ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠰᠢᠩᠭ᠋ᠠᠫᠤᠷ᠎ᠲᠤ ᠬᠤᠷᠠᠯᠳᠤᠵᠤ ᠸᠠᠩ ᠢ ᠤᠷᠤᠯᠴᠠᠪᠠ
ᠨᠡᠶᠢᠲᠡᠯᠡᠭᠰᠡᠨ ᠴᠠᠭ᠄ 2018-11-08

       
     8 ᠳ᠋ᠤᠭ᠋ᠠᠷ ᠰᠠᠷ᠎ᠠ ᠵᠢᠨ 2᠎ᠤᠨ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠭᠰᠠᠨ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ (10 +1) ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠪᠠ᠃
      ᠸᠠᠩ ᠢ᠎ᠠᠴᠠ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠪᠠᠢ᠌ᠭᠤᠯᠤᠭᠰᠠᠨ 15 ᠵᠢᠯ᠎ᠤᠨ ᠳᠤᠷᠰᠢ ᠬᠤᠶᠠᠷ ᠳᠠᠯ᠎ᠠ ᠵᠢᠨ ᠬᠠᠷᠢᠴᠠᠭ᠎ᠠ ᠳᠠᠰᠤᠷᠠᠯᠳᠠ ᠦᠭᠡᠢ ᠬᠦᠭᠵᠢᠵᠤ᠂ ᠳᠤᠭ᠎ᠠ ᠭᠡᠮᠵᠢᠶ᠎ᠡ᠎ᠠᠴᠠ᠎ᠪᠠᠨ ᠴᠢᠨᠠᠷ᠎ᠤᠨ ᠦᠰᠦᠷᠦᠯᠳᠡ ᠵᠢ ᠪᠡᠶᠡᠯᠡᠬᠦᠯᠵᠤ᠂ ᠳᠦᠷᠭᠡᠨ ᠬᠦᠭᠵᠢᠯᠳᠡ ᠵᠢᠨ ᠠ᠋ᠬᠢᠨ᠎ᠤ ᠬᠤᠭᠤᠴᠠᠭ᠎ᠠ᠎ᠠᠴᠠ ᠳᠡᠰ ᠳᠡᠪᠰᠢᠨ ᠪᠤᠯᠪᠠᠰᠤᠷᠠᠩᠭᠤᠢ ᠪᠤᠯᠵᠤ ᠪᠦᠬᠦ ᠳᠠᠯ᠎ᠠ᠎ᠪᠠᠷ ᠬᠦᠭᠵᠢᠭᠰᠡᠨ ᠰᠢᠨ᠎ᠠ ᠱᠠᠳᠤᠨ᠎ᠳᠤ ᠤᠷᠤᠭᠰᠠᠨ ᠪᠠᠢ᠌ᠨ᠎ᠠ᠃ ᠠ᠋ᠨᠡ ᠵᠢᠯ ᠪᠤᠯ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ᠎ᠤᠨ ᠤᠢ ᠪᠤᠯᠬᠤ ᠪᠦᠭᠡᠳ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠤᠶᠠᠳᠤᠭ᠋ᠠᠷ 50 ᠵᠢᠯ᠎ᠤᠨ ᠠ᠋ᠬᠢᠨ᠎ᠤ ᠵᠢᠯ ᠪᠤᠯᠤᠨ᠎ᠠ᠃ ᠠ᠋ᠨᠡᠬᠦ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠤᠷᠢᠳᠤᠬᠢ ᠵᠢ ᠵᠠᠯᠭ᠋ᠠᠮᠵᠢᠯᠠᠨ ᠬᠤᠢ᠌ᠨᠡᠬᠢ᠎ᠳᠤ ᠵᠠᠮ ᠨᠡᠭᠡᠭᠡᠵᠤ ᠪᠠᠢ᠌ᠭ᠎ᠠ ᠪᠠᠢ᠌ᠳᠠᠯ᠎ᠳᠤ ᠳᠤᠮᠳᠠᠳᠤ ᠤᠯᠤᠰ ᠦᠷᠬᠦᠯᠵᠢᠯᠡᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢ ᠣᠢ᠌ᠷ᠎ᠠ ᠬᠠᠪᠢ ᠵᠢᠨ ᠭᠠᠳᠠᠭ᠋ᠠᠳᠤ ᠬᠠᠷᠢᠴᠠᠭ᠋ᠠᠨ᠎ᠤ ᠳᠡᠷᠢᠬᠦᠨ ᠴᠢᠬᠤᠯᠠ ᠤᠯᠤᠰ ᠤᠷᠤᠨ ᠵᠶ᠋ᠡᠷ ᠦᠵᠡᠵᠤ᠂ ᠬᠦᠷᠰᠢ ᠵᠡᠷᠭᠡᠯᠡᠳᠡᠭᠡ ᠨᠦᠬᠦᠷᠰᠡᠭ ᠪᠠᠢ᠌ᠬᠤ᠂ ᠬᠠᠷᠢᠯᠴᠠᠨ ᠠᠰᠢᠭ᠎ᠲᠠᠢ ᠪᠠᠢ᠌ᠵᠤ ᠬᠠᠮᠳᠤᠪᠠᠷ ᠠᠰᠢᠭ ᠬᠦᠷᠳᠡᠬᠦ ᠵᠢ ᠪᠠᠷᠢᠮᠳᠠᠯᠠᠨ᠂ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠮᠳᠤ ᠵᠢᠨ ᠴᠤᠭᠴᠠ ᠵᠢᠨ ᠪᠠᠢ᠌ᠭᠤᠯᠤᠯᠳᠠ ᠵᠢ ᠳᠡᠮᠵᠢᠵᠤ᠂ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠤᠤᠯ ᠪᠠᠢ᠌ᠷᠢ ᠰᠠᠭᠤᠷᠢ ᠵᠢ ᠳᠡᠮᠵᠢᠨ᠎ᠠ᠃ ᠳᠤᠮᠳᠠᠳᠤ ᠤᠯᠤᠰ ᠳᠤᠷᠠᠳᠠᠶ᠎ᠠ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ᠎ᠲᠠᠢ ᠠᠵᠠ ᠳᠤᠬᠢᠶᠠᠯ᠎ᠢ ᠴᠣᠭᠭ᠋ᠠᠷ ᠠᠰᠢᠭᠯᠠᠨ᠂ ᠦᠷᠢᠰᠦᠯᠳᠦᠭᠡᠨ᠎ᠢ ᠬᠠᠮᠳᠤᠪᠠᠷ ᠤᠭᠳᠤᠵᠤ᠂ ᠨᠡᠩ ᠨᠢᠭ᠍ᠳᠡ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠪᠠᠢ᠌ᠭᠤᠯᠤᠨ᠂ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠮᠳᠤᠷᠠᠯᠴᠠᠭ᠎ᠠ ᠵᠢ ᠭᠠᠵᠠᠷ ᠤᠷᠤᠨ᠎ᠤ ᠠ᠋ᠩᠭᠡ ᠳᠡᠢ᠌ᠪᠤᠩ ᠪᠤᠯᠤᠨ ᠬᠦᠭᠵᠢᠯ ᠪᠠᠳᠠᠷᠠᠯ᠎ᠤᠨ ᠲᠤᠯᠭ᠋ᠠᠭᠤᠷ ᠪᠤᠯᠭ᠋ᠠᠨ᠎ᠠ ᠭᠡᠵᠤ ᠢᠯᠡᠷᠭᠡᠢ᠌ᠯᠡᠪᠡ᠃
      ᠸᠠᠩ ᠢ᠎ᠠᠴᠠ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠷᠢᠴᠠᠭ᠋ᠠᠨ᠎ᠤ ᠬᠦᠭᠵᠢᠯᠳᠡ᠎ᠳᠤ ᠪᠠᠢ᠌ᠯᠳᠤᠬᠤ ᠪᠤᠳᠤᠯᠭ᠎ᠠ ᠵᠢ ᠠᠪᠴᠠᠯᠳᠤᠭᠤᠯᠬᠤ᠎ᠪᠠᠷ ᠵᠢᠯᠤᠭᠤᠳᠤᠮᠵᠢ ᠪᠤᠯᠭ᠋ᠠᠨ᠎ᠠ᠃ ᠳᠤᠮᠳᠠᠳᠤ ᠵᠢᠨ᠎ᠬᠢᠨ 《ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠋ᠠᠨ᠎ᠤ 2030 ᠤᠨ᠎ᠤ ᠠᠯᠤᠰ᠎ᠤᠨ ᠳᠦᠰᠦᠯ》᠎ᠤᠨ ᠵᠢᠯᠤᠭᠤᠳᠤᠭ᠎ᠠ ᠳᠤᠤᠷ᠎ᠠ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ᠎ᠤᠨ ᠬᠦᠭᠵᠢᠯᠳᠡ ᠵᠢᠨ ᠳᠦᠯᠦᠪᠵᠢᠬᠦᠯᠭᠡ ᠪᠤᠯᠤᠨ 《ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ 2025 ᠤᠨ᠎ᠤ ᠠᠯᠤᠰ᠎ᠤᠨ ᠳᠦᠰᠦᠯ》 ᠬᠢᠭᠡᠳ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠠᠪᠴᠠᠯᠳᠤᠭᠤᠯᠬᠤ ᠵᠢ ᠴᠢᠩᠭ᠋ᠠᠳᠬᠠᠵᠤ᠂ ᠳᠠᠪᠠᠭᠤᠯᠢᠭ ᠵᠶ᠋ᠡᠨ ᠬᠠᠷᠢᠯᠴᠠᠨ ᠨᠦᠬᠦᠪᠤᠷᠢᠯᠠᠨ᠂ ᠳᠠᠯᠳᠠ ᠬᠦᠴᠦᠨ᠎ᠢ ᠠᠭᠤᠳᠠᠯᠵᠤ᠂ ᠨᠡᠩ ᠶᠡᠭᠡ ᠬᠠᠮᠳᠤᠷᠠᠯᠴᠠᠭ᠎ᠠ ᠵᠢᠨ ᠤᠷᠤᠨ ᠵᠠᠢ ᠨᠡᠭᠡᠭᠡᠬᠦ ᠵᠢ ᠰᠠᠨᠠᠭᠤᠯᠵᠤ ᠪᠠᠢ᠌ᠨ᠎ᠠ᠃ ᠬᠤᠶᠠᠷ ᠳᠠᠯ᠎ᠠ᠎ᠪᠠᠷ ᠵᠶ᠋ᠡᠨ ᠠᠮᠤᠷ ᠳᠦᠪᠰᠢᠨ᠎ᠤ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠪᠠᠢ᠌ᠯᠳᠤᠬᠤ ᠪᠤᠳᠤᠯᠭ᠎ᠠ ᠵᠢᠨ ᠢᠳᠡᠭᠡᠯᠴᠡᠭᠡ᠎ᠪᠠᠨ ᠨᠡᠮᠡᠭᠳᠡᠬᠦᠯᠵᠤ᠂ ᠭᠠᠮᠰᠢᠭ᠎ᠢ ᠰᠡᠷᠭᠡᠢ᠌ᠯᠡᠵᠤ ᠭᠠᠮᠰᠢᠭ᠎ᠠᠴᠠ ᠠᠪᠤᠷᠠᠬᠤ᠂ ᠬᠦᠮᠦᠨᠯᠢᠭ ᠦᠵᠡᠯ᠎ᠤᠨ ᠳᠤᠰᠠᠯᠠᠯᠳᠠ᠂ ᠴᠡᠷᠢᠭ᠎ᠤᠨ ᠶᠠᠪᠤᠳᠠᠯ ᠠ᠋ᠮᠨᠡᠯᠭᠡ ᠵᠡᠷᠭᠡ ᠤᠯᠠᠨ ᠬᠦᠷᠢᠶ᠎ᠠ ᠴᠠᠷᠠᠭ᠎ᠠ᠎ᠳᠤ ᠬᠠᠮᠳᠤᠷᠠᠯᠴᠠᠭ᠎ᠠ ᠬᠢᠪᠠᠯ ᠵᠤᠬᠢᠨ᠎ᠠ᠃ ᠬᠤᠶᠠᠷ ᠳᠠᠯ᠎ᠠ᠎ᠪᠠᠷ ᠵᠶ᠋ᠡᠨ ᠠᠷᠠᠯᠵᠢᠶ᠎ᠠ᠂ ᠪᠡᠯᠡ ᠤᠷᠤᠭᠤᠯᠤᠯᠳᠠ ᠵᠢᠨ ᠬᠠᠮᠳᠤᠷᠠᠯᠴᠠᠭ᠎ᠠ᠎ᠪᠠᠨ ᠤᠯᠠᠮ ᠬᠦᠨᠵᠡᠭᠡᠢ᠌ᠷᠡᠬᠦᠯᠵᠤ᠂ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠴᠢᠯᠦᠭᠡᠳᠤ ᠠᠷᠠᠯᠵᠢᠶᠠᠨ᠎ᠤ ᠤᠷᠤᠨ᠎ᠤ ᠳᠡᠰ ᠳᠡᠪᠰᠢᠬᠦᠯᠬᠦ ᠵᠦᠪᠳᠡᠯᠴᠡᠭᠡᠷ᠎ᠢ ᠪᠦᠬᠦ ᠳᠠᠯ᠎ᠠ᠎ᠪᠠᠷ ᠬᠦᠴᠦᠨ᠎ᠲᠠᠢ ᠪᠤᠯᠭ᠋ᠠᠬᠤ ᠵᠢ ᠠᠬᠢᠭᠤᠯᠤᠨ᠂ ᠠᠷᠠᠯᠵᠢᠶᠠᠨ᠎ᠤ ᠴᠢᠯᠦᠭᠡᠵᠢᠯᠳᠡ ᠪᠡ ᠠᠵᠤ ᠠᠬᠤᠢ ᠵᠢᠨ ᠳᠡᠯᠡᠭᠡᠢ᠌ᠵᠢᠯᠳᠡ ᠵᠢ ᠠᠬᠢᠭᠤᠯᠪᠠᠯ ᠵᠤᠬᠢᠨ᠎ᠠ᠃ ᠳᠤᠮᠳᠠᠳᠤ ᠵᠢᠨ᠎ᠬᠢᠨ 2019 ᠤᠨ᠎ᠢ 《ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠵᠠᠭᠤᠴᠢᠯᠠᠭᠤᠷ᠎ᠤᠨ ᠰᠤᠯᠢᠯᠴᠠᠭ᠋ᠠᠨ᠎ᠤ ᠤᠨ》 ᠵᠶ᠋ᠡᠷ ᠳᠤᠭᠳᠠᠭ᠋ᠠᠬᠤ᠎ᠪᠠᠷ ᠰᠠᠨᠠᠭ᠋ᠠᠴᠢᠯᠠᠵᠤ ᠪᠠᠢ᠌ᠨ᠎ᠠ᠃ ᠬᠤᠶᠠᠷ ᠳᠠᠯ᠎ᠠ᠎ᠪᠠᠷ ᠵᠶ᠋ᠡᠨ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠰᠢᠨ᠎ᠠ ᠵᠢ ᠠ᠋ᠬᠦᠳᠬᠦ ᠤᠨ ᠵᠶ᠋ᠡᠷ ᠠᠵᠠ ᠳᠤᠬᠢᠶᠠᠯ ᠪᠤᠯᠭ᠋ᠠᠨ᠂ ᠤᠶᠤᠨᠴᠢ ᠬᠤᠳᠠ᠂ ᠳᠤᠭ᠋ᠠᠴᠢᠯᠠᠭᠰᠠᠨ ᠠᠵᠤ ᠠᠬᠤᠢ᠂ ᠬᠢᠮᠠᠯ ᠤᠶᠤᠨ᠂ ᠢᠨᠲᠸᠷ ᠰᠦᠯᠵᠢᠶ᠎ᠠ + ᠵᠡᠷᠭᠡ ᠬᠦᠷᠢᠶ᠎ᠠ ᠴᠠᠷᠠᠭ᠎ᠠ ᠵᠢᠨ ᠬᠠᠮᠳᠤᠷᠡᠯᠴᠠᠭ᠎ᠠ᠎ᠪᠠᠨ ᠬᠦᠨᠵᠡᠭᠡᠢ᠌ᠷᠡᠬᠦᠯᠬᠦ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠡᠯ᠎ᠡ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠳ ᠶᠠᠷᠢᠶ᠎ᠠ ᠳᠠᠯᠪᠢᠬᠤ᠎ᠳᠤ᠎ᠪᠠᠨ ᠳᠤᠮᠳᠠᠳᠤ ᠤᠯᠤᠰ᠎ᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠮᠳᠤ ᠵᠢᠨ ᠴᠤᠭᠴᠠ ᠵᠢᠨ ᠪᠦᠳᠦᠭᠡᠨ ᠪᠠᠢ᠌ᠭᠤᠯᠤᠯᠳᠠ ᠵᠢ ᠳᠡᠮᠵᠢᠵᠤ ᠪᠠᠢ᠌ᠬᠤ᠂ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠵᠠᠷ ᠤᠷᠤᠨ᠎ᠤ ᠬᠠᠮᠳᠤᠷᠠᠯᠴᠠᠭ᠎ᠠ᠎ᠳᠠᠬᠢ ᠭᠤᠤᠯ ᠪᠠᠢ᠌ᠷᠢ ᠰᠠᠭᠤᠷᠢ ᠵᠢ ᠳᠡᠮᠵᠢᠵᠤ ᠪᠠᠢ᠌ᠬᠤ᠎ᠳᠤ ᠳᠠᠯᠠᠷᠬᠠᠵᠤ ᠪᠠᠢ᠌ᠬᠤ᠎ᠪᠠᠨ ᠢᠯᠡᠳᠭᠡᠵᠤ᠂ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ — ᠳᠤᠮᠳᠠᠳᠤ ᠤᠯᠤᠰ᠎ᠤᠨ ᠬᠠᠷᠢᠴᠠᠭ᠋ᠠᠨ᠎ᠤ ᠴᠢᠬᠤᠯᠠ ᠶᠡᠭᠡ ᠠᠬᠢᠯᠳᠠ ᠵᠢ ᠭᠦᠢ᠍ᠴᠡᠳ ᠦᠨᠡᠯᠡᠨ᠂ ᠳᠤᠮᠳᠠᠳᠤ ᠤᠯᠤᠰ ᠪᠤᠯ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠦᠨᠡᠨ ᠪᠤᠳᠠᠳᠠᠢ ᠪᠦᠭᠡᠳ ᠬᠠᠮᠤᠭ᠎ᠤᠨ ᠰᠠᠢ᠌ᠨ ᠬᠠᠮᠳᠤᠷᠠᠯᠴᠠᠭ᠋ᠠᠨ᠎ᠤ ᠬᠠᠨᠢᠳᠠᠨ ᠪᠤᠯᠤᠨ᠎ᠠ᠂ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ᠎ᠨᠢ ᠭᠠᠵᠠᠷ ᠤᠷᠤᠨ᠎ᠢ ᠬᠤᠯᠪᠤᠨ ᠨᠡᠪᠳᠡᠷᠡᠬᠦᠯᠬᠦ ᠪᠠ ᠬᠠᠮᠳᠤᠪᠠᠷ ᠬᠦᠭᠵᠢᠬᠦ᠎ᠳᠤ ᠴᠢᠬᠤᠯᠠ ᠶᠡᠭᠡ ᠠᠵᠠ ᠳᠣᠬᠢᠶᠠᠯ ᠬᠠᠩᠭ᠋ᠠᠪᠠ ᠭᠡᠮᠡᠨ ᠦᠵᠡᠵᠡᠢ᠃ ᠬᠤᠶᠠᠷ ᠳᠠᠯ᠎ᠠ᠎ᠪᠠᠷ ᠵᠶ᠋ᠡᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ ᠵᠢᠨ ᠠᠪᠴᠠᠯᠳᠤᠭ᠎ᠠ᠎ᠪᠠᠨ ᠤᠯᠠᠮ ᠴᠢᠩᠭ᠋ᠠᠳᠬᠠᠨ᠂ ᠠᠷᠠᠯᠵᠢᠶ᠎ᠠ᠂ ᠰᠢᠨ᠎ᠠ ᠵᠢ ᠠ᠋ᠬᠦᠳᠬᠦ᠂ ᠬᠠᠷᠢᠯᠴᠠᠨ ᠬᠤᠯᠪᠤᠭ᠋ᠠᠯᠠᠵᠤ ᠬᠠᠷᠢᠯᠴᠠᠨ ᠨᠡᠪᠳᠡᠷᠡᠬᠦ᠂ ᠵᠤᠭ᠋ᠠᠴᠠᠯ ᠵᠡᠷᠭᠡ ᠬᠦᠷᠢᠶ᠎ᠡ ᠴᠠᠷᠠᠭ᠎ᠠ ᠵᠢᠨ ᠰᠤᠯᠢᠯᠴᠠᠭ᠎ᠠ ᠬᠠᠮᠳᠤᠷᠠᠯᠴᠠᠭ᠎ᠠ᠎ᠪᠠᠨ ᠬᠦᠨᠵᠡᠭᠡᠢ᠌ᠷᠬᠦᠯᠦᠨ᠎ᠠ ᠭᠡᠵᠡᠢ᠃
      ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠳ ᠤᠳᠤᠬᠠᠨ᠎ᠤ ᠬᠠᠮᠠᠭ᠋ᠠᠯᠠᠬᠤ ᠦᠵᠡᠯ ᠴᠤᠬᠤᠢ᠌ᠵᠤ ᠪᠤᠢ ᠬᠦᠨᠳᠤ ᠭᠡᠴᠡᠬᠦᠤ ᠪᠠᠢ᠌ᠳᠠᠯ ᠳᠤᠤᠷ᠎ᠠ᠂ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ᠎ᠬᠢᠨ 《ᠤᠷᠤᠨ ᠪᠦᠰᠡ ᠵᠢᠨ ᠪᠦᠬᠦ ᠳᠠᠯ᠎ᠠ ᠵᠢᠨ ᠠᠵᠤ ᠠᠬᠤᠢ ᠵᠢᠨ ᠬᠠᠨᠢᠳᠠᠨ᠎ᠤ ᠬᠠᠷᠢᠴᠠᠭ᠋ᠠᠨ᠎ᠤ ᠵᠦᠪᠳᠡᠯᠴᠡᠭᠡᠷ》 ᠵᠶ᠋ᠡᠨ ᠳᠦᠷᠭᠡᠨ ᠳᠣᠭᠲᠠᠭ᠋ᠠᠵᠤ᠂ ᠴᠢᠯᠦᠭᠡᠳᠤ ᠠᠷᠠᠯᠵᠢᠶ᠎ᠠ ᠪᠤᠯᠤᠨ ᠤᠷᠤᠨ ᠪᠦᠰᠡ ᠵᠢᠨ ᠠᠵᠤ ᠠᠬᠤᠢ ᠵᠢᠨ ᠨᠢᠭᠡ ᠴᠤᠭᠴᠠᠵᠢᠯᠳᠠ ᠵᠢ ᠠᠬᠢᠭᠤᠯᠤᠨ᠂ ᠤᠯᠠᠨ ᠳᠠᠯᠠᠳᠤ ᠦᠵᠡᠯ ᠪᠤᠯᠤᠨ ᠳᠦᠷᠢᠮ᠎ᠳᠤ ᠰᠠᠭᠤᠷᠢᠯᠠᠭᠰᠠᠨ ᠤᠯᠠᠨ ᠳᠠᠯᠠᠳᠤ ᠠᠷᠠᠯᠵᠢᠶ᠎ᠠ ᠵᠢ ᠬᠠᠮᠠᠭ᠋ᠠᠯᠠᠪᠠᠯ ᠵᠤᠬᠢᠨ᠎ᠠ ᠭᠡᠵᠤ ᠰᠠᠨᠠᠯ ᠨᠢᠭᠡᠳᠡᠢ ᠦᠵᠡᠵᠡᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ᠄ ᠳᠤᠮᠳᠠᠳᠤ ᠤᠯᠤᠰ ᠡᠯ᠎ᠡ ᠳᠠᠯ᠎ᠠ ᠵᠢᠨ᠎ᠬᠢᠨ᠎ᠲᠠᠢ ᠬᠠᠮᠳᠤᠷᠠᠨ ᠢᠷᠡᠨ ᠤᠯᠤᠰ᠎ᠤᠨ ᠴᠦᠮ᠎ᠠ ᠵᠢᠨ ᠳᠤᠬᠠᠢ ᠵᠦᠪᠳᠡᠯᠴᠡᠭᠡᠷ᠎ᠢ ᠦᠷᠬᠦᠯᠵᠢᠯᠡᠨ ᠬᠠᠮᠠᠭ᠋ᠠᠯᠠᠨ᠎ᠠ ᠭᠡᠪᠡ
ᠸᠠᠩ ᠢ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠩᠫᠸᠢᠢ᠍ᠡᠤᠤ᠎ᠲᠠᠢ ᠠᠭᠤᠯᠵᠠᠪᠠ
ᠸᠠᠩ ᠢ ᠬᠦᠷᠢᠶᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠺᠠᠩ ᠵᠢᠩ ᠠ᠋ᠾᠸ᠎ᠲᠠᠢ ᠠᠭᠤᠯᠵᠠᠪᠠ
ᠸᠠᠩ ᠢ ᠰᠤᠯᠤᠩᠭᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠢ ᠶᠦᠩ ᠬᠤᠤ᠎ᠲᠠᠢ ᠠᠭᠤᠯᠵᠠᠪᠠ
ᠸᠠᠩ ᠢ ᠢᠨᠳᠦᠨ᠋ᠸᠰᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠷᠸᠢᠲᠸᠨᠦᠸᠸ᠎ᠲᠠᠢ ᠠᠭᠤᠯᠵᠠᠪᠠ
 
            