ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ᠄ ᠭᠠᠳᠠᠭ᠋ᠠᠳᠤ ᠵᠢᠨ ᠠᠷᠠᠯᠵᠢᠶᠠᠴᠢᠨ ᠪᠡᠯᠡ ᠤᠷᠤᠭᠤᠯᠬᠤ ᠴᠢᠬᠤᠯᠠ ᠳᠦᠷᠦᠯ ᠵᠦᠢ᠍ᠯ᠎ᠢ ᠳᠦᠷᠭᠡᠨ ᠨᠠᠢ᠌ᠳᠠᠪᠤᠷᠢᠵᠢᠭᠤᠯᠬᠤ ᠭᠡᠷᠡᠭᠳᠡᠢ
ᠨᠡᠶᠢᠲᠡᠯᠡᠭᠰᠡᠨ ᠴᠠᠭ᠄ 2018-11-27

         
     9 ᠳ᠋ᠤᠭᠡᠷ ᠰᠠᠷ᠎ᠠ ᠵᠢᠨ 26᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠯᠢ ᠺᠸ ᠴᠢᠶᠠᠩ᠄ 《ᠵᠠᠬ᠎ᠠ ᠳᠡᠯᠭᠡᠬᠦᠷ᠎ᠲᠤ ᠤᠷᠤᠬᠤ ᠵᠦᠪᠰᠢᠶᠡᠷᠡᠯ᠎ᠢ ᠠᠭᠤᠵᠢᠮ ᠪᠤᠯᠭ᠋ᠠᠵᠤ᠂ ᠨᠡᠩ ᠳᠦᠪ ᠭᠤᠤᠯᠴᠢ ᠳᠦᠬᠦᠮ ᠳᠦᠳᠡ ᠵᠢᠱ᠌ᠢᠵᠤ ᠪᠣᠯᠬᠤ᠂ ᠨᠡᠩ ᠶᠡᠬᠡ ᠳᠠᠳᠠᠬᠤ ᠬᠦᠴᠦᠨ ᠪᠦᠬᠦᠢ ᠭᠠᠳᠠᠭ᠋ᠠᠳᠤ ᠵᠢᠨ ᠠᠷᠠᠯᠵᠢᠶᠠᠴᠢᠨ ᠪᠡᠯᠡ ᠤᠷᠤᠭᠤᠯᠬᠤ ᠤᠷᠴᠢᠨ ᠳᠤᠭᠤᠷᠢᠨ᠎ᠢ ᠪᠤᠢ ᠪᠤᠯᠭ᠋ᠠᠨ᠂ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠤᠷᠤᠭᠤᠯᠬᠤ ᠳᠦᠷᠦᠯ ᠵᠦᠢ᠍ᠯ᠎ᠢ ᠳᠦᠷᠭᠡᠨ ᠨᠠᠢ᠌ᠳᠠᠪᠤᠷᠢᠵᠢᠭᠤᠯᠬᠤ ᠭᠡᠷᠡᠭᠳᠡᠢ》 ᠭᠡᠵᠤ ᠴᠢᠬᠤᠯᠠᠴᠢᠯᠠᠪᠠ᠃
      ᠳᠤᠰ ᠠ᠋ᠳᠤᠷ᠎ᠤᠨ ᠬᠤᠷᠠᠯ ᠳᠡᠭᠡᠷ᠎ᠡ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠤᠷᠤᠭᠤᠯᠬᠤ ᠴᠢᠬᠤᠯᠠ ᠶᠡᠭᠡ ᠳᠦᠷᠦᠯ ᠵᠦᠢ᠍ᠯ᠎ᠢ ᠨᠡᠢ᠌ᠳᠠᠪᠤᠷᠢᠵᠢᠭᠤᠯᠬᠤ ᠠᠷᠭ᠎ᠠ ᠭᠡᠮᠵᠢᠶ᠎ᠡ᠎ᠪᠠᠨ ᠳᠤᠭᠳᠠᠭ᠋ᠠᠪᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠠᠭ᠋ᠠᠳᠠᠨ ᠬᠠᠷᠢᠭᠤ ᠮᠡᠳᠡᠬᠦᠯᠦᠯᠳᠡ ᠬᠢᠵᠤ᠂ 2017 ᠤᠨ᠎ᠤ 9 ᠳ᠋ᠤᠭᠡᠷ ᠰᠠᠷ᠎ᠠ᠎ᠠᠴᠠ ᠮᠠᠨ᠎ᠤ ᠤᠯᠤᠰ᠎ᠤᠨ ᠭᠠᠳᠠᠭ᠋ᠠᠳᠤ ᠪᠡᠯᠡ ᠵᠢ ᠠᠰᠢᠭᠯᠠᠭᠰᠠᠨ ᠭᠡᠪᠴᠢᠶᠡᠵᠢᠭᠰᠡᠨ ᠠᠵᠤ ᠠᠬᠤᠢ᠌ᠯᠠᠯ ᠳᠡᠭᠵᠢᠷᠡᠬᠦ ᠬᠠᠨᠳᠤᠰᠢ᠎ᠲᠠᠢ ᠪᠤᠯᠵᠤ᠂ ᠪᠦᠳᠦᠴᠡ᠎ᠨᠢ ᠨᠡᠩ ᠰᠢᠯᠢᠳᠡᠭᠵᠢᠭᠰᠡᠨ ᠪᠦᠭᠡᠳ ᠴᠢᠬᠤᠯᠠ ᠶᠡᠭᠡ ᠭᠠᠳᠠᠭ᠋ᠠᠳᠤ ᠪᠡᠯᠡ ᠵᠢᠨ ᠳᠦᠷᠦᠯ ᠵᠦᠢ᠍ᠯ᠎ᠤᠨ ᠬᠠᠳᠠᠭ᠋ᠠᠯᠠᠮᠵᠢ ᠵᠢᠨ ᠶᠡᠷᠦᠩᠭᠡᠢ ᠭᠡᠮᠵᠢᠶ᠎ᠡ ᠳᠠᠯᠳᠠ ᠬᠦᠴᠦᠨ᠎ᠲᠠᠢ ᠪᠤᠯᠵᠠᠢ᠃ ᠭᠡᠬᠦ᠎ᠳᠤ ᠵᠠᠷᠢᠮ ᠳᠦᠷᠦᠯ ᠵᠦᠢ᠍ᠯ᠎ᠢ ᠨᠠᠢ᠌ᠳᠠᠪᠤᠷᠢᠵᠢᠭᠤᠯᠬᠤ ᠳᠠᠯ᠎ᠠ᠎ᠪᠠᠷ ᠮᠦᠨ ᠬᠦᠴᠢᠷᠳᠡᠯ ᠤᠷᠤᠰᠢᠵᠤ ᠪᠠᠢ᠌ᠨ᠎ᠠ ᠭᠡᠵᠡᠢ᠃
      ᠯᠢ ᠺᠸ ᠴᠢᠶᠠᠩ᠂ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ᠎ᠤᠨ ᠳᠤᠷᠰᠢᠬᠢ ᠠᠵᠤ ᠠᠬᠤᠢ ᠨᠡᠢ᠌ᠭᠡᠮ᠎ᠤᠨ ᠬᠦᠭᠵᠢᠯᠳᠡ᠎ᠤᠨ ᠠᠮᠵᠢᠯᠳᠠ ᠪᠦᠳᠦᠮᠵᠢ᠎ᠨᠢ ᠨᠡᠭᠡᠭᠡᠯᠳᠡ ᠬᠢᠭᠰᠡᠨ᠎ᠲᠠᠢ ᠨᠢᠬᠳᠠ ᠬᠤᠯᠪᠤᠭ᠎ᠠ᠎ᠲᠠᠢ ᠶᠤᠮ᠃ ᠤᠳᠤᠬᠠᠨ᠎ᠤ ᠨᠠᠷᠢᠨ ᠪᠤᠳᠤᠯᠢᠶᠠᠨᠳᠠᠢ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠪᠠᠢ᠌ᠳᠠᠯ᠎ᠢ ᠠᠷᠭ᠋ᠠᠴᠠᠬᠤ᠎ᠳᠤ ᠨᠠᠮ᠎ᠤᠨ ᠳᠦᠪ ᠬᠤᠷᠢᠶ᠎ᠠ ᠪᠤᠯᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠷᠢᠯᠠᠭᠤᠯᠤᠯᠳᠠ ᠵᠢ ᠨᠠᠢ᠌ᠳᠠᠪᠤᠷᠢᠵᠢᠭᠤᠯᠵᠤ᠂ ᠨᠡᠭᠡᠭᠡᠯᠳᠡ᠎ᠪᠠᠨ ᠭᠤᠢ᠌ᠪᠢᠰᠢ ᠦᠭᠡᠢ᠎ᠪᠠᠷ ᠦᠷᠭᠡᠳᠭᠡᠨ᠂ ᠨᠡᠩ ᠢᠳᠡᠪᠬᠢᠳᠡᠢ ᠰᠠᠨᠠᠭ᠋ᠠᠴᠢᠯᠠᠭ᠎ᠠ᠎ᠲᠠᠢ ᠨᠡᠭᠡᠭᠡᠯᠳᠡ ᠵᠢᠨ ᠳᠦᠷᠦ ᠵᠢᠨ ᠪᠤᠳᠤᠯᠭ᠎ᠠ ᠵᠢ ᠭᠡᠷᠡᠭᠵᠢᠬᠦᠯᠬᠦ ᠭᠡᠷᠡᠭᠳᠡᠢ᠃ ᠭᠠᠳᠠᠭ᠋ᠠᠳᠤ ᠪᠡᠯᠡ ᠵᠢ ᠳᠠᠳᠠᠨ ᠠᠪᠴᠢᠷᠠᠬᠤ᠎ᠨᠢ ᠨᠡᠭᠡᠭᠡᠯᠳᠡ ᠵᠢ ᠦᠷᠭᠡᠳᠭᠡᠬᠦ ᠴᠢᠬᠤᠯᠠ ᠠᠷᠭ᠎ᠠ ᠪᠤᠯᠤᠨ᠎ᠠ᠂ ᠠ᠋ᠨᠡ᠎ᠨᠢ ᠠᠵᠤ ᠠᠬᠤᠢ ᠵᠢᠨ ᠬᠦᠭᠵᠢᠯᠳᠡ ᠪᠤᠯᠤᠨ ᠠᠵᠢᠯ ᠤᠯᠭᠤᠯᠳᠠ ᠵᠢ ᠳᠤᠭᠳᠠᠭᠤᠨ ᠪᠤᠯᠭ᠋ᠠᠬᠤ᠎ᠳᠤ ᠴᠢᠬᠤᠯᠠ ᠦᠢ᠍ᠯᠡᠳᠤᠯ ᠦᠵᠡᠬᠦᠯᠬᠦ ᠶᠤᠮ ᠭᠡᠵᠤ ᠵᠢᠭ᠋ᠠᠵᠤ ᠭᠠᠷᠭ᠋ᠠᠪᠠ᠃
      ᠬᠤᠷᠠᠯ ᠳᠡᠭᠡᠷ᠎ᠠ ᠭᠤᠷᠪᠠᠨ ᠵᠦᠢ᠍ᠯ᠎ᠤᠨ ᠠᠷᠭ᠎ᠠ ᠭᠡᠮᠵᠢᠶ᠎ᠡ ᠳᠤᠭᠳᠠᠭ᠋ᠠᠪᠠ᠄ ᠨᠢᠭᠡ᠎ᠳᠤ᠂ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠤ᠂ ᠨᠠᠵᠠᠭ᠋ᠠᠢ ᠳᠠᠯ᠎ᠠ ᠵᠢᠨ ᠨᠠᠷᠢᠨ ᠳᠠᠩᠰᠠ᠎ᠠᠴᠠ ᠭᠠᠳᠠᠨ᠎ᠠ᠂ ᠭᠠᠳᠠᠭ᠋ᠠᠳᠤ ᠪᠠᠯᠠ ᠪᠠ ᠳᠤᠳᠤᠭ᠋ᠠᠳᠤ ᠪᠠᠯᠠ᠎ᠳᠤ ᠨᠢᠭᠡ ᠠᠳᠠᠯᠢ᠎ᠪᠠᠷ ᠬᠠᠨᠳᠤᠨ᠂ ᠡᠯ᠎ᠡ ᠳᠦᠷᠦᠯ᠎ᠤᠨ ᠦᠮᠴᠢᠯᠠᠯ᠎ᠤᠨ ᠠᠵᠤ ᠠᠬᠤᠢ᠌ᠯᠠᠯ᠎ᠳᠤ ᠨᠢᠭᠡ ᠯᠡ ᠠᠳᠠᠯᠢ ᠵᠠᠬ᠎ᠠ ᠳᠡᠯᠭᠡᠬᠦᠷ᠎ᠲᠤ ᠤᠷᠤᠬᠤ ᠪᠠᠷᠢᠮᠵᠢᠶ᠎ᠠ ᠪᠤᠯᠤᠨ ᠰᠦᠯᠵᠢᠶᠠᠨ ᠳᠡᠭᠡᠷ᠎ᠡ ᠮᠡᠳᠡᠬᠦᠯᠦᠨ ᠳᠠᠩᠰᠠᠯᠠᠭᠤᠯᠬᠤ᠎ᠪᠠᠷ ᠭᠤᠤᠯ ᠪᠤᠯᠭ᠋ᠠᠭᠰᠠᠨ ᠪᠡᠯᠡ ᠤᠷᠤᠭᠤᠯᠤᠯᠳᠠ ᠵᠢᠨ ᠬᠠᠮᠢᠶᠠᠷᠤᠯᠳᠠ ᠵᠢᠨ ᠳᠦᠷᠢᠮ᠎ᠢ ᠭᠡᠷᠡᠭᠵᠢᠬᠦᠯᠬᠦ ᠭᠡᠷᠡᠭᠳᠡᠢ᠃ ᠬᠤᠶᠠᠷ᠎ᠲᠤ᠂ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ ᠵᠢᠨ ᠭᠡᠪᠴᠢᠶ᠎ᠠ ᠵᠢᠨ ᠦᠷᠭᠡᠳᠬᠡᠬᠦ ᠵᠢ ᠵᠤᠷᠢᠭᠵᠢᠭᠤᠯᠤᠨ᠎ᠠ᠃ ᠭᠠᠳᠠᠭ᠋ᠠᠳᠤ ᠵᠢᠨ ᠠᠷᠠᠯᠵᠢᠶᠠᠴᠢᠨ᠎ᠤ ᠳᠠᠬᠢᠨ ᠪᠡᠯᠡ ᠤᠷᠤᠭᠤᠯᠤᠯᠳᠠ᠎ᠠᠴᠠ ᠳᠦᠷ ᠴᠠᠭ ᠤᠷᠢᠳᠴᠢᠯᠠᠨ ᠳᠠᠳᠠᠪᠤᠷᠢᠯᠠᠬᠤ ᠤᠯᠵᠠᠪᠤᠷᠢ ᠵᠢᠨ ᠭᠠᠢ᠌ᠯᠢ ᠵᠢ ᠳᠠᠳᠠᠪᠤᠷᠢᠯᠠᠬᠤ ᠦᠭᠡᠢ ᠳᠦᠷᠦ ᠵᠢᠨ ᠪᠤᠳᠤᠯᠭ᠎ᠠ ᠵᠢᠨ ᠬᠡᠷᠡᠭᠯᠡᠬᠦ ᠬᠡᠪᠴᠢᠶ᠎ᠡ ᠬᠦᠷᠢᠶ᠎ᠡ ᠵᠢ ᠪᠤᠰᠤᠳ ᠬᠣᠷᠢᠭ᠎ᠠ ᠦᠭᠡᠢ᠂ ᠵᠣᠷᠢᠭᠵᠢᠭᠤᠯᠬᠤ ᠳᠦᠷᠦᠯ᠎ᠤᠨ ᠭᠠᠳᠠᠭ᠋ᠠᠳᠤ ᠵᠢᠨ ᠪᠡᠯᠡ ᠤᠷᠤᠭᠤᠯᠤᠯᠳᠠ ᠵᠢᠨ ᠳᠦᠷᠦᠯ ᠵᠦᠢ᠍ᠯ ᠪᠤᠯᠤᠨ ᠬᠦᠷᠢᠶ᠎ᠠ ᠭᠡᠪᠴᠢᠶᠠᠨ᠎ᠳᠤ ᠬᠦᠷᠳᠡᠯ᠎ᠡ ᠦᠷᠭᠡᠳᠭᠡᠨ᠎ᠠ᠃ ᠭᠤᠷᠪᠠ᠎ᠳᠤ᠂ ᠮᠡᠳᠡᠯᠭᠡ ᠵᠢᠨ ᠦᠮᠴᠢᠯᠠᠯ᠎ᠤᠨ ᠠ᠋ᠷᠭᠡ ᠵᠢ ᠬᠠᠮᠠᠭ᠋ᠠᠯᠠᠵᠤ᠂ ᠵᠠᠰᠠᠭ᠎ᠤᠨ ᠤᠷᠳᠤᠨ᠎ᠤ ᠬᠢᠨᠠᠯᠳᠠ ᠬᠠᠮᠢᠶᠠᠷᠤᠯᠳᠠ ᠬᠢᠵᠤ ᠬᠠᠤᠯᠢ ᠭᠡᠷᠡᠭᠵᠢᠬᠦᠯᠬᠦ ᠠᠵᠢᠯᠯᠠᠭ᠎ᠠ ᠵᠢ ᠴᠢᠨᠠᠭᠰᠢᠳᠠ ᠵᠢᠷᠤᠮᠵᠢᠭᠤᠯᠬᠤ ᠭᠡᠷᠡᠭᠳᠡᠢ ᠭᠡᠵᠡᠢ᠃
      ᠯᠢ ᠺᠸ ᠴᠢᠶᠠᠩ᠄ 《ᠵᠠᠬ᠎ᠠ ᠳᠡᠯᠭᠡᠬᠦᠷ᠎ᠤᠨ ᠠᠵᠤ ᠠᠬᠤᠢ ᠵᠢᠨ ᠵᠢᠱ᠌ᠢᠯᠳᠠ ᠬᠠᠮᠢᠶᠠᠷᠤᠯᠳᠠ ᠳᠦᠢ᠍ᠯ᠎ᠤᠨ ᠴᠢᠬᠤᠯᠠ ᠶᠤᠮ᠂ ᠳᠦᠷᠦ ᠵᠢᠨ ᠪᠤᠳᠤᠯᠭ᠎ᠠ᠎ᠨᠢ ᠵᠢᠱ᠌ᠢᠯᠳᠡ᠎ᠳᠤ ᠰᠢᠭᠤᠳ ᠵᠢᠯᠤᠭᠤᠳᠬᠤ ᠦᠢ᠍ᠯᠡᠳᠤᠯ ᠦᠵᠡᠬᠦᠯᠳᠡᠭ᠂ ᠤᠳᠤᠬᠠᠨ᠎ᠤ ᠮᠠᠨ᠎ᠤ ᠳᠤᠭᠳᠠᠭ᠋ᠠᠭᠰᠠᠨ ᠠᠷᠭ᠎ᠠ ᠭᠡᠮᠵᠢᠶ᠎ᠠ᠎ᠨᠢ ᠵᠠᠬ᠎ᠠ ᠳᠡᠯᠭᠡᠬᠦᠷ᠎ᠤᠨ ᠵᠢᠱ᠌ᠢᠯᠳᠠ ᠵᠢ ᠳᠤᠭᠳᠠᠪᠤᠷᠢᠵᠢᠭᠤᠯᠬᠤ᠎ᠳᠤ ᠠᠰᠢᠭ᠎ᠲᠠᠢ᠂ ᠭᠠᠳᠠᠭ᠋ᠠᠳᠤ ᠪᠠᠯᠠ ᠵᠢᠨ ᠠᠵᠤ ᠠᠬᠤᠢ᠌ᠯᠠᠯ᠎ᠢ ᠪᠠᠭᠳᠠᠭ᠋ᠠᠭᠰᠠᠨ ᠡᠯ᠎ᠡ ᠳᠦᠷᠦᠯ᠎ᠤᠨ ᠦᠮᠴᠢᠯᠠᠯ᠎ᠤᠨ ᠠᠵᠤ ᠠᠬᠤᠢ᠌ᠯᠠᠯ᠎ᠳᠤ ᠠᠳᠠᠯᠢ᠎ᠪᠠᠷ ᠬᠠᠨᠳᠤᠵᠤ᠂ ᠠ᠋ᠷᠭᠡ ᠳᠡᠭᠰᠢ᠎ᠪᠠᠷ ᠦᠷᠢᠰᠦᠯᠳᠦᠬᠦ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠪᠤᠢ ᠪᠤᠯᠭ᠋ᠠᠵᠤ ᠦᠭᠬᠦ ᠭᠡᠷᠡᠭᠳᠡᠢ》 ᠭᠡᠵᠤ ᠴᠢᠬᠤᠯᠠᠴᠢᠯᠠᠪᠠ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠠᠴᠠ ᠳᠤᠮᠳᠠᠳᠤ ᠤᠯᠤᠰ᠎ᠲᠤ ᠠᠵᠢᠯᠯᠠᠵᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠳᠤ ᠳᠦᠬᠦᠮ ᠦᠵᠡᠬᠦᠯᠦᠨ᠎ᠡ
ᠵᠤᠤ ᠺᠸ ᡁᠢ ᠪᠦᠬᠦ ᠤᠯᠤᠰ᠎ᠤᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠲᠸᠯᠸᠢᠰ ᠬᠤᠷᠠᠯ ᠳᠡᠭᠡᠷ᠎ᠡ ᠰᠢᠨ᠎ᠠ ᠴᠠᠭ ᠦᠶ᠎ᠡ ᠵᠢᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠰᠢᠨ᠎ᠠ ᠪᠠᠢ᠌ᠳᠠᠯ᠎ᠢ ᠴᠢᠷᠮᠠᠢ᠌ᠨ ᠪᠤᠢ ᠪᠤᠯᠭ᠋ᠠᠰᠤᠭ᠋ᠠᠢ ᠭᠡᠪᠡ
ᠬᠠᠨ ᠵᠸᠩ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ ᠠᠢ᠌ᠯᠴᠢᠯᠠᠬᠤ ᠪᠦᠯᠬᠦᠮ᠎ᠲᠠᠢ ᠠᠭᠤᠯᠵᠠᠪᠠ
ᠸᠠᠩ ᠢ ᠳᠠᠯᠠᠨ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ᠎ᠤᠨ ᠠ᠋ᠩ᠎ᠤᠨ ᠮᠠᠷᠭᠤᠯᠳᠤᠭ᠋ᠠᠨ᠎ᠳᠤ ᠤᠷᠤᠯᠴᠠᠵᠤ ᠶᠠᠷᠢᠶ᠎ᠠ ᠳᠠᠯᠪᠢᠪᠠ
ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ᠎ᠤᠨ ᠱᠠᠩᠨᠠᠯ ᠤᠯᠭᠤᠬᠤ ᠶᠤᠰᠤᠯᠠᠯ ᠪᠡᠭᠡᠵᠢᠩ᠎ᠳᠤ ᠶᠠᠪᠤᠭᠳᠠᠵᠤ ᠯᠢᠦ ᠠ᠋ᠾᠸ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ
 
            