯᠵᠠᠪᠠ
ᠸᠠᠩ ᠢ᠎ᠲᠠᠢ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠳ᠋ᠦᠨ᠎ᠲᠠᠢ ᠠᠭᠤᠯᠵᠠᠪᠠ
 
            