ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠰᠦᠨ ᠴᠦᠨ ᠯᠠᠨ ᠵᠸᠵᠢᠶᠠᠩ᠎ᠳᠤ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2018-07-16


      ᠰᠢᠨᠬᠤᠸᠠ ᠬᠤᠷᠢᠶᠠᠨ᠎ᠤ ᠬᠠᠩᠵᠸᠤ ᠵᠢᠨ 5 ᠳ᠋ᠤᠭ᠋ᠠᠷ ᠰᠠᠷ᠎ᠠ ᠵᠢᠨ 22᠎ᠤᠨ ᠠ᠋ᠳᠤᠷ᠎ᠤᠨ ᠴᠠᠬᠢᠯᠭ᠋ᠠᠨ ᠮᠡᠳᠡᠭᠡ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠰᠦᠨ ᠴᠦᠨ ᠯᠠᠨ 20᠎ᠤ ᠠ᠋ᠳᠤᠷ᠎ᠠᠴᠠ 22᠎ᠤᠨ ᠠ᠋ᠳᠤᠷ ᠪᠤᠯᠳᠠᠯ᠎ᠠ ᠵᠸᠵᠢᠶᠠᠩ ᠮᠤᠵᠢ᠎ᠳᠤ ᠪᠠᠢ᠌ᠴᠠᠭ᠋ᠠᠨ ᠰᠤᠳᠤᠯᠤᠯᠳᠠ ᠬᠢᠪᠠ᠃
      ᠰᠦᠨ ᠴᠦᠨ ᠯᠠᠨ ᠬᠠᠩᠵᠸᠤ ᠬᠤᠳᠠ ᠵᠢᠨ ᠬᠦᠩᠭᠡᠵᠢᠬᠦᠯᠬᠦ ᠠ᠋ᠮᠨᠡᠯᠭᠡ ᠵᠢᠨ ᠬᠤᠷᠢᠶ᠎ᠠ᠂ ᠳᠦᠩ ᠰᠢᠶᠠᠩ ᠬᠤᠳᠠ ᠵᠢᠨ ᠨᠢᠭᠡᠳᠦᠭᠡᠷ ᠠᠷᠠᠳ᠎ᠤᠨ ᠠ᠋ᠮᠨᠡᠯᠭᠡ ᠵᠢᠨ ᠬᠤᠷᠢᠶ᠎ᠠ᠂ ᠵᠸᠵᠢᠶᠠᠩ ᠶᠡᠭᠡ ᠰᠤᠷᠭ᠋ᠠᠭᠤᠯᠢ ᠵᠢᠨ ᠠ᠋ᠮᠨᠡᠯᠭᠡ ᠵᠢᠨ ᠤᠬᠠᠭ᠋ᠠᠨ᠎ᠤ ᠳᠡᠭᠡᠳᠤ ᠰᠤᠷᠭ᠋ᠠᠭᠤᠯᠢ ᠵᠢᠨ ᠨᠢᠭᠡᠳᠦᠭᠡᠷ ᠬᠠᠷᠢᠶᠠᠳᠤ ᠠ᠋ᠮᠨᠡᠯᠭᠡ ᠵᠢᠨ ᠬᠤᠷᠢᠶ᠎ᠠ᠂ ᠡᠤ ᠵᠸᠨ ᠪᠠᠯᠭ᠋ᠠᠰᠤ ᠵᠢᠨ ᠢᠨᠲᠸᠷ ᠰᠦᠯᠵᠢᠶᠠᠨ᠎ᠤ ᠠ᠋ᠮᠨᠡᠯᠭᠡ ᠵᠢᠨ ᠬᠤᠷᠢᠶ᠎ᠠ ᠵᠡᠷᠭᠡ ᠡᠮ ᠠ᠋ᠮᠨᠡᠯᠭᠡ ᠵᠢᠨ ᠪᠠᠢ᠌ᠭᠤᠯᠤᠮᠵᠢ᠎ᠪᠠᠷ ᠬᠦᠨᠵᠡᠭᠡᠢ᠌ᠷᠡᠨ᠂ ᠠᠯᠪᠠᠨ᠎ᠠᠴᠠ ᠠ᠋ᠷᠬᠢᠯᠡᠭᠰᠡᠨ ᠠ᠋ᠮᠨᠡᠯᠭᠡ ᠵᠢᠨ ᠬᠤᠷᠢᠶᠠᠨ᠎ᠤ ᠦᠭᠡᠷᠡᠴᠢᠯᠡᠯᠳᠡ᠂ 《ᠢᠨᠲᠸᠷ ᠰᠦᠯᠵᠢᠶ᠎ᠠ + ᠠ᠋ᠮᠨᠡᠯᠭᠡ ᠠ᠋ᠷᠡᠬᠦᠯ ᠮᠡᠨᠳᠤ》 ᠪᠤᠯᠤᠨ ᠨᠡᠢ᠌ᠭᠡᠮ᠎ᠠᠴᠠ ᠠ᠋ᠷᠬᠢᠯᠡᠭᠰᠡᠨ ᠠ᠋ᠮᠨᠡᠯᠭᠡ ᠵᠢᠨ ᠬᠤᠷᠢᠶᠠᠨ᠎ᠤ ᠪᠠᠢ᠌ᠳᠠᠯ᠎ᠢ ᠳᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠤᠢ᠌ᠯᠠᠭ᠋ᠠᠬᠤ ᠵᠢᠨ ᠬᠠᠮᠳᠤ ᠶᠠᠷᠢᠯᠴᠠᠬᠤ ᠬᠤᠷᠠᠯ᠎ᠢ ᠠ᠋ᠷᠬᠢᠯᠡᠨ ᠬᠤᠷᠠᠯᠳᠤᠭ᠋ᠠᠯᠪᠠ᠃ ᠰᠦᠨ ᠴᠦᠨ ᠯᠠᠨ᠎ᠠᠴᠠ ᠠ᠋ᠮᠨᠡᠯᠭᠡ ᠵᠢᠨ ᠬᠤᠯᠪᠤᠭ᠋ᠠᠳᠤ ᠴᠤᠭᠴᠠ ᠵᠢᠨ ᠪᠠᠢ᠌ᠭᠤᠯᠤᠯᠳᠠ᠎ᠪᠠᠷ ᠳᠠᠪᠴᠠᠩ ᠪᠤᠯᠭ᠋ᠠᠵᠤ᠂ ᠰᠢᠯᠢᠳᠡᠭ ᠠ᠋ᠮᠨᠡᠯᠭᠡ ᠵᠢᠨ ᠠ᠋ᠬᠢ ᠪᠠᠶᠠᠯᠢᠭ ᠪᠤᠯᠤᠨ ᠠ᠋ᠷᠡᠬᠦᠯ ᠬᠠᠮᠠᠭ᠋ᠠᠯᠠᠯ ᠠ᠋ᠷᠡᠬᠦᠯ ᠮᠡᠨᠳᠤ ᠵᠢᠨ ᠦᠢ᠍ᠯᠡᠴᠢᠯᠡᠭᠡ ᠵᠢ ᠦᠨᠳᠦᠰᠤᠨ ᠱᠠᠳᠤᠨ᠎ᠳᠤ ᠭᠡᠯᠪᠡᠢ᠌ᠯᠭᠡᠬᠦ ᠵᠢ ᠠᠬᠢᠭᠤᠯᠤᠨ᠂ ᠦᠨᠳᠦᠰᠤᠨ ᠱᠠᠳᠤᠨ᠎ᠤ ᠠ᠋ᠮᠨᠡᠯᠭᠡ ᠠ᠋ᠷᠡᠬᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠳᠤᠤᠷ᠎ᠢ ᠪᠡᠬᠢᠵᠢᠬᠦᠯᠬᠦ ᠭᠡᠷᠡᠭᠳᠡᠢ᠃ ᠵᠠᠰᠠᠭ᠎ᠤᠨ ᠤᠷᠳᠤᠨ᠎ᠤ ᠠ᠋ᠮᠨᠡᠯᠭᠡ ᠵᠢᠨ ᠬᠤᠷᠢᠶ᠎ᠠ ᠠ᠋ᠷᠬᠢᠯᠡᠬᠦ ᠬᠠᠷᠢᠭᠤᠴᠠᠯᠭ᠎ᠠ ᠪᠤᠯᠤᠨ ᠠᠯᠪᠠᠨ᠎ᠠᠴᠠ ᠠ᠋ᠷᠬᠢᠯᠡᠭᠰᠡᠨ ᠠ᠋ᠮᠨᠡᠯᠭᠡ ᠵᠢᠨ ᠬᠤᠷᠢᠶᠠᠨ᠎ᠤ ᠬᠠᠮᠢᠶᠠᠷᠤᠯᠳᠠ ᠵᠢᠨ ᠦᠪᠡᠷ᠎ᠲᠡᠭᠡᠨ ᠡᠵᠡᠨ ᠮᠡᠳᠡᠬᠦ ᠠ᠋ᠷᠭᠡ ᠵᠢ ᠨᠠᠢ᠌ᠳᠠᠪᠤᠷᠢᠵᠢᠭᠤᠯᠵᠤ᠂ ᠤᠳᠤ ᠦᠶ᠎ᠠ ᠵᠢᠨ ᠠ᠋ᠮᠨᠡᠯᠭᠡ ᠵᠢᠨ ᠬᠤᠷᠢᠶᠠᠨ᠎ᠤ ᠬᠠᠮᠢᠶᠠᠷᠤᠯᠳᠠ ᠵᠢᠨ ᠳᠦᠷᠢᠮ᠎ᠢ ᠪᠠᠢ᠌ᠭᠤᠯᠵᠤ ᠳᠡᠬᠦᠯᠳᠡᠷᠵᠢᠬᠦᠯᠬᠦ ᠭᠡᠷᠡᠭᠳᠡᠢ᠃ ᠳᠦᠪᠯᠡᠷᠡᠬᠦᠯᠦᠨ ᠬᠤᠳᠠᠯᠳᠤᠨ ᠠᠪᠬᠤ᠂ ᠦᠨ᠎ᠠ ᠬᠠᠩᠰᠢ ᠵᠢᠨ ᠭᠡᠯᠡᠯᠴᠡᠭᠡᠷ ᠬᠢᠬᠦ ᠵᠡᠷᠭᠡ ᠠᠷᠭ᠎ᠠ᠎ᠪᠠᠷ ᠡᠮ ᠪᠤᠳᠠᠰ ᠪᠤᠯᠤᠨ ᠠ᠋ᠮᠨᠡᠯᠭᠡ ᠵᠢᠨ ᠭᠡᠷᠡᠭᠯᠡᠭᠡᠨ᠎ᠤ ᠪᠠᠭ᠋ᠠᠵᠢ ᠬᠡᠷᠡᠭᠰᠡᠯ᠎ᠤᠨ ᠦᠨ᠎ᠠ ᠬᠠᠩᠰᠢ ᠵᠢ ᠦᠨᠡᠨᠬᠦ ᠪᠠᠭᠤᠷᠠᠭᠤᠯᠵᠤ᠂ ᠤᠯᠠᠨ ᠳᠦᠮᠡᠨ᠎ᠤ ᠡᠪᠡᠳᠴᠢᠨ ᠠ᠋ᠮᠨᠡᠬᠦᠯᠬᠦ ᠳᠠᠷᠤᠭ᠋ᠠᠰᠤ ᠵᠢ ᠬᠦᠩᠭᠡᠷᠡᠬᠦᠯᠬᠦ ᠭᠡᠷᠡᠭᠳᠡᠢ᠃ ᠠ᠋ᠮᠨᠡᠯᠭᠡ ᠵᠢᠨ ᠦᠢ᠍ᠯᠡᠴᠢᠯᠡᠭᠡᠨ᠎ᠤ ᠦᠨ᠎ᠠ ᠬᠠᠩᠰᠢ᠎ᠳᠤ ᠳᠤᠬᠢᠷᠠᠭᠤᠯᠤᠯᠳᠠ ᠬᠢᠵᠤ᠂ ᠠ᠋ᠮᠨᠡᠯᠭᠡ ᠵᠢᠨ ᠳᠠᠭ᠋ᠠᠳᠬᠠᠯ᠎ᠤᠨ ᠵᠤᠭᠤᠰ ᠦᠭᠬᠦ ᠭᠡᠯᠪᠡᠷᠢ ᠵᠢ ᠦᠭᠡᠷᠡᠴᠢᠯᠡᠨ᠂ ᠠᠯᠪᠠᠨ᠎ᠠᠴᠠ ᠠ᠋ᠷᠬᠢᠯᠡᠭᠰᠡᠨ ᠠ᠋ᠮᠨᠡᠯᠭᠡ ᠵᠢᠨ ᠬᠤᠷᠢᠶᠠᠨ᠎ᠤ ᠨᠦᠬᠦᠪᠤᠷᠢ ᠵᠢᠨ ᠳᠤᠭᠳᠠᠴᠠ ᠵᠢ ᠳᠡᠬᠦᠯᠳᠡᠷᠵᠢᠬᠦᠯᠬᠦ ᠭᠡᠷᠡᠭᠳᠡᠢ᠃ ᠬᠤᠪᠢᠶᠠᠷᠢᠯᠠᠯᠳᠠ ᠵᠢᠨ ᠳᠦᠷᠢᠮ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠦᠨ᠂ ᠦᠷ᠎ᠠ ᠪᠦᠳᠦᠮᠵᠢ ᠵᠢᠨ ᠬᠢᠨᠠᠨ ᠰᠢᠯᠭ᠋ᠠᠵᠤ ᠦᠨᠡᠯᠡᠬᠦ ᠰᠢᠰᠲᠸᠮ᠎ᠢ ᠳᠡᠬᠦᠯᠳᠡᠷᠵᠢᠬᠦᠯᠵᠤ᠂ ᠮᠡᠳᠡᠯᠭᠡ ᠵᠢᠨ ᠦᠷᠳᠡᠭ ᠵᠶ᠋ᠡᠷ ᠵᠢᠯᠤᠭᠤᠳᠤᠮᠵᠢ ᠪᠤᠯᠭ᠋ᠠᠭᠰᠠᠨ᠂ ᠠ᠋ᠮᠨᠡᠯᠭᠡ ᠵᠢᠨ ᠠᠵᠢᠯ ᠳᠦᠷᠦᠯ᠎ᠤᠨ ᠤᠨᠴᠠᠯᠢᠭ᠎ᠲᠤ ᠳᠤᠬᠢᠷᠠᠭᠰᠠᠨ ᠴᠠᠯᠢᠩ ᠤᠯᠭᠤᠮᠵᠢ ᠵᠢᠨ ᠳᠦᠷᠢᠮ᠎ᠢ ᠳᠤᠭᠳᠠᠭ᠋ᠠᠨ᠂ ᠠ᠋ᠮᠨᠡᠯᠭᠡ ᠵᠢᠨ ᠠᠵᠢᠯᠳᠠᠨ᠎ᠤ ᠢᠳᠡᠪᠬᠢᠵᠢᠯ᠎ᠢ ᠬᠦᠢ᠍ᠴᠡᠳ ᠳᠠᠢ᠌ᠴᠢᠯᠠᠬᠤ ᠭᠡᠷᠡᠭᠳᠡᠢ᠃ 《ᠢᠨᠲᠸᠷ ᠰᠦᠯᠵᠢᠶ᠎ᠠ + ᠠ᠋ᠮᠨᠡᠯᠭᠡ ᠠ᠋ᠷᠡᠬᠦᠯ ᠮᠡᠨᠳᠤ》᠂ ᠪᠤᠯᠵᠤᠵᠤ ᠤᠨᠤᠰᠢᠯᠠᠨ ᠠ᠋ᠮᠴᠢᠯᠡᠬᠦ᠂ ᠠᠷᠬᠠᠭ ᠡᠪᠡᠳᠴᠢᠨ᠎ᠢ ᠳᠠᠪᠳᠠᠨ ᠤᠨᠤᠰᠢᠯᠠᠬᠤ᠂ ᠠᠯᠤᠰ ᠡᠵᠡᠮᠰᠢᠯ ᠵᠶ᠋ᠡᠷ ᠠ᠋ᠮᠴᠢᠯᠡᠬᠦ ᠵᠡᠷᠭᠡ ᠰᠦᠯᠵᠢᠶᠡᠨ ᠳᠡᠭᠡᠷᠡᠬᠢ ᠦᠢ᠍ᠯᠡᠴᠢᠯᠡᠭᠡ ᠵᠢ ᠬᠦᠭᠵᠢᠬᠦᠯᠵᠤ᠂ ᠠ᠋ᠷᠡᠬᠦᠯ ᠬᠠᠮᠠᠭ᠋ᠠᠯᠠᠯ ᠠ᠋ᠷᠡᠬᠦᠯ ᠮᠡᠨᠳᠤ ᠵᠢᠨ ᠦᠢ᠍ᠯᠡᠴᠢᠯᠡᠭᠡ ᠵᠢ ᠬᠠᠮᠳᠤᠪᠠᠷ ᠪᠠᠢ᠌ᠭᠤᠯᠤᠨ ᠬᠠᠮᠳᠤᠪᠠᠷ ᠬᠦᠷᠳᠡᠬᠦ ᠵᠢ ᠠᠬᠢᠭᠤᠯᠬᠤ ᠭᠡᠷᠡᠭᠳᠡᠢ᠃ ᠨᠡᠢ᠌ᠭᠡᠮ᠎ᠤᠨ ᠠ᠋ᠮᠨᠡᠯᠭᠡ ᠵᠢᠨ ᠬᠤᠷᠢᠶ᠎ᠠ ᠠ᠋ᠷᠬᠢᠯᠡᠬᠦ ᠵᠢ ᠶᠡᠭᠡᠪᠡᠷ ᠳᠡᠮᠵᠢᠨ᠂ ᠠ᠋ᠮᠴᠢ ᠵᠢᠨ ᠤᠯᠠᠨ ᠴᠢᠭ᠋᠎ᠲᠤ ᠠ᠋ᠮᠴᠢᠯᠡᠬᠦ ᠵᠢ ᠵᠤᠷᠢᠭᠵᠢᠭᠤᠯᠵᠤ᠂ ᠤᠯᠠᠨ ᠳᠦᠮᠡᠨ᠎ᠤ ᠤᠯᠠᠨ ᠠ᠋ᠰᠢᠵᠢᠭ᠌ᠰᠡᠨ ᠠ᠋ᠷᠡᠬᠦᠯ ᠮᠡᠨᠳᠤ ᠵᠢᠨ ᠭᠡᠷᠡᠭᠴᠡᠭᠡ ᠵᠢ ᠬᠠᠩᠭ᠋ᠠᠬᠤ ᠭᠡᠷᠡᠭᠳᠡᠢ ᠭᠡᠵᠤ ᠱᠠᠭ᠋ᠠᠷᠳᠠᠪᠠ᠃
      ᠵᠸᠵᠢᠶᠠᠩ ᠮᠤᠵᠢ ᠪᠤᠯ ᠶᠡᠭᠡ ᠰᠤᠷᠭ᠋ᠠᠭᠤᠯᠢ ᠵᠢᠨ ᠰᠢᠯᠭ᠋ᠠᠯᠳᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢ ᠭᠡᠷᠡᠭᠵᠢᠬᠦᠯᠦᠭᠰᠡᠨ ᠠᠩᠬᠠᠨ᠎ᠤ ᠮᠤᠵᠢ ᠬᠤᠳᠠ ᠪᠤᠯᠤᠨ᠎ᠠ᠃ ᠰᠦᠨ ᠴᠦᠨ ᠯᠠᠨ ᠵᠸᠵᠢᠶᠠᠩ ᠮᠤᠵᠢ ᠵᠢᠨ ᠰᠤᠷᠭ᠋ᠠᠨ ᠬᠦᠮᠦᠵᠢᠯ᠎ᠤᠨ ᠰᠢᠯᠭ᠋ᠠᠯᠳᠠ ᠵᠢᠨ ᠬᠦᠷᠢᠶᠡᠯᠡᠩ᠎ᠳᠤ ᠪᠠᠢ᠌ᠴᠠᠭ᠋ᠠᠨ ᠰᠤᠳᠤᠯᠤᠯᠳᠠ ᠬᠢᠬᠦ ᠵᠢᠨ ᠬᠠᠮᠳᠤ ᠶᠡᠭᠡ ᠰᠤᠷᠭ᠋ᠠᠭᠤᠯᠢ ᠵᠢᠨ ᠰᠢᠯᠭ᠋ᠠᠯᠳᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠶᠠᠷᠢᠯᠴᠠᠬᠤ ᠬᠤᠷᠠᠯ ᠬᠢᠵᠤ᠂ ᠶᠡᠭᠡ ᠰᠤᠷᠭ᠋ᠠᠭᠤᠯᠢ ᠵᠢᠨ ᠰᠢᠯᠭ᠋ᠠᠯᠳᠠ ᠵᠢᠨ ᠦᠭᠡᠷᠡᠴᠢᠯᠡᠯᠳᠡ ᠵᠢᠨ ᠴᠢᠭᠯᠡᠯ᠎ᠢ ᠠ᠋ᠷᠡᠰ ᠪᠠᠷᠢᠮᠳᠠᠯᠠᠵᠤ᠂ ᠶᠤᠰᠤ ᠮᠤᠷᠠᠯ᠎ᠲᠠᠢ ᠬᠦᠮᠦᠨ᠎ᠢ ᠬᠦᠮᠦᠵᠢᠬᠦᠯᠬᠦ ᠦᠨᠳᠦᠰᠤᠨ ᠠ᠋ᠬᠦᠷᠭᠡ ᠵᠢ ᠨᠡᠢ᠌ᠳᠠᠪᠤᠷᠢᠵᠢᠭᠤᠯᠵᠤ᠂ ᠰᠢᠯᠭ᠋ᠠᠯᠳᠠ ᠵᠢᠨ ᠠᠭᠤᠯᠭ᠎ᠠ ᠵᠢ ᠰᠢᠯᠢᠳᠡᠭᠵᠢᠬᠦᠯᠦᠨ᠂ ᠶᠡᠷᠦᠩᠭᠡᠢ᠌ᠯᠡᠭᠰᠡᠨ ᠭᠡᠪ ᠴᠢᠨᠠᠷ ᠪᠤᠯᠤᠨ ᠴᠢᠳᠠᠪᠤᠷᠢ ᠵᠢ ᠰᠢᠯᠭ᠋ᠠᠨ ᠪᠠᠢ᠌ᠴᠠᠭ᠋ᠠᠬᠤ ᠵᠢ ᠳᠤᠪᠤᠢ᠌ᠯᠭ᠋ᠠᠵᠤ᠂ ᠶᠡᠭᠡ ᠰᠤᠷᠭ᠋ᠠᠭᠤᠯᠢ ᠵᠢᠨ ᠰᠢᠯᠭ᠋ᠠᠯᠳᠠ᠎ᠪᠠᠷ ᠭᠡᠪ ᠴᠢᠨᠠᠷ᠎ᠤᠨ ᠰᠤᠷᠭ᠋ᠠᠨ ᠬᠦᠮᠦᠵᠢᠯ᠎ᠢ ᠨᠡᠩ ᠰᠠᠢ᠌ᠨ ᠵᠶ᠋ᠡᠷ ᠵᠢᠯᠤᠭᠤᠳᠤᠭᠤᠯᠵᠤ᠂ ᠰᠤᠷᠤᠭᠴᠢ ᠵᠢᠨ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃ ᠰᠦᠨ ᠴᠦᠨ ᠯᠠᠨ᠂ ᠶᠡᠭᠡ ᠰᠤᠷᠭ᠋ᠠᠭᠤᠯᠢ ᠵᠢᠨ ᠰᠢᠯᠭ᠋ᠠᠯᠳᠠ ᠵᠢᠨ ᠴᠠᠭ ᠬᠦᠷᠴᠤ ᠢᠷᠡᠯ᠎ᠠ᠃ ᠡᠯ᠎ᠡ ᠭᠠᠵᠠᠷ᠎ᠤᠨ᠎ᠬᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠪᠠᠨ ᠴᠢᠩᠭ᠋ᠠᠳᠬᠠᠵᠤ᠂ ᠰᠢᠯᠭ᠋ᠠᠯᠳᠠ ᠵᠢᠨ ᠠᠮᠤᠷ ᠳᠦᠪᠰᠢᠨ᠂ ᠰᠢᠯᠭ᠋ᠠᠭᠤᠯᠤᠭᠰᠠᠳ᠎ᠲᠤ ᠦᠢ᠍ᠯᠡᠴᠢᠯᠡᠬᠦ ᠵᠡᠷᠭᠡ ᠠᠵᠢᠯ᠎ᠢ ᠰᠠᠢ᠌ᠳᠤᠷ ᠬᠢᠵᠤ᠂ ᠠ᠋ᠷᠭᠡ ᠳᠡᠭᠰᠢ᠂ ᠠᠮᠤᠷ ᠳᠦᠪᠰᠢᠨ᠂ ᠦᠨᠡᠨᠴᠢ ᠭᠤᠤᠯᠴᠢ ᠪᠠᠢ᠌ᠬᠤ ᠰᠢᠯᠭ᠋ᠠᠯᠳᠠ ᠵᠢᠨ ᠬᠠᠷᠠᠯᠲᠠ ᠵᠢ ᠦᠨᠡᠨᠬᠦ ᠪᠠᠳᠤᠯᠠᠬᠤ ᠭᠡᠷᠡᠭᠳᠡᠢ ᠭᠡᠵᠤ ᠱᠠᠭ᠋ᠠᠷᠳᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠠᠨ ᠵᠸᠩ ᠭᠤᠸᠠᠩᠳᠦᠢ᠍ᠩ᠎ᠳᠤ ᠪᠠᠢ᠌ᠴᠠᠭ᠋ᠠᠨ ᠰᠤᠳᠤᠯᠤᠯᠳᠠ ᠬᠢᠪᠠ
ᠯᠢ ᠺᠸ ᠴᠢᠶᠠᠩ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠪᠤᠭᠤᠮᠳᠠ ᠵᠢᠨ ᠶᠡᠷᠦᠩᠭᠡᠢ ᠵᠠᠬᠢᠷᠭ᠎ᠠ᠎ᠳᠤ ᠰᠢᠨᠵᠢᠯᠠᠨ ᠪᠠᠢ᠌ᠴᠠᠭ᠋ᠠᠵᠤ ᠶᠠᠷᠢᠯᠴᠠᠬᠤ ᠬᠤᠷᠠᠯ ᠬᠢᠪᠠ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ ᠬᠦᠴᠢᠷᠳᠡᠯ᠎ᠲᠠᠢ ᠤᠷᠤᠨ ᠪᠤᠯᠤᠨ ᠪᠠᠭᠤᠷᠠᠢ ᠭᠣᠭᠴᠣᠭ᠎ᠠ᠎ᠳᠠᠬᠢ ᠰᠤᠷᠭ᠋ᠠᠨ ᠬᠦᠮᠦᠵᠢᠯ᠎ᠤᠨ ᠪᠡᠯᠡ ᠤᠷᠤᠭᠤᠯᠤᠯᠳᠠ ᠵᠢ ᠨᠡᠮᠡᠭᠳᠡᠬᠦᠯᠬᠦ᠎ᠪᠠᠷ ᠳᠤᠭᠳᠠᠵᠠᠢ
ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ᠎ᠠᠴᠠ 《ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》 ᠵᠢ ᠳᠠᠢ᠌ᠯᠪᠤᠷᠢᠯᠠᠬᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠢᠵᠡᠢ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠦᠢ᠍ᠯᠡᠳᠪᠤᠷᠢ ᠬᠤᠳᠠᠯᠳᠤᠭ᠋ᠠᠨ᠎ᠤ ᠬᠠᠮᠢᠶᠠᠷᠤᠯᠳᠠ ᠵᠢᠨ ᠳᠤᠪᠴᠢᠶ᠎ᠠ᠎ᠠᠴᠠ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢᠨ ᠬᠠᠷᠭᠤᠭᠤᠯᠬᠤ ᠠᠷᠭ᠎ᠠ》 ᠵᠢ ᠭᠡᠪᠯᠡᠨ ᠳᠠᠷᠬᠠᠭ᠋ᠠᠪᠠ
 
            