ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠶᠦᠩ ᠪᠦᠬᠦ ᠤᠯᠤᠰ᠎ᠤᠨ ᠢᠳᠡᠭᠡᠨ᠎ᠤ ᠠᠮᠤᠷ ᠳᠦᠪᠰᠢᠨ᠎ᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠵᠤ ᠮᠤᠷᠠᠯ᠎ᠢ ᠠ᠋ᠷᠭᠢᠮᠯᠡᠨ ᠬᠠᠤᠯᠢ ᠵᠢ ᠰᠠᠬᠢᠵᠤ ᠨᠡᠢ᠌ᠭᠡᠮ᠎ᠢ ᠵᠠᠰᠠᠨ ᠢᠳᠡᠭᠡᠨ᠎ᠤ ᠠᠮᠤᠷ ᠳᠦᠪᠰᠢᠨ᠎ᠢ ᠪᠦᠬᠦ ᠳᠠᠯ᠎ᠠ᠎ᠪᠠᠷ ᠳᠡᠭᠡᠭᠰᠢᠯᠡᠬᠦᠯᠬᠦ ᠵᠢ ᠪᠠᠳᠤᠯᠠᠬᠤ ᠭᠡᠷᠡᠭᠳᠡᠢ ᠭᠡᠪᠡ
ᠨᠡᠶᠢᠲᠡᠯᠡᠭᠰᠡᠨ ᠴᠠᠭ᠄ 2018-11-08

                             
     7 ᠳ᠋ᠤᠭ᠋ᠠᠷ ᠰᠠᠷ᠎ᠠ ᠵᠢᠨ 17᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠭᠡᠰᠢᠬᠦᠨ ᠸᠠᠩ ᠶᠦᠩ ᠪᠦᠬᠦ ᠤᠯᠤᠰ᠎ᠤᠨ ᠢᠳᠡᠭᠡᠨ᠎ᠤ ᠠᠮᠤᠷ ᠳᠦᠪᠰᠢᠨ᠎ᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠭᠰᠠᠨ ᠪᠦᠭᠡᠳ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠨᠠᠮ᠎ᠤᠨ ᠳᠦᠪ ᠬᠤᠷᠢᠶ᠎ᠠ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠠᠢ᠌ᠷᠢᠯᠠᠭᠤᠯᠤᠯᠳᠠ ᠵᠢ ᠨᠡᠷᠢᠨ ᠬᠢᠨᠠᠮᠠᠭ᠋ᠠᠢ ᠳᠤᠤᠱᠯᠠᠭᠤᠯᠤᠨ ᠭᠡᠷᠡᠭᠵᠢᠬᠦᠯᠵᠤ᠂ ᠢᠳᠡᠭᠡᠨ᠎ᠤ ᠠᠮᠤᠷ ᠳᠦᠪᠰᠢᠨ᠎ᠤ ᠠᠵᠢᠯ᠎ᠢ ᠪᠦᠬᠦ ᠳᠠᠯ᠎ᠠ᠎ᠪᠠᠷ ᠴᠢᠩᠭ᠋ᠠᠳᠬᠠᠨ᠂ 《ᠳᠦᠷᠪᠡᠨ ᠬᠠᠮᠤᠭ ᠴᠢᠩᠭ᠎ᠠ ᠪᠠᠢ᠌ᠬᠤ》 ᠵᠠᠷᠴᠢᠮ ᠵᠶ᠋ᠡᠷ ᠢᠳᠡᠭᠡᠨ᠎ᠤ ᠠᠮᠤᠷ ᠳᠦᠪᠰᠢᠨ᠎ᠢ ᠪᠠᠳᠤᠯᠠᠵᠤ᠂ ᠠᠷᠠᠳ ᠤᠯᠠᠨ᠎ᠤ ᠬᠦᠷᠳᠡᠮᠵᠢ ᠵᠢᠨ ᠳᠦᠷᠦᠭᠳᠡᠯ᠂ ᠵᠤᠯ ᠵᠢᠷᠭ᠋ᠠᠯ᠎ᠤᠨ ᠳᠦᠷᠦᠭᠳᠡᠯ᠂ ᠠᠮᠤᠷ ᠳᠦᠪᠰᠢᠨ᠎ᠤ ᠳᠦᠷᠦᠭᠳᠡᠯ᠎ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ ᠭᠡᠵᠤ ᠱᠠᠭ᠋ᠠᠷᠳᠠᠵᠠᠢ᠃
      ᠸᠠᠩ ᠶᠦᠩ ᠪᠠᠰᠠ ᠢᠳᠡᠭᠡᠨ᠎ᠤ ᠠᠮᠤᠷ ᠳᠦᠪᠰᠢᠨ ᠪᠤᠯ ᠬᠠᠮᠤᠭ᠎ᠤᠨ ᠦᠨᠳᠦᠰᠤᠨ ᠠᠷᠠᠳ᠎ᠤᠨ ᠠᠮᠢᠳᠤᠷᠠᠯ ᠪᠤᠯᠬᠤ ᠮᠦᠷᠳᠡᠭᠡᠨ ᠠᠷᠠᠳ ᠤᠯᠠᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠠᠮᠤᠭ᠎ᠤᠨ ᠦᠨᠳᠦᠰᠤᠨ ᠱᠠᠭ᠋ᠠᠷᠳᠠᠯᠭ᠎ᠠ᠂ ᠪᠦᠬᠦ ᠨᠡᠢ᠌ᠭᠡᠮ᠎ᠤᠨ ᠬᠠᠮᠳᠤ ᠵᠢᠨ ᠠ᠋ᠷᠢᠯ ᠬᠦᠰᠡᠯ ᠪᠤᠯᠬᠤ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ᠎ᠤᠨ᠎ᠬᠢᠨ ᠪᠠᠢ᠌ᠯᠳᠤᠬᠤ ᠪᠤᠳᠤᠯᠭ᠎ᠠ ᠪᠤᠯᠤᠨ ᠪᠦᠬᠦ ᠳᠠᠯ᠎ᠠ ᠵᠢᠨ ᠦᠨᠳᠦᠷᠴᠠ᠎ᠠᠴᠠ ᠢᠳᠡᠭᠡᠨ᠎ᠤ ᠠᠮᠤᠷ ᠳᠦᠪᠰᠢᠨ᠎ᠤ ᠠᠵᠢᠯ᠎ᠢ ᠰᠠᠢ᠌ᠳᠤᠷ ᠬᠢᠬᠦ ᠵᠢᠨ ᠴᠢᠬᠤᠯᠠ ᠴᠢᠨᠠᠷ ᠪᠠ ᠪᠠᠴᠢᠮ ᠳᠤᠯᠭ᠋ᠠᠮ᠎ᠠ ᠴᠢᠨᠠᠷ᠎ᠢ ᠬᠦᠢ᠍ᠴᠡᠳ ᠳᠠᠨᠢᠵᠤ᠂ ᠠᠷᠠᠳ ᠳᠦᠮᠡᠨ ᠵᠶ᠋ᠡᠷ ᠭᠤᠤᠯ ᠪᠤᠯᠭ᠋ᠠᠬᠤ ᠬᠦᠭᠵᠢᠯᠳᠡ ᠵᠢᠨ ᠦᠵᠡᠯ ᠰᠠᠨᠠᠭ᠎ᠠ ᠵᠢ ᠪᠠᠷᠢᠮᠳᠠᠯᠠᠨ᠂ ᠢᠳᠡᠭᠡᠨ᠎ᠤ ᠠᠮᠤᠷ ᠳᠦᠪᠰᠢᠨ᠂ ᠠᠷᠠᠳ ᠳᠦᠮᠡᠨ᠎ᠤ ᠠ᠋ᠷᠡᠬᠦᠯ ᠮᠡᠨᠳᠤ ᠵᠢ ᠳᠤᠪᠤᠢ᠌ᠮ᠎ᠠ ᠪᠠᠢ᠌ᠷᠢᠨ᠎ᠳᠤ ᠳᠠᠯᠪᠢᠵᠤ᠂ ᠬᠢᠨᠠᠨ ᠬᠠᠮᠢᠶᠠᠷᠬᠤ ᠴᠢᠳᠠᠪᠤᠷᠢ ᠪᠤᠯᠤᠨ ᠳᠦᠪᠰᠢᠨ ᠵᠶ᠋ᠡᠨ ᠳᠡᠭᠡᠭᠰᠢᠯᠡᠬᠦᠯᠦᠨ᠂ ᠬᠠᠷᠢᠭᠤᠴᠠᠯᠭ᠎ᠠ ᠵᠢ ᠱᠠᠳᠤ ᠱᠠᠳᠤ᠎ᠪᠠᠷ ᠨᠠᠢ᠌ᠳᠠᠪᠤᠷᠢᠵᠢᠭᠤᠯᠵᠤ᠂ ᠢᠳᠡᠭᠡᠨ᠎ᠤ ᠠᠮᠤᠷ ᠳᠦᠪᠰᠢᠨ᠎ᠤ ᠡᠯ᠎ᠡ ᠪᠤᠭᠤᠮᠳᠠ ᠵᠢ ᠴᠢᠩᠭ᠎ᠠ ᠠᠳᠬᠤᠬᠤ ᠭᠡᠷᠡᠭᠳᠡᠢ᠃ ᠠᠰᠠᠭᠤᠳᠠᠯ ᠵᠶ᠋ᠡᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠨ᠂ ᠳᠤᠰᠬᠠᠢ ᠵᠠᠰᠠᠵᠤ ᠴᠡᠭᠴᠡᠯᠡᠬᠦ ᠵᠢ ᠬᠦᠨᠵᠡᠭᠡᠢ ᠦᠷᠨᠢᠬᠦᠯᠵᠤ᠂ ᠢᠳᠡᠭᠡᠨ᠎ᠤ ᠠᠮᠤᠷ ᠳᠦᠪᠰᠢᠨ᠎ᠤ ᠬᠠᠤᠯᠢ ᠳᠦᠷᠢᠮ᠎ᠢ ᠵᠦᠷᠢᠴᠡᠭᠰᠡᠨ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠬᠦ ᠭᠡᠷᠡᠭᠳᠡᠢ᠃ ᠬᠢᠨᠠᠨ ᠬᠠᠮᠢᠶᠠᠷᠬᠤ ᠠᠷᠭ᠎ᠠ ᠭᠡᠯᠪᠡᠷᠢ᠎ᠪᠠᠨ ᠰᠢᠨᠡᠴᠢᠯᠡᠨ᠂ ᠬᠠᠤᠯᠢ ᠵᠢ ᠰᠠᠬᠢᠨ ᠢᠳᠡᠭᠡᠯ ᠨᠡᠢ᠌ᠳᠡᠪᠤᠷᠢ ᠵᠢ ᠠ᠋ᠷᠭᠢᠮᠯᠡᠭᠰᠡᠳ᠎ᠢ ᠬᠦᠬᠢᠬᠦᠯᠦᠨ ᠵᠤᠷᠢᠭᠵᠢᠭᠤᠯᠬᠤ ᠪᠠ ᠬᠠᠤᠯᠢ ᠳᠦᠷᠢᠮ᠎ᠢ ᠵᠦᠷᠢᠴᠡᠨ ᠢᠳᠡᠭᠡᠯ ᠨᠡᠢ᠌ᠳᠡᠪᠤᠷᠢ᠎ᠪᠠᠨ ᠠᠯᠳᠠᠭᠰᠠᠳ᠎ᠢ ᠵᠠᠯᠬᠠᠭ᠋ᠠᠨ ᠳᠤᠷᠭ᠋ᠠᠬᠤ ᠳᠤᠭᠳᠠᠴᠠ ᠵᠢ ᠪᠠᠢ᠌ᠭᠤᠯᠵᠤ ᠳᠡᠬᠦᠯᠳᠡᠷᠵᠢᠬᠦᠯᠦᠨ᠂ ᠬᠠᠤᠯᠢ ᠳᠦᠷᠢᠮ᠎ᠢ ᠵᠢᠷᠤᠮᠯᠠᠭᠰᠠᠳ᠎ᠤᠨ ᠡᠵᠡᠩᠨᠡᠯᠳᠡ ᠵᠢᠨ ᠵᠠᠮ᠎ᠢ ᠰᠢᠯᠤᠭᠤᠳᠬᠠᠵᠤ᠂ ᠢᠳᠡᠭᠡᠯ ᠨᠠᠢ᠌ᠳᠠᠪᠤᠷᠢ᠎ᠪᠠᠨ ᠠᠯᠳᠠᠭᠰᠠᠳ᠎ᠲᠤ ᠬᠦᠯ ᠳᠠᠯᠪᠢᠬᠤ ᠭᠠᠵᠠᠷ ᠦᠭᠡᠢ ᠪᠤᠯᠭ᠋ᠠᠬᠤ ᠭᠡᠷᠡᠭᠳᠡᠢ᠃ ᠨᠡᠢ᠌ᠭᠡᠮ ᠨᠡᠢ᠌ᠳᠡ ᠵᠢᠨ ᠵᠠᠰᠠᠯᠳᠠ ᠵᠢ ᠳᠡᠬᠦᠯᠳᠡᠷᠵᠢᠬᠦᠯᠵᠤ᠂ ᠤᠯᠠᠨ ᠳᠦᠮᠠᠨ᠎ᠤ ᠬᠢᠨᠠᠯᠳᠠ ᠲᠠᠯᠪᠢᠬᠤ ᠦᠢ᠍ᠯᠡᠳᠤᠯ ᠪᠠ ᠶᠠᠷᠢᠶ᠎ᠠ ᠭᠡᠯᠡᠯᠴᠡᠭᠡᠨ᠎ᠤ ᠬᠢᠨᠠᠯᠳᠠ ᠳᠠᠯᠪᠢᠬᠤ ᠦᠢ᠍ᠯᠡᠳᠤᠯ᠎ᠢ ᠬᠦᠢ᠍ᠴᠡᠳ ᠪᠠᠳᠠᠷᠠᠭᠤᠯᠤᠨ᠂ ᠢᠳᠡᠭᠡᠨ᠎ᠤ ᠠᠮᠤᠷ ᠳᠦᠪᠰᠢᠨ᠎ᠢ ᠬᠠᠮᠠᠭ᠋ᠠᠯᠠᠬᠤ ᠵᠢ ᠪᠦᠬᠦ ᠨᠡᠢ᠌ᠭᠡᠮ᠎ᠤᠨ ᠶᠤᠰᠤ ᠮᠤᠷᠠᠯ᠎ᠤᠨ ᠪᠠᠷᠢᠮᠵᠢᠶ᠎ᠠ ᠪᠤᠯᠭ᠋ᠠᠵᠤ᠂ ᠢᠳᠡᠭᠡᠨ᠎ᠤ ᠠᠮᠤᠷ ᠳᠦᠪᠰᠢᠨ᠎ᠤ ᠬᠤᠷᠢᠭ᠎ᠠ ᠴᠡᠭᠡᠷ᠎ᠢ ᠰᠠᠬᠢᠬᠤ ᠵᠢ ᠨᠡᠢ᠌ᠭᠡᠮ ᠨᠡᠢ᠌ᠳᠡ ᠵᠢᠨ ᠦᠨᠳᠦᠰᠤᠨ ᠳᠠᠨᠢᠯᠳᠠ ᠪᠤᠯᠭ᠋ᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠵᠠᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢᠦ ᠠ᠋ᠾᠸ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠳ᠋ ᠳᠡᠷᠢᠬᠦᠯᠡᠭᠴᠢ ᠺᠠᠲ᠋ᠠᠢ᠌ᠨᠢᠩ᠎ᠲᠠᠢ ᠠᠭᠤᠯᠵᠠᠪᠠ
ᠯᠢ ᠺᠸ ᠴᠢᠶᠠᠩ᠄ ᠳᠤᠮᠳᠠᠳᠤ ᠠ᠋ᠸᠦᠢ᠍ᠷᠦᠫᠠ ᠵᠢᠨ ᠪᠡᠯᠡ ᠤᠷᠤᠭᠤᠯᠤᠯᠳᠠ ᠵᠢᠨ ᠵᠦᠪᠳᠡᠯᠴᠡᠭᠡᠷ ᠰᠢᠨ᠎ᠠ ᠱᠠᠳᠤᠨ᠎ᠳᠤ ᠤᠷᠤᠪᠠ
ᠯᠢ ᠺᠸ ᠴᠢᠶᠠᠩ ᠪᠤᠯᠤᠨ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠭᠡᠷᠡᠭ ᠠ᠋ᠷᠬᠢᠯᠡᠭᠴᠢᠳ᠎ᠤᠨ ᠬᠤᠷᠠᠯ᠎ᠤᠨ ᠳᠡᠷᠢᠬᠦᠯᠡᠭᠴᠢ ᠳᠦᠰᠺᠸ᠂ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠷᠢᠬᠦᠯᠡᠭᠴᠢ ᠷᠦᠩᠺᠸ ᠬᠠᠮᠳᠤᠪᠠᠷ ᠬᠤᠷᠢᠳᠤᠭ᠋ᠠᠷ ᠤᠳᠠᠭ᠎ᠠ ᠵᠢᠨ ᠳᠤᠮᠳᠠᠳᠤ ᠤᠯᠤᠰ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠤᠳᠤᠷᠢᠳᠬᠤ ᠬᠦᠮᠦᠰ᠎ᠤᠨ ᠠᠭᠤᠯᠵᠠᠯᠳᠠ ᠵᠢ ᠠ᠋ᠷᠬᠢᠯᠡᠪᠡ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ 《ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠳᠦᠷ ᠭᠡᠷᠡᠭᠵᠢᠬᠦᠯᠬᠦ ᠳᠦᠷᠢᠮ》᠎ᠢ ᠨᠡᠢ᠌ᠳᠡᠯᠡᠪᠡ
ᠯᠢ ᠺᠸ ᠴᠢᠶᠠᠩ 《ᠪᠢ ᠡᠮ᠎ᠤᠨ ᠰᠠᠬᠢᠭᠤᠯᠰᠤᠨ ᠪᠤᠰᠤ》 ᠭᠡᠬᠦ ᠺᠢᠨᠤ᠋ ᠵᠢᠨ ᠳᠤᠬᠠᠢ ᠬᠠᠯᠠᠮᠰᠢᠯ ᠶᠠᠷᠢᠯᠴᠠᠭ᠋ᠠᠨ᠎ᠳᠤ ᠴᠤᠬᠤᠯᠠᠪᠤᠷᠢ ᠬᠢᠪᠡ
 
            