ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠶᠦᠩ ᠠ᠋ᠾᠸᠨᠡᠨ᠎ᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠪᠤᠯᠤᠨ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠦᠭᠡᠷᠡᠴᠢᠯᠡᠯᠳᠡ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2018-07-17

 


       
      ᠰᠢᠨᠬᠤᠸᠠ ᠬᠤᠷᠢᠶᠠᠨ᠎ᠤ ᠵᠸᠩᠵᠸᠤ ᠵᠢᠨ 6 ᠳ᠋ᠤᠭ᠋ᠠᠷ ᠰᠠᠷ᠎ᠠ ᠵᠢᠨ 8᠎ᠤ ᠠ᠋ᠳᠤᠷ᠎ᠤᠨ ᠴᠠᠬᠢᠯᠭ᠋ᠠᠨ ᠮᠡᠳᠡᠭᠡ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠭᠡᠰᠢᠬᠦᠨ ᠸᠠᠩ ᠶᠦᠩ 7᠎ᠤ ᠠ᠋ᠳᠤᠷ᠎ᠠᠴᠠ 8᠎ᠤ ᠠ᠋ᠳᠤᠷ ᠪᠤᠯᠳᠠᠯ᠎ᠠ ᠠ᠋ᠾᠸᠨᠡᠨ᠎ᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠪᠤᠯᠤᠨ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠦᠭᠡᠷᠡᠴᠢᠯᠡᠯᠳᠡ᠎ᠤᠨ ᠠᠵᠢᠯ᠎ᠢ ᠪᠠᠢ᠌ᠴᠠᠭ᠋ᠠᠨ ᠰᠤᠳᠤᠯᠵᠠᠢ᠃
      ᠸᠠᠩ ᠶᠦᠩ ᠤᠷᠢᠳ ᠬᠤᠵᠢᠳ ᠠ᠋ᠾᠸᠨᠠᠨ ᠮᠤᠵᠢ ᠵᠢᠨ ᠺᠠᠢ᠌ᠹᠸᠩ ᠬᠤᠳᠠ᠂ ᠵᠸᠩᠵᠸᠤ ᠬᠤᠳᠠ᠎ᠳᠤ ᠬᠦᠷᠴᠤ ᠳᠤᠮᠳᠠᠳᠤ ᠤᠯᠤᠰ (ᠠ᠋ᠾᠸᠨᠠᠨ)᠎ᠤᠨ ᠴᠢᠯᠦᠭᠡᠳᠤ ᠠᠷᠠᠯᠵᠢᠶᠠᠨ᠎ᠤ ᠳᠤᠷᠰᠢᠯᠳᠠ ᠵᠢᠨ ᠤᠷᠤᠨ᠎ᠤ ᠺᠠᠢ᠌ᠹᠸᠩ ᠳᠤᠭᠤᠷᠢᠭ᠎ᠤᠨ 《ᠭᠡᠷᠡᠴᠢ ᠦᠨᠡᠮᠯᠡᠯ᠎ᠢ ᠰᠠᠯᠭ᠋ᠠᠬᠤ》 ᠦᠭᠡᠷᠡᠴᠢᠯᠡᠯᠳᠡ ᠵᠢᠨ ᠠᠬᠢᠴᠠ᠂ ᠦᠢ᠍ᠯᠡᠳᠪᠤᠷᠢ ᠬᠤᠳᠠᠯᠳᠤᠭ᠋ᠠᠨ᠎ᠤ ᠳᠡᠩᠰᠠᠯᠠᠯᠳᠠ ᠵᠢᠨ ᠳᠦᠬᠦᠮᠴᠢᠯᠠᠯᠳᠠ᠂ ᠢᠨᠲᠸᠷ ᠰᠦᠯᠵᠢᠶ᠎ᠠ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠤᠯᠤᠨ ᠬᠢᠯᠢ ᠠᠯᠤᠰᠯᠠᠬᠰᠠᠨ ᠠ᠋ᠯᠸᠺᠲᠷᠦᠨ ᠬᠤᠳᠠᠯᠳᠤᠭ᠋ᠠᠨ᠎ᠤ ᠰᠢᠨ᠎ᠠ ᠵᠢ ᠠ᠋ᠬᠦᠳᠤᠨ ᠦᠢ᠍ᠯᠡᠰ ᠪᠦᠳᠦᠭᠡᠭᠰᠡᠨ ᠪᠠᠢ᠌ᠳᠠᠯ᠎ᠢ ᠤᠢ᠌ᠯᠠᠭ᠋ᠠᠵᠠᠢ᠃ ᠸᠠᠩ ᠶᠦᠩ᠂ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠦᠭᠡᠷᠡᠴᠢᠯᠡᠯᠳᠡ ᠵᠢ ᠬᠦᠨᠵᠡᠭᠡᠢ ᠭᠡᠷᠡᠭᠵᠢᠬᠦᠯᠬᠦ᠎ᠨᠢ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠵᠤ᠂ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠬᠦᠯᠬᠦ ᠴᠢᠬᠤᠯᠠ ᠠᠷᠭ᠎ᠠ ᠭᠡᠮᠵᠢᠶ᠎ᠡ ᠪᠤᠯᠤᠨ᠎ᠠ᠃ 《ᠭᠡᠷᠡᠴᠢ ᠦᠨᠡᠮᠯᠡᠯ᠎ᠢ ᠰᠠᠯᠭ᠋ᠠᠬᠤ》᠂ ᠰᠦᠯᠵᠢᠶᠠᠨ ᠳᠡᠭᠡᠷ᠎ᠡ ᠬᠢᠨᠠᠨ ᠵᠦᠪᠰᠢᠶᠡᠷᠡᠬᠦ ᠳᠤᠷᠰᠢᠯᠭ᠎ᠠ ᠵᠢ ᠳ᠋ᠦᠩᠨᠡᠨ ᠳᠡᠯᠭᠡᠷᠡᠬᠦᠯᠵᠤ᠂ ᠠᠵᠤ ᠠᠬᠤᠢ᠌ᠯᠠᠯ ᠠ᠋ᠷᠬᠢᠯᠡᠬᠦ ᠭᠠᠷᠳᠠᠮ ᠬᠦᠢ᠍ᠴᠡᠳᠭᠡᠬᠦ ᠴᠠᠭ᠎ᠢ ᠶᠡᠭᠡᠪᠠᠷ ᠪᠠᠭ᠋ᠠᠰᠬᠠᠨ᠂ ᠵᠠᠬ᠎ᠠ ᠳᠡᠯᠭᠡᠬᠦᠷ᠎ᠲᠤ ᠤᠷᠤᠬᠤ ᠵᠦᠪᠰᠢᠶᠡᠷᠡᠯ᠎ᠢ ᠳᠦᠬᠦᠮ ᠪᠤᠯᠭ᠋ᠠᠬᠤ ᠭᠡᠷᠡᠭᠳᠡᠢ᠃ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠪᠠᠢ᠌ᠭᠤᠯᠤᠮᠵᠢ ᠵᠢᠨ ᠦᠭᠡᠷᠡᠴᠢᠯᠡᠯᠳᠡ ᠵᠢ ᠠ᠋ᠮᠬᠢ ᠵᠢᠷᠤᠮ᠎ᠲᠠᠢ ᠠᠬᠢᠭᠤᠯᠵᠤ᠂ ᠨᠢᠭᠡᠳᠤᠯᠳᠠᠢ ᠬᠢᠨᠠᠨ ᠬᠠᠮᠢᠶᠠᠷᠤᠯᠳᠠ᠂ ᠶᠡᠷᠦᠩᠭᠡᠢ᠌ᠯᠡᠭᠰᠡᠨ ᠬᠠᠤᠯᠢ ᠭᠡᠷᠡᠭᠵᠢᠬᠦᠯᠦᠯᠳᠡ ᠵᠢ ᠠ᠋ᠷᠴᠢᠮᠵᠢᠭᠦᠯᠵᠤ᠂ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠬᠢᠨᠠᠨ ᠬᠠᠮᠢᠶᠠᠷᠤᠯᠳᠠ ᠪᠤᠯᠤᠨ ᠬᠠᠮᠳᠤᠷᠠᠭᠰᠠᠨ ᠪᠠᠢ᠌ᠴᠠᠭ᠋ᠠᠯᠳᠠ ᠵᠢ ᠪᠦᠬᠦ ᠳᠠᠯ᠎ᠠ᠎ᠪᠠᠷ ᠭᠡᠷᠡᠭᠵᠢᠬᠦᠯᠦᠨ᠂ ᠢᠳᠡᠭᠡᠮᠵᠢ᠎ᠪᠠᠨ ᠠᠯᠳᠠᠭᠰᠠᠳ᠎ᠢ ᠬᠠᠮᠳᠤᠪᠠᠷ ᠵᠠᠯᠬᠠᠭ᠋ᠠᠨ ᠴᠡᠭᠡᠷᠯᠡᠬᠦᠯᠬᠦ ᠳᠤᠭᠳᠠᠴᠠ ᠵᠢ ᠳᠡᠬᠦᠯᠳᠡᠷᠵᠢᠬᠦᠯᠵᠤ᠂ ᠦᠨᠡᠨᠴᠢ ᠭᠤᠤᠯᠴᠢ ᠵᠠᠬ᠎ᠠ ᠳᠡᠯᠭᠡᠬᠦᠷ᠎ᠤᠨ ᠦᠷᠢᠰᠦᠯᠳᠦᠭᠡᠨ᠎ᠤ ᠤᠷᠴᠢᠨ ᠳᠤᠭᠤᠷᠢᠨ᠎ᠢ ᠪᠤᠢ ᠪᠤᠯᠭ᠋ᠠᠬᠤ ᠭᠡᠷᠡᠭᠳᠡᠢ ᠵᠢᠭ᠋ᠠᠵᠤ ᠭᠠᠷᠭ᠋ᠠᠪᠠ᠃
      ᠸᠠᠩ ᠶᠦᠩ ᠤᠯᠤᠰ᠎ᠤᠨ ᠶᠠᠰᠤ ᠴᠢᠨᠠᠷ᠎ᠤᠨ ᠪᠠᠢ᠌ᠴᠠᠭ᠋ᠠᠯᠳᠠ ᠵᠢᠨ ᠳᠦᠪ ᠪᠤᠯᠤᠨ ᠶᠡᠷᠦᠩᠭᠡᠢ᠌ᠯᠡᠭᠰᠡᠨ ᠪᠠᠢ᠌ᠴᠠᠭ᠋ᠠᠨ ᠰᠢᠯᠭ᠋ᠠᠬᠤ ᠰᠠᠭᠤᠷᠢᠨ᠎ᠳᠤ ᠢᠷᠡᠵᠤ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠪᠠᠢ᠌ᠳᠠᠯ᠎ᠢ ᠰᠢᠨᠵᠢᠯᠠᠨ ᠪᠠᠢ᠌ᠴᠠᠭ᠋ᠠᠵᠤ᠂ ᠦᠨᠳᠦᠰᠦᠨ ᠱᠠᠳᠤᠨ᠎ᠤ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠬᠢᠨᠠᠨ ᠬᠠᠮᠢᠶᠠᠷᠤᠯᠳᠠ ᠵᠢᠨ ᠭᠠᠵᠠᠷ ᠵᠶ᠋ᠡᠷ ᠬᠦᠨᠵᠡᠭᠡᠢ᠌ᠷᠡᠨ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠳᠦᠪᠰᠢᠨ᠎ᠤ ᠬᠢᠨᠠᠨ ᠬᠠᠮᠢᠶᠠᠷᠤᠯᠳᠠ ᠵᠢᠨ ᠠᠵᠢᠯ᠎ᠢ ᠪᠠᠢ᠌ᠴᠠᠭ᠋ᠠᠪᠠ᠃ ᠸᠠᠩ ᠶᠦᠩ᠂ ᠦᠢ᠍ᠯᠡᠳᠬᠦᠨ᠎ᠤ ᠶᠠᠰᠤ ᠴᠢᠨᠠᠷ ᠪᠤᠯᠤᠨ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠳᠦᠪᠰᠢᠨ᠎ᠨᠢ ᠠᠷᠠᠳ ᠤᠯᠠᠨ᠎ᠤ ᠠᠮᠢ ᠨᠠᠰᠤ ᠠᠰᠢᠭ ᠳᠤᠰᠠ᠎ᠳᠤ ᠬᠤᠯᠪᠤᠭᠳᠠᠵᠤ ᠪᠠᠢ᠌ᠳᠠᠭ᠎ᠠᠴᠠ ᠠ᠋ᠷᠭᠡᠪᠰᠢ ᠴᠢᠬᠤᠯᠠ ᠪᠠᠢ᠌ᠷᠢᠨ᠎ᠳᠤ ᠳᠠᠯᠪᠢᠬᠤ ᠭᠡᠷᠡᠭᠳᠡᠢ᠃ ᠶᠠᠰᠤ ᠴᠢᠨᠠᠷ᠎ᠤᠨ ᠠᠮᠤᠷ ᠳᠦᠪᠰᠢᠨ᠎ᠤ ᠮᠡᠷᠭᠡᠵᠢᠯ᠎ᠤᠨ ᠰᠠᠭᠤᠷᠢ ᠵᠢ ᠪᠠᠳᠤᠳᠬᠠᠵᠤ᠂ ᠠ᠋ᠮᠤᠨ᠎ᠠ ᠹᠷᠦᠨᠲ ᠵᠢᠨ ᠬᠢᠨᠠᠨ ᠬᠠᠮᠢᠶᠠᠷᠤᠯᠳᠠ ᠵᠢᠨ ᠠ᠋ᠩᠨᠡᠭᠡᠨ᠎ᠤ ᠪᠠᠢ᠌ᠭᠤᠯᠤᠯᠳᠠ ᠵᠢ ᠴᠢᠩᠭ᠋ᠠᠳᠬᠠᠵᠤ᠂ ᠦᠢ᠍ᠯᠡᠳᠬᠦᠨ ᠪᠤᠯᠤᠨ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠳᠦᠪᠰᠢᠨ᠎ᠤ ᠬᠠᠮᠢᠶᠠᠷᠤᠯᠳᠠ ᠵᠢ ᠠ᠋ᠷᠴᠢᠮᠵᠢᠬᠦᠯᠵᠤ᠂ ᠬᠤᠳᠠᠯ ᠬᠠᠭᠤᠷᠮᠠᠭ ᠴᠢᠨᠠᠷ ᠮᠠᠭᠤ ᠦᠢ᠍ᠯᠡᠳᠬᠦᠨ᠎ᠳᠤ ᠴᠤᠬᠢᠯᠳᠠ ᠦᠭᠬᠦ ᠬᠦᠴᠤᠨ ᠵᠶ᠋ᠡᠨ ᠨᠡᠮᠡᠭᠳᠡᠬᠦᠯᠵᠤ᠂ ᠠᠵᠤ ᠦᠢ᠍ᠯᠡᠳᠪᠤᠷᠢ ᠵᠢᠨ ᠦᠢ᠍ᠯᠡᠳᠬᠦᠨ᠂ ᠢᠳᠡᠭᠡᠨ᠎ᠤ ᠵᠦᠢ᠍ᠯ ᠡᠮ᠎ᠤᠨ ᠵᠦᠢ᠍ᠯ᠂ ᠤᠨᠴᠠᠭ᠋ᠠᠢ ᠳᠦᠬᠦᠭᠡᠷᠦᠮᠵᠢ ᠵᠢᠨ ᠠᠮᠤᠷ ᠳᠦᠪᠰᠢᠨ᠎ᠢ ᠪᠠᠳᠤᠯᠠᠬᠤ ᠵᠢ ᠪᠦᠬᠦ ᠳᠠᠯ᠎ᠠ᠎ᠪᠠᠷ ᠳᠡᠰ ᠳᠡᠪᠰᠢᠬᠦᠯᠦᠨ᠂ ᠶᠠᠰᠤ ᠴᠢᠨᠠᠷ᠎ᠤᠨ ᠬᠤᠷᠢᠭ᠎ᠠ ᠴᠡᠭᠡᠷ᠎ᠢ ᠪᠠᠳᠤ ᠰᠠᠬᠢᠵᠤ᠂ ᠠᠷᠠᠳ ᠤᠯᠠᠨ᠎ᠤ ᠰᠠᠨᠠᠭ᠎ᠠ ᠠᠮᠤᠷ ᠬᠤᠳᠠᠯᠳᠤᠨ ᠠᠪᠴᠤ ᠰᠠᠨᠠᠭ᠎ᠠ ᠠᠮᠤᠷ ᠢᠳᠡᠵᠤ ᠭᠡᠷᠡᠭᠯᠡᠬᠦ ᠵᠢ ᠦᠨᠡᠨᠬᠦ ᠪᠠᠳᠤᠯᠠᠬᠤ ᠭᠡᠷᠡᠭᠳᠡᠢ ᠭᠡᠵᠤ ᠱᠠᠭ᠋ᠠᠷᠳᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠵᠢ ᠴᠢᠬᠤᠯᠠᠴᠢᠯᠠᠪᠠ
ᠯᠢ ᠺᠸ ᠴᠢᠶᠠᠩ᠄ ᠠᠷᠠᠳ ᠤᠯᠠᠨ᠎ᠢ ᠭᠡᠷᠡᠴᠢᠯᠡᠬᠦ ᠤᠴᠢᠷ᠎ᠲᠤ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ
ᠯᠢ ᠺᠸ ᠴᠢᠶᠠᠩ᠄ ᠢᠳᠡᠭᠡᠮᠵᠢ᠎ᠪᠠᠨ ᠠᠯᠳᠠᠭᠰᠠᠳ᠎ᠢ ᠨᠡᠢ᠌ᠭᠡᠮ ᠳᠡᠭᠡᠷ᠎ᠠ ᠶᠠᠪᠤᠬᠤ ᠵᠢᠨ ᠠᠷᠭ᠎ᠠ ᠦᠭᠡᠢ ᠪᠤᠯᠭ᠋ᠠᠬᠤ ᠭᠡᠷᠡᠭᠳᠡᠢ
ᠵᠤᠭᠤᠰᠤᠨ᠎ᠳᠤ ᠠᠷᠪᠢᠳᠠᠢ ᠴᠠᠭ᠎ᠲᠤ ᠭᠠᠮᠳᠠᠢ ᠬᠦᠴᠦᠨ᠎ᠳᠤ ᠠᠷᠪᠢᠳᠠᠢ ᠠᠷᠠᠳ᠎ᠤᠨ ᠠᠮᠢᠳᠤᠷᠠᠯ᠎ᠳᠤ ᠬᠤᠯᠪᠤᠭᠳᠠᠬᠤ ᠵᠦᠢ᠍ᠯ᠎ᠤᠳ
ᠵᠤᠭᠤᠰᠤᠨ᠎ᠳᠤ ᠠᠷᠪᠢᠳᠠᠢ ᠴᠠᠭ᠎ᠲᠤ ᠭᠠᠮᠳᠠᠢ ᠬᠦᠴᠦᠨ᠎ᠳᠤ ᠠᠷᠪᠢᠳᠠᠢ ᠠᠷᠠᠳ᠎ᠤᠨ ᠠᠮᠢᠳᠤᠷᠠᠯ᠎ᠳᠤ ᠬᠤᠯᠪᠤᠭᠳᠠᠬᠤ ᠵᠦᠢ᠍ᠯ᠎ᠤᠳ
 
            