ᠠᠩᠬᠠᠳᠠᠭᠴᠢ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ᠎ᠠᠴᠠ ᠤᠷᠤᠭᠤᠯᠤᠭᠰᠠᠨ ᠦᠵᠡᠰᠬᠦᠯᠡᠩ᠎ᠤᠨ ᠶᠡᠷᠦᠩᠭᠡᠢ᠌ᠯᠡᠭᠰᠡᠨ ᠰᠤᠷᠢᠯᠳᠠ 10 ᠳ᠋ᠤᠭ᠋ᠠᠷ ᠰᠠᠷ᠎ᠠ ᠵᠢᠨ 9᠎ᠤ ᠠ᠋ᠳᠤᠷ ᠱᠠᠩᠬᠠᠢ᠎ᠳᠤ ᠶᠠᠪᠤᠭᠳᠠᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠬᠤ᠌ ᠴᠦᠨ ᠬᠤᠸᠠ ᠰᠤᠷᠢᠯᠳᠠ ᠵᠢᠨ ᠠᠵᠢᠯᠯᠠᠭ᠎ᠠ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠱᠠᠩᠬᠠᠢ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠯᠢ ᠴᠢᠶᠠᠩ ᠬᠤᠯᠪᠤᠭᠳᠠᠯ ᠪᠦᠬᠦᠢ ᠠᠵᠢᠯᠯᠠᠭ᠎ᠠ᠎ᠳᠤ ᠤᠷᠤᠯᠴᠠᠵᠠᠢ᠃
ᠬᠤ᠌ ᠴᠦᠨ ᠬᠤᠸᠠ᠂ ᠭᠤᠤᠯᠳᠠᠯᠭ᠎ᠠ ᠵᠢ ᠳᠤᠪᠤᠢ᠌ᠯᠭ᠋ᠠᠨ᠂ ᠳᠦᠰᠦᠪ ᠵᠶ᠋ᠡᠨ ᠳᠠᠰᠤᠷᠠᠯᠳᠠ ᠦᠭᠡᠢ ᠰᠢᠯᠢᠳᠡᠭᠵᠢᠬᠦᠯᠵᠤ᠂ ᠳᠤᠮᠤ ᠶᠡᠭᠡ ᠭᠠᠳᠠᠭ᠋ᠠᠳᠤ ᠶᠠᠪᠤᠳᠠᠯ᠎ᠤᠨ ᠠᠵᠢᠯᠯᠠᠭ᠎ᠠ᠎ᠳᠤ ᠠᠯᠳᠠᠭ᠎ᠠ ᠤᠰᠤᠯ ᠭᠠᠷᠭ᠋ᠠᠬᠤ ᠦᠭᠡᠢ᠂ ᠠᠮᠤᠷ᠎ᠢ ᠬᠠᠮᠠᠭ᠋ᠠᠯᠠᠬᠤ ᠠᠵᠢᠯ᠎ᠳᠤ ᠦᠴᠦᠭᠡᠨ᠎ᠳᠤ ᠠ᠋ᠨᠳᠡᠯ ᠤᠰᠤᠯ ᠭᠠᠷᠭ᠋ᠠᠬᠤ ᠦᠭᠡᠢ ᠪᠠᠢ᠌ᠬᠤ ᠵᠢ ᠦᠨᠡᠨᠬᠦ ᠪᠠᠳᠤᠯᠠᠬᠤ ᠭᠡᠷᠡᠭᠳᠡᠢ᠃ ᠢᠯᠠᠩᠭᠤᠶ᠎ᠠ ᠭᠤᠤᠯᠳᠠᠯᠭ᠎ᠠ᠎ᠲᠠᠢ ᠤᠷᠤᠨ ᠳᠤᠭᠤᠷᠢᠭ ᠪᠤᠯᠤᠨ ᠵᠠᠩᠬᠢᠯᠠᠭ᠎ᠠ ᠵᠢᠨ ᠭᠤᠭᠴᠤᠭ᠎ᠠ ᠵᠢᠨ ᠳᠤᠭᠤᠷᠢᠨ᠎ᠳᠤ ᠳᠠᠷᠤᠯᠳᠠ ᠨᠡᠮᠡᠵᠤ ᠬᠢᠨᠠᠨ ᠰᠢᠯᠭ᠋ᠠᠬᠤ᠎ᠪᠠᠨ ᠴᠢᠩᠭ᠋ᠠᠳᠬᠠᠨ᠂ ᠡᠯ᠎ᠡ ᠵᠦᠢ᠍ᠯ᠎ᠤᠨ ᠭᠡᠨᠡᠳᠳᠡ ᠵᠢᠨ ᠭᠡᠷᠡᠭ᠎ᠢ ᠠᠷᠭ᠋ᠠᠴᠠᠬᠤ ᠳᠦᠰᠦᠪ ᠵᠶ᠋ᠡᠨ ᠨᠠᠷᠢᠨ ᠨᠢᠭ᠍ᠳᠡ ᠪᠤᠳᠤᠯᠬᠢᠯᠠᠵᠤ᠂ ᠰᠤᠨᠢᠨ ᠮᠡᠳᠡᠭᠡᠨ᠎ᠤ ᠤᠬᠠᠭᠤᠯᠭ᠎ᠠ ᠵᠢᠨ ᠳᠦᠰᠦᠪ ᠵᠶ᠋ᠡᠨ ᠬᠦᠢ᠍ᠴᠡᠳ ᠪᠤᠳᠤᠯᠬᠢᠯᠠᠬᠤ ᠭᠡᠷᠡᠭᠳᠡᠢ᠃ ᠰᠤᠷᠢᠯᠳᠠ ᠵᠢᠨ ᠦᠷ᠎ᠡ ᠳ᠋ᠦᠩ᠎ᠢ ᠳᠡᠭᠡᠳᠤ ᠭᠡᠮᠵᠢᠶ᠎ᠡ᠎ᠪᠠᠷ ᠴᠢᠬᠤᠯᠠᠴᠢᠯᠠᠨ ᠪᠦᠳᠦᠮᠵᠢᠳᠡᠢ ᠠᠰᠢᠭᠯᠠᠵᠤ᠂ ᠤᠷᠤᠰᠢᠵᠤ ᠪᠠᠢ᠌ᠭ᠎ᠠ ᠠᠰᠠᠭᠤᠳᠠᠯ᠎ᠢ ᠨᠢᠭᠡ ᠨᠢᠭᠡ᠎ᠪᠠᠷ ᠠ᠋ᠷᠢᠨ ᠭᠠᠷᠭ᠋ᠠᠬᠤ ᠵᠢᠨ ᠬᠠᠮᠳᠤ ᠳᠠᠷᠤᠢ ᠳᠦᠷᠭᠡᠨ ᠵᠠᠰᠠᠨ ᠴᠡᠭᠴᠡᠯᠠᠵᠤ᠂ ᠰᠤᠷᠢᠯᠳᠠ ᠵᠢᠨ ᠠᠭᠤᠯᠭ᠎ᠠ᠎ᠪᠠᠨ ᠳᠠᠰᠤᠷᠠᠯᠳᠠ ᠦᠭᠡᠢ ᠪᠠᠶᠠᠯᠢᠭᠵᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃
ᠬᠤ᠌ ᠴᠦᠨ ᠬᠤᠸᠠ᠂ ᠰᠤᠷᠢᠯᠳᠠ᠎ᠪᠠᠷ ᠳᠠᠮᠵᠢᠭᠤᠯᠤᠨ ᠳᠤᠬᠠᠢ ᠵᠢᠨ ᠳᠠᠯᠠᠪᠠᠢ ᠵᠢᠨ ᠵᠢᠯᠤᠭᠤᠳᠬᠤ ᠰᠢᠰᠲᠸᠮ᠎ᠢ ᠪᠦᠬᠦ ᠳᠡᠯ᠎ᠡ᠎ᠪᠠᠷ ᠬᠢᠨᠠᠨ ᠰᠢᠯᠭ᠋ᠠᠵᠤ᠂ ᠳᠦᠭᠵᠢᠷᠡᠯ᠂ ᠳᠤᠳᠠᠭᠤᠳᠠᠯ ᠵᠡᠷᠭᠡ ᠵᠢ ᠳᠠᠷᠤᠢ᠎ᠳᠤ᠎ᠨᠢ ᠰᠢᠢ᠍ᠳᠪᠤᠷᠢᠯᠠᠨ᠂ ᠵᠢᠯᠤᠭᠤᠳᠴᠤ ᠳᠤᠬᠢᠷᠠᠭᠤᠯᠬᠤ ᠴᠢᠳᠠᠪᠤᠷᠢ ᠵᠢ ᠰᠢᠭᠤᠳ ᠰᠢᠯᠤᠭᠤᠨ ᠪᠦᠭᠡᠳ ᠦᠨᠳᠦᠷ ᠦᠷ᠎ᠡ ᠪᠦᠳᠦᠮᠵᠢᠳᠡᠢ ᠪᠤᠯᠭ᠋ᠠᠬᠤ ᠵᠢ ᠦᠨᠡᠨᠬᠦ ᠪᠠᠳᠤᠯᠠᠬᠤ ᠭᠡᠷᠡᠭᠳᠡᠢ᠃ ᠳᠤᠭᠳᠠᠭᠰᠠᠨ ᠴᠠᠭ᠎ᠲᠤ᠎ᠪᠠᠨ ᠠᠵᠢᠯ ᠵᠶ᠋ᠡᠨ ᠪᠡᠶᠡᠯᠡᠬᠦᠯᠬᠦ᠎ᠪᠠᠷ ᠴᠢᠷᠮᠠᠢ᠌ᠵᠤ᠂ ᠪᠡᠶᠡᠯᠡᠬᠦᠯᠬᠦ ᠬᠤᠭᠤᠴᠠᠭ᠎ᠠ᠎ᠪᠠᠨ ᠳᠤᠩᠭᠤᠷᠤᠭᠤᠯᠤᠨ ᠳᠤᠭ᠋ᠠᠯᠠᠬᠤ ᠠᠷᠭ᠎ᠠ ᠠᠪᠤᠨ᠂ ᠬᠠᠷᠢᠭᠤᠴᠠᠯᠭ᠎ᠠ ᠵᠢ ᠱᠠᠳᠤ ᠳᠠᠷᠠᠭ᠋ᠠᠯᠠᠨ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠱᠠᠯᠠᠪᠳᠠᠭᠤᠯᠤᠨ ᠪᠠᠢ᠌ᠴᠠᠭ᠋ᠠᠬᠤ᠎ᠪᠠᠨ ᠴᠢᠩᠭ᠋ᠠᠳᠬᠠᠨ᠂ ᠠᠰᠠᠭᠤᠳᠠᠯ ᠭᠠᠷᠪᠠᠯ ᠬᠠᠷᠢᠭᠤᠴᠠᠯᠭ᠎ᠠ ᠨᠡᠭᠡᠮᠵᠢᠯᠡᠬᠦ ᠵᠢ ᠴᠢᠩᠭ᠋ᠠᠳᠬᠠᠬᠤ ᠭᠡᠷᠡᠭᠳᠡᠢ ᠭᠡᠵᠤ ᠱᠠᠭ᠋ᠠᠷᠳᠠᠪᠠ᠃
ᠰᠤᠷᠢᠯᠳᠠ᠎ᠠᠴᠠ ᠠ᠋ᠮᠤᠨ᠎ᠡ᠂ ᠬᠤ᠌ ᠴᠦᠨ ᠬᠤᠸᠠ ᠦᠵᠡᠰᠬᠦᠯᠡᠩ᠎ᠤᠨ ᠤᠷᠳᠤᠨ᠎ᠤ ᠦᠭᠡᠷᠡᠴᠢᠯᠡᠯᠳᠡ ᠵᠢᠴᠢ ᠪᠠᠢ᠌ᠷᠢᠯᠠᠭᠤᠯᠤᠯᠳᠠ ᠵᠢᠨ ᠪᠠᠢ᠌ᠳᠠᠯ᠎ᠢ ᠰᠢᠨᠵᠢᠯᠠᠨ ᠪᠠᠢ᠌ᠴᠠᠭ᠋ᠠᠪᠠ᠃