ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ ᠳᠠᠷᠬᠠᠭ᠋ᠠᠬᠤ (2018) 41 ᠳ᠋ᠤᠭᠡᠷ ᠳᠤᠭ᠋ᠠᠳᠤ
ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠡᠯ᠎ᠡ ᠭᠡᠯᠳᠡᠰ ᠵᠦᠪᠯᠡᠯ᠂ ᠡᠯ᠎ᠡ ᠰᠢᠭᠤᠳ ᠬᠠᠷᠢᠶ᠎ᠠ ᠪᠠᠢ᠌ᠭᠤᠯᠤᠮᠵᠢ᠄
ᠱᠠᠨ ᠰᠢ ᠮᠤᠵᠢ ᠵᠢᠨ᠎ᠲᠠᠢ ᠺᠤᠸᠠᠨ ᠠ᠋ᠾᠸ ᠭᠤᠤᠯ᠂ ᠬᠢᠷᠢᠨ ᠮᠤᠵᠢ ᠵᠢᠨ ᠰᠤᠩᠭ᠋ᠠᠷᠢ ᠮᠦᠷᠡᠨ᠎ᠤ ᠠ᠋ᠬᠢᠨ᠎ᠤ ᠭᠡᠰᠡᠭ᠎ᠤᠨ ᠳᠡᠭᠡᠳᠤ ᠤᠷᠤᠰᠬᠠᠯ᠂ ᠬᠢᠷᠢᠨ ᠮᠤᠵᠢ ᠵᠢᠨ ᠽᠸᠩ ᠹᠸᠩ ᠯᠢᠩ᠂ ᠬᠠᠷᠠᠮᠦᠢ᠍ᠷᠡᠨ ᠮᠤᠵᠢ ᠵᠢᠨ ᠰᠢ ᠯᠢᠨ ᠠ᠋ᠾᠸ ᠭᠤᠤᠯ᠂ ᠬᠦᠢ᠍ᠵᠸᠤ ᠮᠤᠵᠢ ᠵᠢᠨ ᠳ᠋ᠠ ᠱᠠ ᠠ᠋ᠾᠸ ᠭᠤᠤᠯ ᠵᠡᠷᠭᠡ 5 ᠭᠠᠵᠠᠷ᠎ᠲᠤ ᠰᠢᠨ᠎ᠠ᠎ᠪᠠᠷ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ ᠪᠠᠢ᠌ᠭᠤᠯᠬᠤ ᠵᠢ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠨᠢᠭᠡᠨᠳᠡ ᠬᠢᠨᠠᠨ ᠵᠦᠪᠰᠢᠶᠡᠷᠡᠵᠤ᠂ ᠦᠨᠦ ᠨᠡᠷᠡᠰ᠎ᠢ ᠨᠡᠢ᠌ᠳᠡᠯᠡᠪᠡ᠃ ᠰᠢᠨ᠎ᠠ᠎ᠪᠠᠷ ᠪᠠᠢ᠌ᠭᠤᠯᠬᠤ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠳᠠᠯᠠᠪᠠᠢ᠂ ᠬᠦᠷᠢᠶ᠎ᠠ ᠭᠡᠪᠴᠢᠶ᠎ᠠ ᠪᠤᠯᠤᠨ ᠴᠢᠳᠠᠪᠬᠢ ᠳᠤᠭᠤᠷᠢᠭ ᠬᠤᠪᠢᠶᠠᠷᠢᠯᠠᠯ ᠵᠡᠷᠭᠡ ᠵᠢ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠶᠠᠮᠤᠨ᠎ᠠᠴᠠ ᠠᠰ ᠵᠶ᠋ᠡᠷ᠎ᠨᠢ ᠨᠡᠢ᠌ᠳᠡᠯᠡᠨᠠ᠃ ᠬᠤᠯᠪᠤᠭᠳᠠᠯ ᠪᠦᠬᠦᠢ ᠭᠠᠵᠠᠷ ᠤᠷᠤᠨ᠎ᠨᠢ ᠵᠦᠪᠰᠢᠶᠡᠷᠡᠭᠰᠡᠨ ᠳᠠᠯᠠᠪᠠᠢ ᠪᠤᠯᠤᠨ ᠬᠦᠷᠢᠶ᠎ᠠ ᠭᠡᠪᠴᠢᠶ᠎ᠠ ᠶᠤᠰᠣᠭ᠋ᠠᠷ ᠵᠠᠭ᠋ᠠᠭ ᠱᠤᠭᠤᠮ ᠵᠶ᠋ᠠᠨ ᠳᠤᠭᠳᠠᠭ᠋ᠠᠵᠤ᠂ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠠᠵᠠᠷ ᠰᠢᠷᠤᠢ ᠵᠢᠨ ᠬᠠᠷᠢᠶᠠᠯᠠᠯ᠎ᠤᠨ ᠠ᠋ᠷᠭᠡ ᠵᠢ ᠨᠠᠢ᠌ᠳᠠᠪᠤᠷᠢᠵᠢᠭᠤᠯᠬᠤ ᠵᠢᠨ ᠬᠠᠮᠳᠤ ᠳᠤᠭᠳᠠᠭᠰᠠᠨ ᠴᠠᠭ᠎ᠲᠤ᠎ᠪᠠᠨ ᠳᠡᠮᠳᠡᠭ ᠫᠠᠢ᠌ᠰᠠ ᠪᠤᠰᠬᠠᠵᠤ ᠵᠠᠭ᠋ᠠᠭ ᠱᠤᠭᠤᠮ ᠵᠶ᠋ᠠᠨ ᠳᠤᠳᠤᠷᠬᠠᠢ᠌ᠯᠠᠵᠤ ᠨᠡᠢ᠌ᠳᠡᠯᠡᠬᠦ ᠭᠡᠷᠡᠭᠳᠡᠢ᠃
ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ ᠪᠤᠯ ᠠᠮᠢ ᠠᠬᠤᠢ ᠵᠢᠨ ᠪᠤᠯᠪᠠᠰᠤᠨ᠎ᠢ ᠠᠬᠢᠭᠤᠯᠵᠤ᠂ ᠦᠵᠡᠮᠵᠡᠳᠤ ᠰᠠᠢ᠌ᠬᠠᠨ ᠳᠤᠮᠳᠠᠳᠤ ᠤᠯᠤᠰ᠎ᠢ ᠪᠠᠢ᠌ᠭᠤᠯᠬᠤ ᠵᠢᠨ ᠴᠢᠬᠤᠯᠠ ᠠᠴᠢᠶᠠᠯᠠᠪᠤᠷᠢ ᠪᠤᠯᠤᠨ᠎ᠠ᠃ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠪᠦᠳᠦᠭᠡᠨ ᠪᠠᠢ᠌ᠭᠤᠯᠤᠯᠳᠠ ᠪᠤᠯᠤᠨ ᠬᠠᠮᠠᠭ᠋ᠠᠯᠠᠯᠳᠠ ᠵᠢ ᠴᠢᠩᠭ᠋ᠠᠳᠬᠠᠬᠤ᠎ᠨᠢ ᠰᠢᠨ᠎ᠠ ᠬᠦᠭᠵᠢᠯᠳᠡ ᠵᠢᠨ ᠦᠵᠡᠯᠳᠡ ᠵᠢ ᠳᠤᠤᠱᠯᠠᠭᠤᠯᠤᠨ ᠨᠠᠢ᠌ᠳᠠᠪᠤᠷᠢᠵᠢᠭᠤᠯᠬᠤ ᠪᠤᠳᠠᠳᠤ ᠠᠵᠢᠯᠯᠠᠭ᠎ᠠ ᠪᠤᠯᠬᠤ ᠪᠦᠭᠡᠳ ᠠᠮᠢ ᠠᠬᠤᠢ ᠵᠢᠨ ᠬᠠᠮᠠᠭ᠋ᠠᠯᠠᠯᠳᠠ ᠵᠢᠨ ᠤᠯᠠᠭ᠋ᠠᠨ ᠱᠤᠭᠤᠮ᠎ᠢ ᠨᠡᠢ᠌ᠳᠡᠪᠤᠷᠢᠵᠢᠭᠤᠯᠤᠨ᠂ ᠤᠯᠤᠰ᠎ᠤᠨ ᠠᠮᠢ ᠠᠬᠤᠢ ᠵᠢᠨ ᠠᠮᠤᠷ ᠳᠦᠪᠰᠢᠨ᠎ᠢ ᠬᠠᠮᠠᠭ᠋ᠠᠯᠠᠬᠤ ᠴᠢᠬᠤᠯᠠ ᠪᠠᠳᠤᠯᠠᠭ᠎ᠠ ᠪᠤᠯᠬᠤ ᠮᠦᠷᠳᠡᠭᠡᠨ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠢ ᠬᠠᠮᠠᠭ᠋ᠠᠯᠠᠵᠤ᠂ ᠡᠯ᠎ᠡ ᠳᠦᠷᠦᠯ᠎ᠤᠨ ᠪᠠᠢ᠌ᠭ᠋ᠠᠯᠢ ᠵᠢᠨ ᠠᠮᠢ ᠠᠬᠤᠢ ᠵᠢᠨ ᠰᠢᠰᠲᠸᠮ᠎ᠤᠨ ᠠᠮᠤᠷ ᠳᠦᠪᠰᠢᠨ ᠪᠤᠯᠤᠨ ᠳᠤᠭᠳᠠᠭᠤᠨ ᠪᠠᠢ᠌ᠬᠤ ᠵᠢ ᠪᠠᠳᠤᠯᠠᠨ᠂ ᠠᠮᠢ ᠠᠬᠤᠢ ᠵᠢᠨ ᠤᠷᠴᠢᠨ ᠳᠤᠭᠤᠷᠢᠨ᠎ᠤ ᠴᠢᠨᠠᠷ᠎ᠢ ᠰᠠᠢ᠌ᠵᠢᠷᠠᠭᠤᠯᠬᠤ ᠪᠦᠳᠦᠮᠵᠢᠳᠡᠢ ᠠᠷᠭ᠎ᠠ ᠭᠡᠮᠵᠢᠶ᠎ᠡ ᠪᠤᠯᠤᠨ᠎ᠠ᠃ ᠡᠯ᠎ᠡ ᠬᠤᠯᠪᠤᠭᠳᠠᠯ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ᠎ᠤᠨ᠎ᠬᠢᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠳᠦᠷᠢᠮ ᠵᠡᠷᠭᠡ ᠬᠤᠯᠪᠤᠭᠳᠠᠯ ᠪᠦᠬᠦᠢ ᠳᠦᠷᠢᠮ ᠳᠤᠭᠳᠠᠭ᠋ᠠᠯ᠎ᠢ ᠴᠢᠩᠭ᠎ᠠ ᠭᠡᠷᠡᠭᠵᠢᠬᠦᠯᠦᠨ᠂ 《ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶᠠᠷᠤᠯᠳᠠ ᠵᠢᠨ ᠬᠤᠯᠪᠤᠭᠳᠠᠯ ᠪᠦᠬᠦᠢ ᠠᠵᠢᠯ᠎ᠢ ᠰᠠᠢ᠌ᠳᠤᠷ ᠬᠢᠬᠦ ᠳᠤᠬᠠᠢ ᠮᠡᠳᠡᠭᠳᠡᠯ》 (ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ ᠳᠠᠷᠬᠠᠭ᠋ᠠᠬᠤ 〈2010〉 63 ᠳ᠋ᠤᠭ᠋ᠠᠷ ᠳᠤᠭ᠋ᠠᠳᠤ)᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠭᠡᠷᠡᠭᠵᠢᠬᠦᠯᠵᠤ᠂ ᠠᠮᠢ ᠠᠬᠤᠢ ᠵᠢᠨ ᠤᠷᠴᠢᠨ ᠳᠤᠭᠤᠷᠢᠨ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠵᠤᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ ᠪᠤᠯᠤᠨ ᠬᠠᠮᠵᠢᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠬᠠᠮᠢᠶᠠᠷᠤᠯᠳᠠ ᠵᠢᠨ ᠪᠠᠢ᠌ᠭᠤᠯᠤᠮᠵᠢ ᠵᠢ ᠪᠠᠢ᠌ᠭᠤᠯᠵᠤ ᠳᠡᠬᠦᠯᠳᠡᠷᠵᠢᠬᠦᠯᠦᠨ᠂ ᠪᠡᠯᠡ ᠤᠷᠤᠭᠤᠯᠤᠯᠳᠠ᠎ᠪᠠᠨ ᠨᠡᠮᠡᠭᠳᠡᠬᠦᠯᠵᠤ᠂ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠠᠮᠢ ᠠᠬᠤᠢ ᠵᠢᠨ ᠤᠷᠴᠢᠨ ᠳᠤᠭᠤᠷᠢᠨ᠎ᠳᠤ ᠬᠤᠯᠪᠤᠭᠳᠠᠭᠰᠠᠨ ᠡᠯ᠎ᠡ ᠵᠦᠢ᠍ᠯ᠎ᠤᠨ ᠬᠠᠤᠯᠢ ᠳᠦᠷᠢᠮ᠎ᠢ ᠵᠦᠷᠢᠴᠡᠭᠰᠡᠨ ᠠᠵᠢᠯᠯᠠᠭ᠎ᠠ ᠵᠢ ᠬᠢᠨᠠᠨ ᠬᠠᠮᠢᠶᠠᠷᠬᠤ ᠪᠠ ᠬᠠᠤᠯᠢ ᠭᠡᠷᠡᠭᠵᠢᠬᠦᠯᠬᠦ ᠬᠦᠴᠦᠨ ᠵᠶ᠋ᠡᠨ ᠴᠢᠩᠭ᠋ᠠᠷᠠᠭᠤᠯᠤᠨ᠂ ᠪᠠᠢ᠌ᠭ᠋ᠠᠯᠢ ᠵᠢᠨ ᠬᠠᠮᠠᠭ᠋ᠠᠯᠠᠳᠠ ᠵᠢᠨ ᠤᠷᠤᠨ᠎ᠤ ᠬᠠᠮᠢᠶᠠᠷᠤᠯᠳᠠ ᠪᠤᠯᠤᠨ ᠳᠤᠬᠠᠢ ᠵᠢᠨ ᠭᠠᠵᠠᠷ᠎ᠤᠨ ᠨᠡᠢ᠌ᠭᠡᠮ ᠠᠵᠤ ᠠᠬᠤᠢ ᠵᠢᠨ ᠬᠦᠭᠵᠢᠯᠳᠡ ᠵᠢᠴᠢ ᠰᠠᠭᠤᠭ᠋ᠠᠯᠢ ᠠᠷᠠᠳ᠎ᠤᠨ ᠦᠢ᠍ᠯᠡᠳᠪᠤᠷᠢᠯᠡᠯ ᠠᠮᠢᠳᠤᠷᠠᠯ᠎ᠤᠨ ᠬᠠᠷᠢᠴᠠᠭ᠎ᠠ ᠵᠢ ᠵᠤᠬᠢᠰᠳᠠᠢ ᠰᠢᠢ᠍ᠳᠪᠤᠷᠢᠯᠡᠵᠤ᠂ ᠡᠯ᠎ᠡ ᠵᠦᠢ᠍ᠯ᠎ᠤᠨ ᠬᠠᠮᠢᠶᠠᠷᠤᠯᠳᠠ ᠵᠢᠨ ᠠᠷᠭ᠎ᠠ ᠭᠡᠮᠵᠢᠶ᠎ᠡ᠎ᠪᠠᠨ ᠨᠠᠢ᠌ᠳᠠᠪᠤᠷᠢᠵᠢᠭᠤᠯᠬᠤ ᠵᠢ ᠪᠠᠳᠤᠯᠠᠨ᠂ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠪᠦᠳᠦᠭᠡᠨ ᠪᠠᠢ᠌ᠭᠤᠯᠤᠯᠳᠠ ᠪᠤᠯᠤᠨ ᠬᠠᠮᠢᠶᠠᠷᠤᠯᠳᠠ ᠵᠢᠨ ᠳᠦᠪᠰᠢᠨ᠎ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃
ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ
2018 ᠤᠨ᠎ᠤ 5 ᠳ᠋ᠤᠭ᠋ᠠᠷ ᠰᠠᠷ᠎ᠠ 31᠎ᠤ ᠠ᠋ᠳᠤᠷ
ᠰᠢᠨ᠎ᠠ᠎ᠪᠠᠷ ᠪᠠᠢ᠌ᠭᠤᠯᠬᠤ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠨᠡᠷᠡᠰ
(ᠨᠡᠢ᠌ᠳᠡ 5 ᠭᠠᠵᠠᠷ)
ᠱᠠᠨ ᠰᠢ ᠮᠤᠵᠢ ᠵᠢᠨ
ᠲᠠᠢ ᠺᠤᠸᠠᠨ ᠠ᠋ᠾᠸ ᠭᠤᠤᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ
ᠬᠢᠷᠢᠨ ᠮᠤᠵᠢ ᠵᠢᠨ
ᠰᠤᠩᠭ᠋ᠠᠷᠢ ᠮᠦᠷᠡᠨ᠎ᠤ ᠠ᠋ᠬᠢᠨ᠎ᠤ ᠭᠡᠰᠡᠭ᠎ᠤᠨ ᠳᠡᠭᠡᠳᠤ ᠤᠷᠤᠰᠬᠠᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ
ᠽᠸᠩ ᠹᠸᠩ ᠯᠢᠩ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ
ᠬᠠᠷᠠᠮᠦᠢ᠍ᠷᠡᠨ ᠮᠤᠵᠢ ᠵᠢᠨ
ᠰᠢ ᠯᠢᠨ ᠠ᠋ᠾᠸ ᠭᠤᠤᠯ᠎ᠤᠨ ᠤᠯᠤᠰ᠎ᠤᠨ ᠳᠡᠰ᠎ᠤᠨ ᠪᠠᠢ᠌ᠭ᠋ᠠᠯᠠᠢ ᠵᠢᠨ ᠬᠠᠮᠠᠭ᠋ᠠᠯᠠᠯᠳᠠ ᠵᠢᠨ ᠤᠷᠤᠨ
ᠬᠦᠢ᠍ᠵᠸᠤ ᠮᠤᠵᠢ ᠵᠢᠨ
ᠳ᠋ᠠ ᠱᠠ ᠠ᠋ᠾᠸ ᠭᠤᠤᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ