ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠤᠮᠳᠠᠲᠤ ᠤᠯᠤᠰ᠎ᠤᠨ ᠡᠪ ᠬᠠᠮᠲᠦ ᠨᠠᠮ᠎ᠤᠨ ᠠᠷᠢᠭᠤᠨ ᠴᠢᠭᠡᠴᠢ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠦᠷᠢᠮ
ᠨᠡᠶᠢᠲᠡᠯᠡᠭᠰᠡᠨ ᠴᠠᠭ᠄ 2016-03-03

     
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠭᠦ ᠨᠠᠮ᠎ᠤᠨ ᠬᠡᠰᠢᠭᠦᠨ ᠪᠠ ᠡᠯ᠎ᠡ ᠱᠠᠲᠤᠨ᠎ᠤ ᠨᠠᠮ᠎ᠤᠨ ᠬᠡᠰᠢᠭᠦᠨ ᠤᠳᠤᠷᠢᠳᠬᠤ ᠺᠠᠳ᠋ᠷ ᠠ᠋ᠷᠬᠡᠪᠰᠢ ᠡᠪ ᠬᠠᠮᠲᠤᠴᠢ ᠦᠵᠡᠯ᠎ᠤᠨ ᠭᠦᠰᠡᠯᠡᠩ ᠪᠤᠯᠤᠨ ᠳᠤᠮᠳᠠᠳᠤ ᠤᠯᠤᠰ᠎ᠤᠨ ᠤᠨᠴᠠᠯᠢᠭᠲᠤ ᠨᠡᠢ᠌ᠬᠡᠮ ᠵᠢᠷᠤᠮ᠎ᠤᠨ ᠢᠲᠡᠭᠡᠯ ᠬᠦᠰᠡᠯ ᠵᠶ᠋ᠠᠨ ᠪᠠᠲᠤᠳᠬᠠᠵᠤ᠂ ᠪᠦᠭᠦ ᠰᠡᠳᠬᠢᠯ ᠪᠦᠭᠦ ᠵᠤᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠤᠰᠤᠨ ᠵᠤᠷᠢᠯᠲᠡ᠎ᠪᠠᠨ ᠠ᠋ᠷᠭᠡᠪᠰᠢ ᠪᠠᠷᠢᠮᠲᠡᠯᠡᠨ᠂ ᠨᠠᠮ᠎ᠤᠨ ᠰᠢᠯᠢᠳᠡᠭ ᠤᠯᠠᠮᠵᠢᠯᠠᠯ ᠪᠠ ᠬᠡᠪ ᠰᠤᠷᠲᠠᠯ ᠵᠶ᠋ᠠᠨ ᠠ᠋ᠷᠭᠡᠪᠰᠢ ᠤᠯᠠᠮᠵᠢᠯᠠᠨ ᠪᠠᠳᠠᠷᠠᠭᠤᠯᠵᠤ᠂ ᠠ᠋ᠷᠬᠢᠮ ᠳᠡᠭᠡᠳᠤ ᠶᠤᠰᠤ ᠮᠤᠷᠠᠯ ᠵᠶ᠋ᠠᠨ ᠠ᠋ᠷᠬᠡᠪᠰᠢ ᠤᠬᠠᠮᠰᠠᠷ᠎ᠠᠴᠠ᠎ᠪᠠᠨ ᠪᠤᠢ ᠪᠤᠯᠭ᠋ᠠᠨ᠂ ᠳᠤᠮᠳᠠᠳᠤ ᠵᠢᠨ ᠦᠨᠳᠦᠰᠦᠲᠡᠨ᠎ᠨᠦᠭᠦᠳ᠎ᠤᠨ ᠤᠯᠠᠮᠵᠢᠯᠠᠯᠲᠤ ᠰᠠᠢ᠌ᠬᠠᠨ ᠶᠤᠰᠤ ᠮᠤᠷᠠᠯ ᠵᠶ᠋ᠠᠨ ᠠ᠋ᠷᠬᠡᠪᠰᠢ ᠴᠢᠷᠮᠠᠢ᠌ᠨ ᠪᠠᠳᠠᠷᠠᠭᠤᠯᠵᠤ᠂ ᠠᠷᠢᠭᠤᠨ ᠴᠢᠭᠡᠴᠢ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠨ᠂ ᠬᠢᠨᠠᠯᠲᠠ ᠵᠢ ᠬᠦᠯᠢᠶᠡᠵᠤ᠂ ᠨᠠᠮ᠎ᠤᠨ ᠲᠡᠷᠢᠭᠦᠨ᠎ᠤ ᠴᠢᠨᠠᠷ ᠪᠠ ᠠᠷᠢᠭᠤᠨ ᠴᠡᠪᠡᠷ ᠴᠢᠨᠠᠷ᠎ᠢ ᠬᠡᠵᠢᠶᠡᠳᠡ ᠬᠠᠳᠠᠭ᠋ᠠᠯᠠᠬᠤ ᠭᠡᠷᠡᠭᠲᠡᠢ᠃
      ᠨᠠᠮ᠎ᠤᠨ ᠬᠡᠰᠢᠭᠦᠨ᠎ᠤ ᠠᠷᠢᠭᠤᠨ ᠴᠢᠭᠡᠴᠢ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠦᠷᠢᠮ
      ᠨᠢᠭᠡᠳᠦᠭᠡᠷ ᠵᠣᠷᠪᠣᠰ᠂ ᠬᠤᠪᠢ ᠪᠠ ᠨᠡᠢ᠌ᠲᠡ ᠵᠢ ᠲᠤᠳᠤᠷᠬᠠᠢ ᠢᠯᠭ᠋ᠠᠬᠤ ᠵᠢ ᠪᠠᠷᠢᠮᠲᠠᠯᠠᠨ᠂ ᠦᠪᠡᠷ᠎ᠤᠨ ᠠᠰᠢᠭ ᠵᠶ᠋ᠠᠨ ᠲᠡᠪᠴᠢᠵᠤ ᠨᠡᠢ᠌ᠲᠡ ᠵᠢᠨ ᠲᠦᠯᠦᠭᠡ ᠵᠢᠳᠭᠦᠬᠦ ᠬᠡᠷᠡᠭᠲᠡᠢ᠃
      ᠬᠤᠶᠠᠳᠤᠭ᠋ᠠᠷ ᠵᠣᠷᠪᠣᠰ᠂ ᠠᠷᠢᠭᠤᠨ ᠴᠢᠭᠡᠴᠢ᠎ᠢ ᠠ᠋ᠷᠬᠢᠮᠯᠡᠨ ᠢᠯᠵᠢᠷᠡᠯ᠎ᠢ ᠠ᠋ᠰᠡᠷᠭᠦᠴᠡᠬᠦ ᠵᠢ ᠪᠠᠷᠢᠮᠲᠠᠯᠠᠵᠤ᠂ ᠴᠡᠪᠡᠷ ᠴᠢᠭᠡᠴᠢ᠎ᠪᠠᠷ ᠠᠵᠢᠯᠯᠠᠵᠤ ᠠᠮᠢᠳᠤᠷᠠᠬᠤ ᠬᠡᠷᠡᠭᠲᠡᠢ᠃
      ᠭᠤᠷᠪᠠᠳᠤᠭ᠋ᠠᠷ ᠵᠣᠷᠪᠣᠰ᠂ ᠠᠷᠪᠢᠯᠠᠨ ᠭᠠᠮᠨᠠᠬᠤ ᠵᠢ ᠠ᠋ᠷᠬᠢᠮᠯᠡᠨ ᠱᠠᠯᠢᠨ ᠪᠦᠷᠢᠯᠭᠡᠬᠦ ᠦᠭᠡᠢ ᠪᠠᠢ᠌ᠬᠤ ᠵᠢ ᠪᠠᠷᠢᠮᠲᠠᠯᠠᠵᠤ᠂ ᠬᠠᠳᠠᠭᠤᠵᠢᠯᠲᠠᠢ ᠪᠤᠷᠤᠭᠵᠢᠭᠤᠨ ᠠᠵᠢᠯᠴᠢ ᠠᠷᠪᠢᠴᠢ ᠪᠠᠢ᠌ᠬᠤ ᠬᠡᠷᠡᠭᠲᠡᠢ᠃
      ᠲᠦᠷᠪᠡᠳᠦᠭᠡᠷ ᠵᠣᠷᠪᠣᠰ᠂ ᠬᠦᠴᠢᠷ ᠪᠡᠷᠭᠡ ᠵᠢ ᠬᠦᠮᠦᠨ᠎ᠠᠴᠠ ᠠ᠋ᠮᠦᠨ᠎ᠡ ᠠᠮᠰᠠᠵᠤ ᠵᠤᠯ ᠵᠢᠷᠭ᠋ᠠᠯ᠎ᠢ ᠪᠤᠰᠤᠳ᠎ᠤᠨ ᠬᠤᠢ᠌ᠨ᠎ᠠ ᠠ᠋ᠳ᠋ᠯᠡᠬᠦ ᠵᠢ ᠪᠠᠷᠢᠮᠲᠠᠯᠠᠨ᠂ ᠲᠤᠷᠠᠲᠠᠶ᠎ᠠ ᠨᠡᠮᠡᠷᠢ ᠬᠠᠨᠳᠢᠪ ᠠ᠋ᠷᠭᠦᠭᠦ ᠬᠡᠷᠡᠭᠲᠡᠢ᠃
      ᠨᠠᠮ᠎ᠤᠨ ᠬᠡᠰᠢᠭᠦᠨ ᠤᠳᠤᠷᠢᠳᠬᠤ ᠺᠠᠳ᠋ᠷ᠎ᠤᠨ ᠠᠷᠢᠭᠤᠨ ᠴᠢᠭᠡᠴᠢ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠦᠷᠢᠮ
      ᠲᠠᠪᠤᠳᠤᠭ᠋ᠠᠷ ᠵᠣᠷᠪᠣᠰ᠂ ᠠᠷᠢᠭᠤᠨ ᠴᠢᠭᠡᠴᠢ᠎ᠪᠠᠷ ᠵᠠᠰᠠᠭ ᠪᠠᠷᠢᠵᠤ᠂ ᠠᠷᠠᠳ ᠲᠦᠮᠡᠨ᠎ᠤ ᠠᠯᠪᠠᠨ ᠵᠠᠷᠤᠴᠠ ᠵᠢᠨ ᠤᠭ ᠴᠢᠨᠠᠷ ᠵᠶ᠋ᠠᠨ ᠤᠬᠠᠮᠰᠡᠷ᠎ᠠᠴᠠ᠎ᠪᠠᠨ ᠬᠠᠳᠠᠭ᠋ᠠᠯᠠᠬᠤ ᠬᠡᠷᠡᠭᠲᠡᠢ᠃
      ᠵᠢᠷᠭᠤᠳᠤᠭ᠋ᠠᠷ ᠵᠣᠷᠪᠣᠰ᠂ ᠠᠷᠢᠭᠤᠨ ᠴᠢᠭᠡᠴᠢ᠎ᠪᠠᠷ ᠠ᠋ᠷᠭᠡ᠎ᠪᠠᠨ ᠭᠡᠷᠡᠭᠯᠡᠨ᠂ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠤᠬᠠᠮᠰᠠᠷ᠎ᠠᠴᠠ᠎ᠪᠠᠨ ᠬᠠᠮᠠᠭ᠋ᠠᠯᠠᠬᠤ ᠬᠡᠷᠡᠭᠳᠠᠢ᠃
      ᠲᠤᠯᠤᠳᠤᠭ᠋ᠠᠷ ᠵᠣᠷᠪᠣᠰ᠂ ᠠᠷᠢᠭᠤᠨ ᠴᠢᠭᠡᠴᠢ᠎ᠪᠠᠷ ᠪᠡᠶ᠎ᠡ᠎ᠪᠠᠨ ᠵᠠᠰᠠᠵᠤ᠂ ᠦᠵᠡᠯ ᠰᠠᠨᠠᠭ᠎ᠠ ᠶᠤᠰᠤ ᠮᠤᠷᠠᠯ᠎ᠤᠨ ᠬᠢᠷᠢ ᠲᠦᠪᠰᠢᠨ ᠵᠶ᠋ᠠᠨ ᠤᠬᠠᠮᠰᠠᠷ᠎ᠠᠴᠠ᠎ᠪᠠᠨ ᠳᠡᠭᠡᠭᠰᠢᠯᠡᠭᠦᠯᠬᠦ ᠬᠡᠷᠡᠭᠲᠡᠢ᠃
      ᠨᠠᠢ᠍ᠮᠠᠳᠤᠭ᠋ᠠᠷ ᠵᠣᠷᠪᠣᠰ᠂ ᠠᠷᠢᠭᠤᠨ ᠴᠢᠭᠡᠴᠢ᠎ᠪᠠᠷ ᠭᠡᠷ ᠪᠦᠯᠢ᠎ᠪᠠᠨ ᠵᠠᠰᠠᠵᠤ᠂ ᠰᠠᠢ᠌ᠨ ᠰᠠᠢ᠌ᠬᠠᠨ ᠭᠡᠷ᠎ᠤᠨ ᠰᠤᠷᠲᠠᠯ᠎ᠢ ᠤᠬᠠᠮᠰᠠᠷ᠎ᠠᠴᠠ᠎ᠪᠠᠨ ᠲᠦᠷᠤᠭᠦᠯᠡᠨ ᠪᠤᠢ ᠪᠤᠯᠭ᠋ᠠᠬᠤ ᠬᠡᠷᠡᠭᠲᠡᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭ᠊ ᠵᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠨᠴᠠᠯᠠᠨ ᠬᠠᠷᠠᠭ᠋ᠠᠯᠵᠠᠬᠤ ᠠ᠋ᠲᠡᠭᠡᠳ᠎ᠲᠤ ᠤᠷᠤᠨ ᠰᠠᠭᠤᠴᠠ ᠵᠢᠨ ᠬᠠᠷᠭ᠋ᠠᠯᠵᠠᠯ ᠬᠦᠷᠲᠡᠭᠡᠬᠦ ᠠᠷᠭ᠎ᠠ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠴᠡᠷᠢᠭ᠎ᠢ ᠠᠰᠠᠷᠠᠨ ᠬᠠᠷᠠᠭ᠋ᠠᠯᠵᠠᠬᠤ ᠠᠷᠭ᠎ᠠ
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠨᠡᠢ᠌ᠬᠡᠮ ᠲᠤᠭᠤᠷᠢᠭ᠎ᠤᠨ ᠠᠵᠢᠯ᠎ᠢ ᠴᠤᠮᠬᠠᠳᠬᠠᠬᠤ ᠪᠠ ᠵᠢᠷᠤᠮᠵᠢᠭᠤᠯᠬᠤ ᠲᠤᠬᠠᠢ ᠮᠡᠳᠡᠭᠳᠡᠯ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠷᠢᠮ
ᠪᠦᠬᠦᠳᠡ ᠨᠠᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠳᠠᠢ᠍ᠢ᠍ᠴᠤᠳ᠎ᠤᠨ ᠠ᠋ᠷᠬᠡ ᠠᠰᠢᠬ᠎ᠤᠨ ᠪᠠᠳᠤᠯᠠᠭ᠎ᠠ ᠵᠢᠨ ᠬᠠᠤᠯᠢ
 
            