ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ᠄ ᠠᠮᠸᠷᠢᠺᠠ ᠠᠷᠠᠯᠵᠢᠶᠠᠨ᠎ᠤ ᠳᠠᠢ᠌ᠨ ᠦᠳᠦᠭᠡᠬᠦ᠎ᠨᠢ ᠦᠪᠡᠷ᠎ᠤᠨ ᠬᠤᠤᠷ ᠵᠶ᠋ᠡᠨ ᠦᠪᠡᠷ᠎ᠲᠡᠭᠡᠨ ᠠᠮᠰᠠᠬᠤ ᠶᠠᠪᠤᠳᠠᠯ ᠪᠤᠯᠤᠨ᠎ᠠ
ᠨᠡᠶᠢᠲᠡᠯᠡᠭᠰᠡᠨ ᠴᠠᠭ᠄ 2018-11-08

         
     8 ᠳ᠋ᠤᠭ᠋ᠠᠷ ᠰᠠᠷ᠎ᠠ ᠵᠢᠨ 2᠎ᠤᠨ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠭᠰᠠᠨ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ (10+1) ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠭᠰᠠᠨ᠎ᠤ ᠳᠠᠷᠠᠭ᠎ᠠ ᠳᠤᠮᠳᠠᠳᠤ ᠭᠠᠳᠠᠭ᠋ᠠᠳᠤ ᠵᠢᠨ ᠰᠤᠷᠪᠤᠯᠵᠢᠯᠠᠭᠴᠢ᠎ᠳᠤ ᠪᠠᠢ᠌ᠳᠠᠯ ᠮᠡᠳᠡᠭᠳᠡᠬᠦ ᠬᠤᠷᠠᠯ ᠬᠢᠪᠠ᠃ ᠰᠤᠷᠪᠤᠯᠵᠢᠯᠠᠭᠴᠢ᠄ ᠠᠮᠸᠷᠢᠺᠠ ᠵᠢᠨ᠎ᠬᠢᠨ ᠳᠤᠮᠳᠠᠳᠤ ᠤᠯᠤᠰ᠎ᠠᠴᠠ ᠠᠮᠸᠷᠢᠺᠠ᠎ᠳᠤ ᠤᠷᠤᠭᠤᠯᠬᠤ 2000 ᠳ᠋ᠦᠩᠰᠢᠭᠤᠷ ᠳ᠋ᠤᠯᠯᠠᠷ᠎ᠤᠨ ᠦᠢ᠍ᠯᠡᠳᠬᠦᠨ᠎ᠠᠴᠠ 25% ᠵᠢᠨ ᠪᠤᠭᠤᠮᠳᠠ ᠵᠢᠨ ᠭᠠᠢ᠌ᠯᠢ ᠠᠪᠬᠤ ᠭᠡᠵᠤ ᠪᠠᠢ᠌ᠭ᠎ᠠ ᠶᠠᠪᠤᠳᠠᠯ᠎ᠢ ᠭᠡᠷᠬᠢᠨ ᠦᠵᠡᠬᠦ ᠪᠤᠢ᠂ ᠳᠤᠮᠳᠠᠳᠤ ᠵᠢᠨ᠎ᠬᠢᠨ ᠠᠮᠸᠷᠢᠺᠠ᠎ᠲᠠᠢ ᠳᠠᠬᠢᠨ ᠭᠡᠯᠡᠯᠴᠡᠵᠤ ᠵᠦᠪᠳᠡᠬᠦ ᠪᠤᠯᠤᠯᠴᠠᠭ᠎ᠠ᠎ᠲᠠᠢ ᠤᠤ? ᠭᠡᠵᠤ ᠠᠰᠠᠭᠤᠪᠠ᠃
      ᠸᠠᠩ ᠢ᠎ᠠᠴᠠ ᠤᠯᠤᠰ᠎ᠤᠨ ᠳᠤᠳᠤᠭ᠋ᠠᠳᠤ ᠵᠢᠨ ᠬᠠᠤᠯᠢ᠎ᠪᠠᠷ ᠵᠶ᠋ᠡᠨ ᠤᠯᠤᠰ ᠬᠢᠭᠡᠳ ᠤᠯᠤᠰ᠎ᠤᠨ ᠬᠤᠭᠤᠷᠤᠨᠳᠤᠬᠢ ᠠᠷᠠᠯᠵᠢᠶᠠᠨ᠎ᠤ ᠮᠦᠷᠬᠦᠯᠳᠦᠭᠡᠨ᠎ᠢ ᠰᠢᠢ᠍ᠳᠪᠤᠷᠢᠯᠡᠵᠤ᠂ ᠭᠠᠭᠴᠠ ᠳᠠᠯ᠎ᠠ ᠵᠢᠨ ᠠᠵᠢᠯᠯᠠᠭ᠎ᠠ᠎ᠪᠠᠷ ᠦᠪᠡᠷ᠎ᠤᠨ ᠠᠰᠢᠭ᠎ᠲᠠᠢ ᠠᠰᠠᠭᠤᠳᠠᠯ ᠵᠶ᠋ᠠᠨ ᠰᠢᠢ᠍ᠳᠪᠤᠷᠢᠯᠡᠬᠦ᠎ᠨᠢ WTO ᠵᠢᠨ ᠦᠨᠳᠦᠰᠤᠨ ᠵᠠᠷᠴᠢᠮ᠎ᠢ ᠵᠦᠷᠢᠴᠡᠨ᠂ ᠴᠠᠭ ᠦᠶ᠎ᠠ ᠵᠢᠨ ᠤᠷᠤᠰᠬᠠᠯ᠎ᠢ ᠰᠦᠷᠴᠤ ᠪᠠᠢ᠌ᠭ᠎ᠠ ᠪᠤᠷᠤᠭᠤ ᠠᠵᠢᠯᠯᠠᠭ᠎ᠠ ᠪᠤᠯᠤᠨ᠎ᠠ᠃ ᠠ᠋ᠨᠡᠬᠦ ᠠᠵᠢᠯᠯᠠᠭ᠎ᠠ᠎ᠨᠢ ᠵᠤᠷᠢᠯᠭ᠎ᠠ᠎ᠳᠤ᠎ᠪᠠᠨ ᠬᠦᠷᠴᠤ ᠴᠢᠳᠠᠬᠤ ᠦᠭᠡᠢ ᠮᠦᠷᠳᠡᠭᠡᠨ ᠦᠪᠡᠷ᠎ᠤᠨ ᠬᠤᠤᠷ ᠵᠶ᠋ᠡᠨ ᠦᠪᠡᠷ᠎ᠲᠡᠭᠡᠨ ᠠᠮᠰᠠᠬᠤ ᠪᠤᠯᠤᠨ᠎ᠠ ᠭᠡᠵᠤ ᠢᠯᠡᠷᠭᠡᠢ᠌ᠯᠡᠪᠡ᠃
      ᠸᠠᠩ ᠢ᠎ᠠᠴᠠ ᠤᠳᠤ ᠪᠤᠯ ᠳᠡᠯᠡᠭᠡᠢ᠌ᠵᠢᠭᠰᠡᠨ ᠴᠠᠭ ᠦᠶ᠎ᠠ ᠪᠤᠯᠤᠨ᠎ᠠ᠂ 19 ᠳ᠋ᠤᠭᠡᠷ ᠵᠠᠭᠤᠨ ᠪᠢᠰᠢ᠃ ᠡᠯ᠎ᠡ ᠤᠯᠤᠰ᠎ᠤᠨ ᠳᠠᠸᠠᠷ᠎ᠨᠢ ᠦᠷᠳᠡᠭ᠎ᠤᠨ ᠬᠤᠯᠪᠤᠭ᠋ᠠᠰᠤ᠂ ᠠᠵᠤ ᠦᠢ᠍ᠯᠡᠰ᠎ᠤᠨ ᠬᠤᠯᠪᠤᠭ᠋ᠠᠰᠤ᠎ᠪᠠᠷ ᠳᠠᠮᠵᠢᠨ ᠬᠠᠷᠢᠯᠴᠠᠨ ᠤᠶᠠᠯᠳᠤᠵᠤ ᠬᠠᠷᠢᠯᠴᠠᠨ ᠤᠷᠤᠰᠢᠬᠤ ᠪᠤᠯᠵᠠᠢ᠃ ᠳᠤᠮᠳᠠᠳᠤ ᠤᠯᠤᠰ᠎ᠠᠴᠠ ᠠᠮᠸᠷᠢᠺᠠ᠎ᠳᠤ ᠭᠠᠷᠭ᠋ᠠᠵᠤ ᠪᠠᠢ᠌ᠭ᠎ᠠ ᠳᠠᠸᠠᠷ᠎ᠤᠨ 60%᠎ᠨᠢ ᠠᠮᠸᠷᠢᠺᠠ ᠵᠢ ᠪᠠᠭᠳᠠᠭ᠋ᠠᠭᠰᠠᠨ ᠭᠠᠳᠠᠭ᠋ᠠᠳᠤ ᠤᠯᠤᠰ᠎ᠤᠨ ᠬᠢᠯᠢ ᠠᠯᠤᠰᠯᠠᠭᠰᠠᠨ ᠺᠤᠮᠫᠠᠨᠢ ᠳᠤᠮᠳᠠᠳᠤ ᠤᠯᠤᠰ᠎ᠲᠤ ᠦᠢ᠍ᠯᠡᠳᠪᠤᠷᠢᠯᠡᠵᠤ ᠪᠠᠢ᠌ᠭ᠎ᠠ ᠳᠠᠸᠠᠷ ᠪᠤᠯᠤᠨ᠎ᠠ᠃ ᠳᠡᠭᠡᠪᠡᠯ ᠠᠮᠸᠷᠢᠺᠠ ᠦᠪᠡᠷ᠎ᠤᠨ ᠺᠤᠮᠫᠠᠨᠢ᠎ᠠᠴᠠ᠎ᠪᠠᠨ ᠭᠠᠢ᠌ᠯᠢ ᠳᠠᠳᠠᠪᠤᠷᠢᠯᠠᠬᠤ ᠭᠡᠵᠤ ᠤᠤ? ᠳᠤᠮᠳᠠᠳᠤ ᠤᠯᠤᠰ᠎ᠠᠴᠠ ᠠᠮᠸᠷᠢᠺᠠ᠎ᠳᠤ ᠭᠠᠷᠭ᠋ᠠᠵᠤ ᠪᠠᠢ᠌ᠭ᠎ᠠ ᠳᠠᠸᠠᠷ᠎ᠤᠨ ᠤᠯᠠᠩᠬᠢ᠎ᠨᠢ ᠠᠮᠸᠷᠢᠺᠠ ᠵᠢᠨ ᠵᠠᠬ᠎ᠠ ᠳᠡᠯᠭᠡᠬᠦᠷ ᠳᠡᠭᠡᠷ᠎ᠠ ᠪᠠᠢ᠌ᠬᠤ ᠦᠭᠡᠢ ᠳᠠᠸᠠᠷ ᠪᠤᠯᠤᠨ᠎ᠠ᠂ ᠠᠮᠸᠷᠢᠺᠠ ᠭᠠᠢ᠌ᠯᠢ ᠨᠡᠮᠡᠬᠦ᠎ᠨᠢ ᠦᠪᠡᠷ᠎ᠤᠨ ᠠᠷᠠᠳ ᠢᠷᠭᠡᠳ᠎ᠲᠤ᠎ᠪᠠᠨ ᠳᠠᠷᠤᠭ᠋ᠠᠰᠤ ᠨᠡᠮᠡᠭᠳᠡᠬᠦᠯᠵᠤ ᠪᠠᠢ᠌ᠭ᠎ᠠ ᠶᠠᠪᠤᠳᠠᠯ ᠪᠢᠰᠢ ᠤᠤ? ᠠ᠋ᠬᠦᠨ᠎ᠠᠴᠠ ᠭᠠᠳᠠᠨ᠎ᠠ ᠠᠮᠸᠷᠢᠺᠠ ᠵᠢᠨ᠎ᠬᠢᠨ ᠭᠠᠢ᠌ᠯᠢ ᠨᠡᠮᠡᠬᠦ ᠠᠷᠭ᠎ᠠ᠎ᠪᠠᠷ ᠳᠤᠮᠳᠠᠳᠤ᠎ᠠᠴᠠ ᠤᠷᠤᠭᠤᠯᠬᠤ ᠳᠠᠸᠠᠷ᠎ᠢ ᠬᠠᠰᠤᠬᠤ᠎ᠪᠠᠷ ᠤᠷᠤᠯᠳᠤᠬᠤ᠎ᠨᠢ ᠦᠭᠡᠷ᠎ᠡ ᠤᠯᠣᠰ᠎ᠠᠴᠠ ᠠᠳᠠᠯᠢ ᠳᠦᠷᠦᠯ᠎ᠤᠨ ᠳᠠᠸᠠᠷ᠎ᠢ ᠤᠷᠤᠭᠤᠯᠬᠤ ᠴᠢᠬᠤᠯᠠ᠎ᠲᠠᠢ ᠪᠤᠯᠵᠤ᠂ ᠠ᠋ᠨᠡ᠎ᠨᠢ ᠦᠨᠡᠨᠳᠡᠭᠡᠨ ᠳᠡᠳᠡᠨ᠎ᠤ ᠶᠠᠷᠢᠳᠠᠭ ᠠᠷᠠᠯᠵᠢᠶᠠᠨ᠎ᠤ ᠲᠡᠩᠴᠡᠭᠦᠷᠢ ᠦᠭᠡᠢ ᠠᠰᠠᠭᠤᠳᠠᠯ᠎ᠢ ᠰᠢᠢ᠍ᠳᠪᠤᠷᠢᠯᠡᠵᠤ ᠴᠢᠳᠠᠬᠤ ᠦᠭᠡᠢ ᠶᠤᠮ ᠭᠡᠵᠤ ᠭᠡᠯᠡᠪᠡ᠃
      ᠸᠠᠩ ᠢ᠎ᠠᠴᠠ ᠤᠷᠳᠤ ᠬᠤᠭᠤᠴᠠᠭ᠋ᠠᠨ᠎ᠤ ᠳᠤᠷᠰᠢ ᠳᠡᠯᠡᠭᠡᠢ᠎ᠪᠠᠷ ᠵᠶ᠋ᠡᠨ ᠦᠢ᠍ᠯᠡᠳᠪᠤᠷᠢᠯᠡᠵᠤ ᠠᠮᠸᠷᠢᠺᠠ ᠭᠡᠷᠡᠭᠯᠡᠭᠰᠡᠭᠡᠷ ᠢᠷᠡᠭᠰᠡᠨ ᠶᠤᠮ᠃ ᠤᠳᠤᠬᠠᠨ᠎ᠳᠤ ᠠᠮᠸᠷᠢᠺᠠ ᠵᠢᠨ᠎ᠬᠢᠨ ᠶᠡᠭᠡ ᠠᠷᠪᠢᠨ ᠳᠠᠸᠠᠷ ᠦᠢ᠍ᠯᠡᠳᠪᠤᠷᠢᠯᠡᠬᠦ ᠳᠤᠷᠠᠳᠠᠢ ᠪᠤᠯᠤᠭᠰᠠᠨ᠎ᠨᠢ ᠰᠠᠢ᠌ᠨ ᠭᠡᠷᠡᠭ ᠪᠤᠯᠤᠨ᠎ᠠ᠃ ᠠ᠋ᠬᠦᠨ᠎ᠤ ᠵᠡᠷᠭᠡᠪᠡᠷ ᠳᠤᠮᠳᠠᠳᠤ ᠤᠯᠤᠰ᠎ᠤᠨ ᠭᠡᠷᠡᠭᠯᠡᠭᠡᠨ᠎ᠤ ᠵᠠᠬ᠎ᠠ ᠳᠡᠯᠭᠡᠬᠦᠷ ᠳᠠᠰᠤᠷᠠᠯᠳᠠ ᠦᠭᠡᠢ ᠦᠷᠭᠡᠵᠢᠵᠤ᠂ ᠪᠢᠳᠡ ᠳᠡᠯᠡᠭᠡᠢ ᠵᠢᠨ ᠡᠯ᠎ᠡ ᠤᠯᠤᠰ᠎ᠠᠴᠠ ᠳᠤᠮᠳᠠᠳᠤ ᠵᠢᠨ ᠵᠠᠬ᠎ᠠ ᠳᠡᠯᠭᠡᠬᠦᠷ᠎ᠤᠨ ᠭᠡᠷᠡᠭᠴᠡᠭᠡ᠎ᠳᠤ ᠳᠤᠬᠢᠷᠠᠬᠤᠢ᠌ᠴᠠ ᠳᠠᠸᠠᠷ᠎ᠢ ᠣᠷᠣᠭᠤᠯᠤᠨ ᠠᠪᠴᠢᠷᠠᠬᠤ ᠴᠢᠬᠤᠯᠠ᠎ᠲᠠᠢ ᠪᠤᠯᠪᠠ᠃ ᠪᠤᠳᠤᠬᠤ᠎ᠳᠤ ᠠᠮᠸᠷᠢᠺᠠ ᠵᠢᠨ ᠠᠵᠤ ᠠᠬᠤᠢ᠌ᠯᠠᠯ ᠴᠤ᠌ ᠳᠠᠰᠤᠷᠠᠯᠳᠠ ᠦᠭᠡᠢ ᠦᠷᠭᠡᠵᠢᠵᠤ ᠪᠠᠢ᠌ᠭ᠎ᠠ ᠳᠤᠮᠳᠠᠳᠤ ᠵᠢᠨ ᠭᠡᠷᠡᠭᠯᠡᠭᠡᠨ᠎ᠤ ᠵᠠᠬ᠎ᠠ ᠳᠡᠯᠭᠡᠬᠦᠷ᠎ᠢ ᠠᠯᠳᠠᠬᠤ ᠳᠤᠷ᠎ᠠ ᠦᠭᠡᠢ ᠪᠠᠢ᠌ᠬ᠎ᠠ ᠭᠡᠵᠤ ᠢᠯᠡᠷᠭᠡᠢ᠌ᠯᠡᠪᠡ᠃
      ᠸᠠᠩ ᠢ ᠪᠠᠰᠠ ᠠᠮᠸᠷᠢᠺᠠ ᠵᠢᠨ ᠬᠤᠯᠪᠤᠭᠳᠠᠯ ᠪᠦᠬᠦᠢ ᠠᠷᠠᠯᠵᠢᠶᠠᠨ᠎ᠤ ᠳᠦᠷᠦ ᠵᠢᠨ ᠪᠤᠳᠤᠯᠭ᠎ᠠ ᠳᠦᠰᠦᠪᠯᠡᠭᠴᠢᠳ ᠨᠠᠷᠢᠨ ᠲᠠᠢ᠌ᠪᠤᠭᠤ᠎ᠪᠠᠷ ᠠᠮᠸᠷᠢᠺᠠ ᠵᠢᠨ ᠤᠯᠤᠰ᠎ᠤᠨ ᠳᠤᠳᠤᠭ᠋ᠠᠳᠤ ᠵᠢᠨ ᠭᠡᠷᠡᠭᠯᠡᠭᠴᠢᠳ᠎ᠤᠨ ᠰᠠᠨᠠᠯ ᠪᠡ ᠤᠯᠠᠨ ᠤᠯᠤᠰ᠎ᠤᠨ ᠨᠡᠢ᠌ᠭᠡᠮ᠎ᠤᠨ ᠵᠦᠪ ᠭᠤᠤᠯᠴᠢ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠰᠤᠨᠤᠰᠪᠠᠯ ᠵᠤᠬᠢᠨ᠎ᠠ᠃ ᠠᠮᠸᠷᠢᠺᠠ ᠵᠢᠨ ᠳᠠᠷᠤᠯᠳᠠ ᠵᠢᠨ ᠴᠢᠨᠠᠷ᠎ᠲᠠᠢ ᠠᠷᠭ᠎ᠠ᠎ᠨᠢ ᠤᠳᠤᠬᠠᠨ᠎ᠳᠤ ᠶᠠᠮᠠᠷ ᠴᠤ᠌ ᠦᠷ᠎ᠠ ᠳ᠋ᠦᠩ ᠤᠯᠬᠤ ᠦᠭᠡᠢ ᠪᠦᠭᠡᠳ ᠬᠤᠵᠢᠮ ᠴᠤ᠌ ᠦᠷ᠎ᠠ ᠳ᠋ᠦᠩ ᠤᠯᠬᠤ ᠦᠭᠡᠢ ᠶᠤᠮ᠃ ᠳᠤᠮᠳᠠᠳᠤ ᠵᠢᠨ᠎ᠬᠢᠨ ᠳᠤᠮᠳᠠᠳᠤ ᠤᠯᠤᠰ᠎ᠲᠠᠢ ᠶᠠᠷᠢᠯᠴᠠᠨ ᠵᠦᠪᠳᠡᠯᠴᠡᠬᠦ ᠬᠦᠰᠡᠯ᠎ᠲᠠᠢ ᠠᠮᠸᠷᠢᠺᠠ ᠵᠢ ᠪᠠᠭᠳᠠᠭ᠋ᠠᠭᠰᠠᠨ ᠶᠠᠮᠠᠷᠪᠠ ᠤᠯᠤᠰ ᠬᠦᠷᠤᠨ᠎ᠲᠠᠢ ᠶᠠᠷᠢᠯᠴᠠᠨ ᠵᠦᠪᠳᠡᠯᠴᠡᠬᠦ ᠳᠤᠷᠠᠳᠠᠢ᠃ ᠭᠡᠬᠦ᠎ᠳᠤ ᠠ᠋ᠷᠭᠡᠪᠰᠢ ᠬᠠᠷᠢᠯᠴᠠᠨ ᠬᠦᠨᠳᠦᠳᠭᠡᠵᠤ ᠠ᠋ᠷᠭᠡ ᠳᠡᠭᠰᠢ ᠪᠠᠢ᠌ᠬᠤ᠎ᠪᠠᠷ ᠰᠠᠭᠤᠷᠢ ᠪᠤᠯᠭ᠋ᠠᠨ᠎ᠠ ᠭᠡᠵᠤ ᠭᠡᠯᠡᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ ᠴᠡᠷᠢᠭ ᠪᠠᠢ᠌ᠭᠤᠯᠤᠭᠳᠠᠭᠰᠠᠨ 91 ᠵᠢᠯ᠎ᠤᠨ ᠤᠢ ᠵᠢ ᠳᠤᠷᠠᠰᠬᠠᠬᠤ ᠦᠪᠡᠳᠡᠭᠰᠢ ᠶᠡᠭᠡ ᠳᠠᠢ᠌ᠯᠠᠯᠭ᠎ᠠ ᠬᠢᠪᠠ
ᠠ᠋ᠸᠦᠢ᠍ᠷᠦᠫᠠ ᠵᠢᠨ ᠬᠤᠯᠪᠤᠭ᠎ᠠ᠎ᠲᠠᠢ ᠬᠠᠮᠳᠤᠪᠠᠷ ᠤᠯᠠᠨ ᠳᠠᠯᠠᠳᠤ ᠦᠵᠡᠯ᠎ᠢ ᠳᠡᠮᠵᠢᠨ᠎ᠠ
ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠰᠢᠩᠭ᠋ᠠᠫᠤᠷ᠎ᠲᠤ ᠬᠤᠷᠠᠯᠳᠤᠵᠤ ᠸᠠᠩ ᠢ ᠤᠷᠤᠯᠴᠠᠪᠠ
ᠸᠠᠩ ᠢ᠄ ᠳᠤᠮᠳᠠᠳᠤ ᠤᠯᠤᠰ ᠡᠯ᠎ᠡ ᠳᠠᠯ᠎ᠠ ᠵᠢᠨ᠎ᠬᠢᠨ᠎ᠲᠠᠢ ᠬᠠᠮᠳᠤᠷᠠᠨ ᠢᠷᠡᠨ ᠤᠯᠤᠰ᠎ᠤᠨ ᠴᠦᠮ᠎ᠠ ᠵᠢᠨ ᠳᠤᠬᠠᠢ ᠵᠦᠪᠳᠡᠯᠴᠡᠭᠡᠷ᠎ᠢ ᠦᠷᠬᠦᠯᠵᠢᠯᠡᠨ ᠬᠠᠮᠠᠭ᠋ᠠᠯᠠᠨ᠎ᠠ ᠭᠡᠪᠡ
ᠸᠠᠩ ᠢ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠩᠫᠸᠢᠢ᠍ᠡᠤᠤ᠎ᠲᠠᠢ ᠠᠭᠤᠯᠵᠠᠪᠠ
 
            