ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠤᠮᠳᠠᠳᠤ ᠸᠢᠶᠸᠲᠨᠠᠮ᠎ᠤᠨ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠤ ᠵᠢᠯᠤᠭᠤᠳᠬᠤ ᠵᠦᠪᠯᠡᠯ᠎ᠤᠨ ᠠᠷᠪᠠᠨ ᠨᠢᠭᠡᠳᠦᠭᠡᠷ ᠤᠳᠠᠭ᠋ᠠᠨ᠎ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2018-11-27

           
     9 ᠳ᠋ᠤᠭᠡᠷ ᠰᠠᠷ᠎ᠠ ᠵᠢᠨ 16᠎ᠤ ᠠ᠋ᠳᠤᠷ᠂ ᠳᠤᠮᠳᠠᠳᠤ ᠸᠢᠶᠸᠲᠨᠠᠮ᠎ᠤᠨ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠤ ᠵᠢᠯᠤᠭᠤᠳᠬᠤ ᠵᠦᠪᠯᠡᠯ᠎ᠤᠨ ᠠᠷᠪᠠᠨ ᠨᠢᠭᠡᠳᠦᠭᠡᠷ ᠤᠳᠠᠭ᠋ᠠᠨ᠎ᠤ ᠬᠤᠷᠠᠯ ᠬᠤ᠌ ᡁᠢ ᠮᠢᠩ ᠬᠤᠳᠠ᠎ᠳᠤ ᠬᠤᠷᠠᠯᠳᠤᠵᠤ᠂ ᠳᠤᠮᠳᠠᠳᠤ ᠤᠯᠤᠰ᠎ᠤᠨ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠤᠯᠤᠨ ᠸᠢᠶᠸᠲᠨᠠᠮ᠎ᠤᠨ ᠳᠡᠳ᠋ ᠶᠡᠷᠦᠩᠭᠡᠢ ᠰᠠᠢ᠌ᠳ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠠᠨ ᠫᠢᠩ ᠮᠢᠩ ᠬᠠᠮᠳᠤᠪᠠᠷ ᠬᠤᠷᠠᠯ ᠠ᠋ᠷᠬᠢᠯᠡᠵᠡᠢ᠃
      ᠸᠠᠩ ᠢ᠂ ᠨᠢᠳᠤᠨᠤᠨ ᠬᠤᠶᠠᠷ ᠨᠠᠮ ᠬᠤᠶᠠᠷ ᠤᠯᠤᠰ᠎ᠤᠨ ᠬᠠᠮᠤᠭ᠎ᠤᠨ ᠳᠡᠭᠡᠳᠤ ᠤᠳᠤᠷᠢᠳᠬᠤ ᠬᠦᠮᠦᠨ ᠬᠠᠷᠢᠯᠴᠠᠨ ᠳᠡᠤᠭᠡᠳᠤ ᠴᠢᠨᠠᠷ ᠪᠦᠬᠦᠢ ᠠᠢ᠌ᠯᠴᠢᠯᠠᠯᠳᠠ ᠬᠢᠵᠤ᠂ ᠬᠤᠶᠠᠷ ᠤᠯᠤᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠮᠳᠤᠷᠠᠯᠴᠠᠭ᠎ᠠ ᠵᠢ ᠨᠢᠭᠡᠳᠦᠯᠳᠡᠢ ᠠᠬᠢᠭᠤᠯᠬᠤ ᠳᠤᠬᠠᠢ ᠦᠵᠤ ᠳᠦᠯᠦᠪᠵᠢᠬᠦᠯᠭᠡ ᠪᠤᠯᠤᠨ ᠪᠠᠢ᠌ᠯᠳᠤᠬᠤ ᠪᠤᠳᠤᠯᠭ᠎ᠠ ᠵᠢᠨ ᠳᠦᠯᠦᠪᠯᠡᠭᠡ ᠳᠤᠭᠳᠠᠭ᠋ᠠᠨ᠂ ᠰᠢᠨ᠎ᠠ ᠴᠠᠭ ᠦᠶ᠎ᠠ ᠵᠢᠨ ᠳᠤᠮᠳᠠᠳᠤ ᠸᠢᠶᠸᠲᠨᠠᠮ᠎ᠤᠨ ᠬᠠᠷᠢᠴᠠᠭ᠋ᠠᠨ᠎ᠤ ᠬᠦᠭᠵᠢᠯᠳᠡ ᠵᠢᠨ ᠬᠠᠨᠳᠤᠰᠢ ᠵᠢ ᠵᠢᠭ᠋ᠠᠭᠰᠠᠨ ᠪᠠᠢ᠌ᠨ᠎ᠠ᠃ ᠨᠢᠭᠡ ᠵᠢᠯ᠎ᠤᠨ ᠳᠤᠷᠰᠢ ᠬᠤᠶᠠᠷ ᠤᠯᠤᠰ᠎ᠤᠨ ᠬᠠᠷᠢᠴᠠᠭ᠎ᠠ ᠳᠤᠭᠳᠠᠭᠤᠨ᠎ᠤ ᠳᠤᠮᠳᠠ ᠬᠦᠭᠵᠢᠨ᠂ ᠶᠠᠷᠢᠯᠴᠠᠭ᠋ᠠᠨ᠎ᠤ ᠳᠤᠭᠳᠠᠴᠠ ᠰᠢᠯᠤᠭᠤᠨ ᠶᠠᠪᠤᠭᠳᠠᠵᠤ᠂ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ ᠠ᠋ᠯᠪᠡᠭ ᠪᠦᠳᠦᠮᠵᠢᠳᠡᠢ ᠪᠤᠯᠵᠤ᠂ ᠬᠦᠮᠦᠨ ᠨᠡᠢ᠌ᠭᠡᠮ᠎ᠤᠨ ᠰᠤᠯᠢᠯᠴᠠᠭ᠎ᠠ ᠪᠤᠯᠤᠨ ᠬᠢᠯᠢ ᠳᠠᠭ᠋ᠠᠤ ᠮᠤᠵᠢ ᠤᠷᠤᠨ᠎ᠤ ᠬᠠᠮᠳᠤᠷᠠᠯᠴᠠᠭ᠎ᠠ ᠬᠦᠨᠵᠡᠭᠡᠢ᠌ᠷᠡᠭᠰᠡᠨ ᠪᠠᠢ᠌ᠨ᠎ᠠ᠃ ᠪᠢᠳᠡ ᠬᠤᠶᠠᠷ ᠨᠠᠮ ᠬᠤᠶᠠᠷ ᠤᠯᠤᠰ᠎ᠤᠨ ᠬᠠᠮᠤᠭ᠎ᠤᠨ ᠳᠡᠭᠡᠳᠤ ᠤᠳᠤᠷᠢᠳᠬᠤ ᠬᠦᠮᠦᠨ᠎ᠤ ᠬᠠᠷᠢᠯᠴᠠᠨ ᠠᠢ᠌ᠯᠴᠢᠯᠠᠭᠰᠠᠨ ᠴᠢᠬᠤᠯᠠ ᠦᠷ᠎ᠡ ᠪᠦᠳᠦᠮᠵᠢ ᠵᠢ ᠤᠯᠠᠮ ᠵᠶ᠋ᠡᠷ ᠨᠠᠢ᠌ᠳᠠᠪᠤᠷᠢᠵᠢᠭᠤᠯᠬᠤ ᠵᠢᠨ ᠳᠤᠭᠤᠷᠢᠨ᠎ᠳᠤ ᠬᠤᠶᠠᠷ ᠤᠯᠤᠰ᠎ᠤᠨ ᠡᠯ᠎ᠡ ᠰᠠᠯᠠᠭ᠎ᠠ ᠮᠦᠴᠢᠷ ᠡᠯ᠎ᠡ ᠭᠠᠵᠠᠷ᠎ᠤᠨ ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠬᠤᠶᠠᠷ ᠳᠠᠯ᠎ᠠ ᠵᠢᠨ ᠬᠠᠷᠢᠯᠴᠠᠭ᠎ᠠ ᠶᠠᠪᠤᠯᠴᠠᠭ᠎ᠠ ᠪᠤᠯᠤᠨ ᠡᠯ᠎ᠡ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠬᠠᠮᠳᠤᠪᠠᠷ ᠳᠦᠯᠦᠪᠯᠡᠨ᠂ ᠳᠤᠮᠳᠠᠳᠤ ᠸᠢᠶᠸᠲᠨᠠᠮ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ᠎ᠪᠠᠨ ᠳᠠᠰᠤᠷᠠᠯᠳᠠ ᠦᠭᠡᠢ ᠰᠢᠨ᠎ᠠ ᠬᠦᠭᠵᠢᠯᠳᠡ᠎ᠲᠠᠢ ᠪᠤᠯᠭ᠋ᠠᠨ᠎ᠠ ᠭᠡᠵᠤ ᠢᠯᠡᠷᠭᠡᠢ᠌ᠯᠡᠪᠡ᠃
      ᠸᠠᠩ ᠢ ᠳᠦᠷᠪᠡᠨ ᠵᠦᠢ᠍ᠯ᠎ᠤᠨ ᠰᠠᠨᠠᠭᠤᠯᠤᠮᠵᠢ ᠳᠤᠷᠠᠳᠪᠠ᠄ ᠨᠢᠭᠡ᠎ᠳᠤ ᠳᠡᠭᠡᠳᠤ ᠳᠠᠪᠬᠤᠷᠭ᠎ᠠ ᠵᠢᠨ ᠬᠠᠷᠢᠯᠴᠠᠭ᠎ᠠ ᠶᠠᠪᠤᠯᠴᠠᠭ᠋ᠠᠨ᠎ᠤ ᠪᠠᠢ᠌ᠯᠳᠤᠬᠤ ᠪᠤᠳᠤᠯᠭ᠎ᠠ᠎ᠪᠠᠷ ᠵᠢᠯᠤᠭᠤᠳᠤᠮᠵᠢ ᠪᠤᠯᠭ᠋ᠠᠬᠤ ᠵᠢ ᠪᠠᠷᠢᠮᠳᠠᠯᠠᠨ᠂ ᠬᠠᠮᠳᠤ ᠵᠢᠨ ᠳᠠᠨᠢᠯᠳᠠ᠎ᠪᠠᠨ ᠳᠠᠰᠤᠷᠠᠯᠳᠠ ᠦᠭᠡᠢ ᠨᠢᠬᠳᠠᠷᠠᠭᠤᠯᠵᠤ᠂ ᠬᠠᠷᠢᠯᠴᠠᠨ ᠢᠳᠡᠭᠡᠯᠴᠡᠬᠦ᠎ᠪᠠᠨ ᠬᠦᠨᠵᠡᠭᠡᠢ᠌ᠷᠡᠬᠦᠯᠦᠨ᠂ ᠬᠤᠶᠠᠷ ᠤᠯᠤᠰ᠎ᠤᠨ ᠬᠠᠷᠢᠴᠠᠭ᠋ᠠᠨ᠎ᠤ ᠵᠦᠪ ᠴᠢᠭᠯᠡᠯ᠎ᠢ ᠪᠠᠳᠤ ᠡᠵᠡᠮᠳᠡᠬᠦ ᠭᠡᠷᠡᠭᠳᠡᠢ᠃ ᠬᠤᠶᠠᠷ᠎ᠲᠤ ᠬᠠᠷᠢᠯᠴᠠᠨ ᠠᠰᠢᠭ᠎ᠲᠠᠢ ᠬᠠᠮᠳᠤᠪᠠᠷ ᠠᠰᠢᠭ ᠤᠯᠬᠤ ᠬᠠᠮᠳᠤᠷᠠᠯᠴᠠᠭ᠋ᠠᠨ᠎ᠤ ᠪᠠᠢ᠌ᠷᠢᠯᠠᠭᠤᠯᠤᠯᠳᠠ ᠵᠢ ᠪᠠᠷᠢᠮᠳᠠᠯᠠᠵᠤ᠂ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠬᠠᠮᠳᠤᠷᠠᠯᠴᠭ᠎ᠠ᠂ ᠬᠢᠯᠢ ᠠᠯᠤᠰᠯᠠᠭᠰᠠᠨ ᠠᠵᠤ ᠠᠬᠤᠢ ᠵᠢᠨ ᠬᠠᠮᠳᠤᠷᠠᠯᠴᠠᠭ᠋ᠠᠨ᠎ᠤ ᠤᠷᠤᠨ᠎ᠤ ᠪᠦᠳᠦᠭᠡᠨ ᠪᠠᠢ᠌ᠭᠤᠯᠤᠯᠳᠠ ᠪᠤᠯᠤᠨ ᠦᠢ᠍ᠯᠡᠳᠪᠤᠷᠢᠯᠡᠯ᠎ᠤᠨ ᠴᠢᠳᠠᠪᠤᠷᠢ ᠵᠢᠨ ᠬᠠᠮᠳᠤᠷᠠᠯᠴᠠᠭ᠎ᠠ᠎ᠪᠠᠨ ᠳᠦᠷᠭᠡᠨ ᠠᠬᠢᠭᠤᠯᠤᠨ᠂ ᠬᠠᠮᠳᠤᠷᠠᠯᠴᠠᠭ᠋ᠠᠨ᠎ᠤ ᠰᠢᠨ᠎ᠠ ᠰᠡᠳᠬᠢᠬᠦᠢ ᠰᠢᠨ᠎ᠠ ᠠᠷᠭ᠎ᠠ ᠵᠢ ᠰᠦᠪᠡᠭᠴᠢᠯᠡᠵᠤ᠂ ᠬᠠᠷᠢᠯᠴᠠᠨ ᠠᠰᠢᠭ᠎ᠲᠠᠢ ᠬᠠᠮᠳᠤᠷᠠᠯᠴᠠᠭ᠎ᠠ ᠵᠢ ᠦᠷᠬᠦᠯᠵᠢᠯᠡᠨ ᠬᠦᠭᠵᠢᠬᠦᠯᠬᠦ ᠭᠡᠷᠡᠭᠳᠡᠢ᠃ ᠭᠤᠷᠪᠠ᠎ᠳᠤ ᠬᠤᠶᠠᠷ ᠳᠠᠯ᠎ᠠ ᠵᠢᠨ ᠠᠷᠠᠳ᠎ᠤᠨ ᠰᠠᠨᠠᠭ᠎ᠠ ᠵᠢᠨ ᠰᠠᠭᠤᠷᠢ ᠵᠢ ᠪᠡᠬᠢᠵᠢᠬᠦᠯᠬᠦ ᠵᠢ ᠪᠠᠷᠢᠮᠳᠠᠯᠠᠨ᠂ ᠬᠤᠶᠠᠷ ᠤᠯᠤᠰ᠎ᠤᠨ ᠠᠷᠠᠳ ᠳᠦᠮᠡᠨ᠎ᠤ ᠤᠢ᠌ᠯᠠᠭ᠋ᠠᠯᠴᠠᠭ᠎ᠠ ᠪᠤᠯᠤᠨ ᠬᠠᠢ᠌ᠷ᠎ᠠ ᠰᠡᠳᠬᠢᠯᠭᠡ ᠵᠢ ᠨᠡᠮᠡᠭᠳᠡᠬᠦᠯᠬᠦ᠎ᠳᠤ ᠪᠤᠳᠠᠳᠤ ᠠᠵᠢᠯ ᠬᠢᠬᠦ ᠭᠡᠷᠡᠭᠳᠡᠢ᠃ ᠳᠦᠷᠪᠡ᠎ᠳᠤ ᠵᠦᠷᠢᠴᠡᠯ ᠵᠦᠷᠢᠯᠳᠦᠭᠡᠨ᠎ᠢ ᠨᠠᠮᠳᠠᠭᠤᠯᠵᠤ ᠰᠢᠢ᠍ᠳᠪᠤᠷᠢᠯᠡᠬᠦ ᠵᠢ ᠪᠠᠷᠢᠮᠳᠠᠯᠠᠨ᠂ ᠬᠤᠶᠠᠷ ᠳᠠᠯ᠎ᠠ ᠵᠢᠨ ᠤᠯᠤᠰ ᠳᠦᠷᠦ ᠵᠢᠨ ᠬᠠᠷᠢᠯᠴᠠᠨ ᠢᠳᠡᠭᠡᠯᠴᠡᠭᠡ ᠵᠢ ᠨᠦᠯᠦᠭᠡᠯᠡᠬᠦ ᠭᠡᠷᠡᠭ ᠭᠠᠷᠭ᠋ᠠᠬᠤ ᠵᠢ ᠰᠡᠷᠭᠡᠢ᠌ᠯᠡᠬᠦ ᠭᠡᠷᠡᠭᠳᠡᠢ᠃ ᠠᠯᠤᠰ᠎ᠢ ᠪᠠᠷᠠᠯᠠᠨ ᠳᠠᠯᠠᠢ ᠳᠡᠭᠡᠷᠡᠬᠢ ᠬᠠᠮᠳᠤᠷᠠᠯᠴᠠᠭ᠎ᠠ ᠵᠢ ᠯᠠᠪᠳᠠᠭᠤᠨ ᠵᠶ᠋ᠡᠷ ᠠᠬᠢᠭᠤᠯᠵᠤ᠂ ᠬᠤᠶᠠᠷ ᠨᠠᠮ ᠬᠤᠶᠠᠷ ᠤᠯᠤᠰ᠎ᠤᠨ ᠬᠠᠮᠤᠭ᠎ᠤᠨ ᠳᠡᠭᠡᠳᠤ ᠤᠳᠤᠷᠢᠳᠤᠯᠭ᠎ᠠ ᠵᠢᠨ ᠳᠠᠯᠠᠢ ᠵᠢᠨ ᠠᠮᠤᠷ ᠳᠤᠭᠳᠠᠭᠤᠨ᠎ᠤ ᠳᠤᠬᠠᠢ ᠬᠠᠮᠳᠤ ᠵᠢᠨ ᠳᠠᠨᠢᠯᠳᠠ ᠵᠢ ᠪᠤᠳᠠᠳᠤ ᠠᠵᠢᠯᠯᠠᠭ᠎ᠠ ᠪᠤᠯᠭ᠋ᠠᠨ ᠬᠤᠪᠢᠷᠠᠭᠤᠯᠵᠤ᠂ ᠬᠤᠶᠠᠷ ᠤᠯᠤᠰ᠎ᠤᠨ ᠬᠠᠮᠳᠤ ᠵᠢᠨ ᠪᠠᠢ᠌ᠯᠳᠤᠬᠤ ᠪᠤᠳᠤᠯᠭ᠎ᠠ ᠵᠢᠨ ᠠᠰᠢᠭ ᠳᠤᠰᠠ ᠵᠢ ᠬᠠᠮᠳᠤᠷᠠᠯᠴᠠᠭ᠋ᠠᠨ᠎ᠤ ᠬᠦᠳᠡᠯᠭᠡᠬᠦ ᠬᠦᠴᠦᠨ ᠪᠤᠯᠭ᠋ᠠᠨ ᠬᠤᠪᠢᠷᠠᠭᠤᠯᠬᠤ ᠭᠡᠷᠡᠭᠳᠡᠢ ᠭᠡᠪᠡ᠃
      ᠹᠠᠨ ᠫᠢᠩ ᠮᠢᠩ᠂ ᠸᠠᠩ ᠢ ᠵᠢᠨ ᠬᠤᠶᠠᠷ ᠳᠠᠯ᠎ᠠ ᠵᠢᠨ ᠬᠠᠷᠢᠴᠠᠭ᠎ᠠ᠎ᠳᠤ᠎ᠬᠢ ᠢᠳᠡᠪᠬᠢ ᠦᠨᠡᠯᠡᠯᠳᠡ ᠪᠠ ᠳᠠᠷᠠᠭ᠎ᠠ ᠠᠯᠬᠤᠮ᠎ᠤᠨ ᠠᠵᠢᠯ᠎ᠤᠨ ᠳᠤᠬᠠᠢ ᠳᠦᠰᠦᠪ᠎ᠢ ᠪᠦᠷᠢᠮᠦᠰᠦᠨ ᠵᠦᠪᠰᠢᠶᠡᠷᠡᠵᠤ ᠪᠠᠢ᠌ᠬᠤ᠎ᠪᠠᠨ ᠢᠯᠡᠷᠭᠡᠢ᠌ᠯᠡᠬᠦ ᠵᠢᠨ ᠬᠠᠮᠳᠤ ᠳᠡᠭᠡᠷ᠎ᠡ ᠤᠳᠠᠭ᠎ᠠ ᠵᠢᠨ ᠬᠤᠷᠠᠯ᠎ᠠᠴᠠ ᠨᠠᠭ᠋ᠠᠰᠢ ᠸᠢᠶᠸᠲᠨᠠᠮ ᠳᠤᠮᠳᠠᠳᠤ ᠵᠢᠨ ᠬᠠᠷᠢᠴᠠᠭ᠎ᠠ ᠶᠠᠷᠦᠩᠭᠡᠢ᠎ᠳᠤ᠎ᠪᠠᠨ ᠢᠳᠡᠪᠬᠢᠳᠡᠢ᠎ᠪᠠᠷ ᠬᠦᠭᠵᠢᠵᠤ᠂ ᠬᠤᠶᠠᠷ ᠨᠠᠮ ᠬᠤᠶᠠᠷ ᠤᠯᠤᠰ᠎ᠤᠨ ᠳᠡᠭᠡᠳᠤ ᠳᠠᠪᠬᠤᠷᠭ᠋ᠠᠨ᠎ᠤ ᠬᠠᠷᠢᠯᠴᠠᠭ᠎ᠠ ᠶᠠᠪᠤᠯᠴᠠᠭ᠎ᠠ ᠨᠢᠭ᠍ᠳᠡᠷᠡᠨ᠂ ᠤᠯᠠᠮᠵᠢᠯᠠᠯᠳᠤ ᠨᠦᠬᠦᠷᠯᠡᠯ ᠵᠢᠨ ᠪᠠᠳᠤᠳᠬᠠᠬᠤ᠂ ᠵᠦᠷᠢᠶ᠎ᠡ ᠵᠦᠷᠢᠯᠳᠦᠭᠡᠨ᠎ᠢ ᠬᠠᠮᠢᠶᠠᠷᠤᠨ ᠡᠵᠡᠮᠳᠡᠬᠦ᠂ ᠬᠤᠶᠠᠷ ᠤᠯᠤᠰ᠎ᠤᠨ ᠬᠠᠷᠢᠴᠠᠭ᠎ᠠ ᠵᠢ ᠠ᠋ᠷᠡᠬᠦᠯ ᠪᠦᠭᠡᠳ ᠳᠤᠭᠳᠠᠭᠤᠨ ᠵᠶ᠋ᠡᠷ ᠬᠦᠭᠵᠢᠬᠦᠯᠬᠦ᠎ᠳᠤ ᠴᠢᠬᠤᠯᠠ ᠦᠢ᠍ᠯᠡᠳᠤᠯ ᠦᠵᠡᠬᠦᠯᠪᠡ᠃ ᠬᠤᠶᠠᠷ ᠳᠠᠯ᠎ᠠ ᠵᠢᠨ ᠬᠢᠯᠢ ᠵᠢᠨ ᠠᠷᠠᠯᠵᠢᠶᠠᠨ᠎ᠤ ᠦᠷᠳᠡᠭ ᠳᠡᠣᠭᠡ ᠵᠢᠨ ᠰᠢᠨ᠎ᠠ ᠳᠡᠮᠳᠡᠭᠯᠡᠯ᠎ᠢ ᠠ᠋ᠬᠦᠳᠤᠨ᠂ ᠡᠯ᠎ᠡ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠎ᠠ ᠪᠤᠳᠠᠳᠤ ᠠᠬᠢᠯᠳᠠ᠎ᠲᠠᠢ ᠪᠤᠯᠵᠤ᠂ ᠠᠷᠠᠳ᠎ᠤᠨ ᠶᠠᠪᠤᠯᠴᠠᠭ᠎ᠠ ᠰᠤᠯᠢᠯᠴᠠᠭ᠎ᠠ ᠪᠤᠯᠤᠨ ᠭᠠᠵᠠᠷ ᠤᠷᠤᠨ᠎ᠤ ᠬᠠᠮᠳᠤᠷᠠᠯᠴᠠᠭ᠎ᠠ ᠳᠠᠰᠤᠷᠠᠯᠳᠠ ᠦᠭᠡᠢ ᠦᠷᠭᠡᠵᠢᠨ᠂ ᠬᠢᠯᠢ ᠬᠢᠵᠠᠭ᠋ᠠᠷ᠎ᠤᠨ ᠨᠤᠳᠤᠭ ᠳᠡᠪᠢᠰᠭᠡᠷ᠎ᠤᠨ ᠠᠰᠠᠭᠤᠳᠠᠯ᠎ᠢ ᠶᠡᠷᠦᠩᠭᠡᠢ᠎ᠳᠤ᠎ᠪᠠᠨ ᠪᠦᠳᠦᠮᠵᠢᠳᠡᠢ ᠬᠠᠮᠢᠶᠠᠷᠤᠨ ᠡᠵᠡᠮᠳᠡᠵᠤ ᠳᠡᠢ᠌ᠯᠦᠭᠰᠡᠨ ᠪᠠᠢ᠌ᠨ᠎ᠠ ᠭᠡᠵᠤ ᠢᠯᠡᠷᠭᠡᠢ᠌ᠯᠡᠪᠡ᠃
      ᠬᠤᠶᠠᠷ ᠳᠠᠯ᠎ᠠ᠎ᠪᠠᠷ ᠵᠶ᠋ᠡᠨ ᠵᠢᠯᠤᠭᠤᠳᠬᠤ ᠵᠦᠪᠯᠡᠯ᠎ᠤᠨ ᠳᠤᠭᠳᠠᠴᠠ ᠵᠢᠨ ᠠᠵᠢᠯᠯᠠᠭ᠎ᠠ ᠵᠢ ᠳᠠᠰᠤᠷᠠᠯᠳᠠ ᠦᠭᠡᠢ ᠰᠠᠢ᠌ᠵᠢᠷᠠᠭᠤᠯᠤᠨ ᠳᠡᠬᠦᠯᠳᠡᠷᠵᠢᠬᠦᠯᠵᠤ᠂ ᠨᠢᠭᠡᠳᠦᠯᠳᠡᠢ ᠳᠦᠯᠦᠪᠯᠡᠬᠦ ᠵᠢ ᠤᠯᠠᠮ ᠵᠶ᠋ᠡᠷ ᠴᠢᠩᠭ᠋ᠠᠳᠬᠠᠨ᠂ ᠡᠯ᠎ᠡ ᠬᠦᠷᠢᠶ᠎ᠡ ᠴᠠᠷᠠᠭ᠎ᠠ ᠵᠢᠨ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠋ᠠᠨ᠎ᠤ ᠨᠡᠩ ᠠᠷᠪᠢᠨ ᠦᠷ᠎ᠡ ᠪᠦᠳᠦᠮᠵᠢ ᠤᠯᠬᠤ ᠵᠢ ᠠᠬᠢᠭᠤᠯᠬᠤ ᠬᠡᠷᠡᠭᠲᠠᠢ ᠭᠡᠰᠡᠨ ᠪᠠᠢ᠌ᠨ᠎ᠠ᠃
      ᠬᠤᠶᠠᠷ ᠳᠠᠯ᠎ᠠ ᠵᠢᠨ ᠪᠦᠷᠢᠯᠳᠦᠬᠦᠨ ᠨᠢᠭᠡᠴᠢ ᠪᠤᠯᠤᠨ ᠳᠦᠯᠦᠭᠡᠯᠡᠭᠴᠢᠳ ᠬᠤᠯᠪᠤᠭᠳᠠᠯ ᠪᠦᠬᠦᠢ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠋ᠠᠨ᠎ᠤ ᠪᠠᠢ᠌ᠳᠠᠯ ᠪᠤᠯᠤᠨ ᠰᠠᠨᠠᠭᠤᠯᠭ᠎ᠠ᠎ᠪᠠᠨ ᠬᠠᠷᠢᠭᠤ ᠮᠡᠳᠡᠬᠦᠯᠵᠤ᠂ ᠰᠠᠨᠠᠯ ᠵᠶ᠋ᠡᠨ ᠰᠤᠯᠢᠯᠴᠠᠵᠠᠢ᠃ ᠸᠠᠩ ᠢ ᠳ᠋ᠦᠩᠨᠡᠯᠳᠡ ᠵᠢᠨ ᠶᠠᠷᠢᠶᠠᠨ᠎ᠳᠤ᠎ᠪᠠᠨ᠂ ᠳᠡᠯᠡᠢ ᠳᠡᠭᠡᠷᠡᠬᠢ ᠵᠦᠷᠢᠶ᠎ᠡ ᠵᠦᠷᠢᠯᠳᠦᠭᠡᠨ᠎ᠢ ᠬᠠᠮᠢᠶᠠᠷᠤᠨ ᠡᠵᠡᠮᠳᠡᠬᠦ ᠵᠢᠨ ᠬᠠᠮᠤᠭ᠎ᠤᠨ ᠢᠳᠡᠪᠬᠢᠳᠡᠢ ᠠᠷᠭ᠎ᠠ᠎ᠨᠢ ᠬᠠᠮᠳᠤᠪᠠᠷ ᠬᠦᠭᠵᠢᠬᠦ ᠵᠢ ᠰᠤᠳᠤᠯᠤᠨ ᠰᠦᠪᠡᠭᠴᠢᠯᠡᠬᠦ ᠶᠠᠪᠤᠳᠠᠯ ᠪᠤᠯᠤᠨ᠎ᠠ; ᠠ᠋ᠭᠡ ᠬᠠᠭᠤᠷᠠᠢ ᠵᠢᠨ ᠬᠢᠯᠢ ᠵᠢᠨ ᠵᠠᠭ᠋ᠠᠭ ᠱᠤᠭᠤᠮ᠎ᠢ ᠬᠠᠢ᠌ᠨ ᠭᠡᠮᠵᠢᠵᠤ ᠳᠡᠮᠳᠡᠭ ᠫᠠᠢ᠌ᠰᠠ ᠪᠤᠰᠬᠠᠭᠰᠠᠨ ᠠᠷᠪᠠᠨ ᠵᠢᠯ᠎ᠤᠨ ᠤᠢ ᠵᠢ ᠳᠤᠷᠠᠰᠬᠠᠬᠤ ᠬᠠᠮᠤᠭ᠎ᠤᠨ ᠰᠠᠢ᠌ᠨ ᠠᠷᠭ᠎ᠠ ᠪᠤᠯ ᠬᠢᠯᠢ ᠠᠯᠤᠰᠯᠠᠠᠭᠰᠠᠨ ᠠᠵᠤ ᠠᠬᠤᠢ ᠵᠢᠨ ᠬᠠᠮᠳᠤᠷᠠᠯᠴᠠᠭ᠋ᠠᠨ᠎ᠤ ᠤᠷᠤᠨ ᠳᠤᠭᠤᠷᠢᠭ᠎ᠢ ᠪᠠᠢ᠌ᠭᠤᠯᠬᠤ ᠶᠠᠪᠤᠳᠠᠯ ᠪᠤᠯᠤᠨ᠎ᠠ ᠭᠡᠵᠤ ᠢᠯᠡᠷᠭᠡᠢ᠌ᠯᠡᠪᠡ᠃
      ᠬᠤᠷᠠᠯ᠎ᠤᠨ ᠳᠠᠷᠠᠭ᠎ᠠ ᠬᠤᠶᠠᠷ ᠳᠠᠯ᠎ᠠ᠎ᠪᠠᠷ ᠵᠶ᠋ᠡᠨ ᠬᠤᠷᠠᠯ᠎ᠤᠨ ᠳᠤᠪᠴᠢ᠎ᠳᠤ ᠭᠠᠷ᠎ᠤᠨ ᠦᠰᠦᠭ ᠵᠢᠷᠤᠬᠤ ᠶᠤᠰᠤᠯᠠᠯ᠎ᠳᠤ ᠤᠷᠤᠯᠴᠠᠪᠠ᠃
      ᠬᠤᠷᠠᠯ᠎ᠠᠴᠠ ᠠ᠋ᠮᠤᠨ᠎ᠠ᠂ ᠸᠠᠩ ᠢ ᠹᠠᠨ ᠫᠢᠩ ᠮᠢᠩ᠎ᠲᠠᠢ ᠬᠠᠮᠳᠤᠪᠠᠷ ᠠᠩᠬᠠᠷᠴᠤ ᠪᠠᠢ᠌ᠭ᠎ᠠ ᠠᠰᠠᠭᠤᠳᠠᠯ᠎ᠤᠨ ᠳᠤᠬᠠᠢ ᠰᠠᠨᠠᠯ ᠵᠶ᠋ᠡᠨ ᠰᠤᠯᠢᠯᠴᠠᠵᠠᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠶᠦᠩ ᠳᠤᠮᠳᠠᠳᠤ ᠤᠯᠤᠰ᠎ᠤᠨ ᠵᠡᠮᠳᠡᠭᠴᠤᠳ᠎ᠤᠨ ᠳᠤᠯᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠳᠦᠯᠦᠭᠡᠯᠡᠭᠴᠢᠳ᠎ᠤᠨ ᠶᠡᠭᠡ ᠬᠤᠷᠠᠯ ᠳᠡᠭᠡᠷ᠎ᠠ ᠰᠢᠨ᠎ᠠ ᠴᠠᠭ ᠦᠶ᠎ᠠ ᠵᠢᠨ ᠵᠡᠮᠳᠡᠭᠴᠤᠳ᠎ᠤᠨ ᠦᠢ᠍ᠯᠡᠰ᠎ᠤᠨ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠬᠤ ᠭᠡᠷᠡᠭᠳᠡᠢ ᠭᠡᠪᠡ
ᠯᠢ ᠺᠸ ᠴᠢᠶᠠᠩ ᠬᠤᠷᠠᠯ ᠬᠢᠵᠤ 《ᠬᠠᠴᠢᠨ ᠵᠢᠭ᠌ᠲᠠᠢ ᠭᠡᠷᠡᠴᠢ》᠎ᠤᠨ ᠴᠡᠭᠴᠡᠯᠠᠨ ᠵᠠᠰᠠᠬᠤ ᠵᠢ ᠰᠤᠳᠤᠯᠤᠨ ᠶᠠᠷᠢᠯᠴᠠᠪᠠ
ᠯᠢ ᠺᠸ ᠴᠢᠶᠠᠩ᠄ ᠠ᠋ᠳ᠋᠎ᠤᠨ ᠵᠠᠰᠠᠭ ᠠ᠋ᠨᠡᠬᠦ ᠵᠠᠷᠤᠳᠠᠯ᠎ᠢ ᠵᠠᠷᠤᠬᠤ᠎ᠨᠢ ᠵᠤᠬᠢᠰᠳᠠᠢ ᠭᠡᠪᠡ
ᠬᠤ᠌ ᠴᠦᠨ ᠬᠤᠸᠠ ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ᠎ᠤᠨ ᠶᠠᠷᠢᠯᠴᠠᠬᠤ ᠬᠤᠷᠠᠯ᠎ᠳᠤ ᠤᠷᠤᠯᠴᠠᠭᠰᠠᠨ ᠪᠦᠭᠡᠳ ᠶᠡᠷᠢᠶ᠎ᠡ ᠳᠠᠯᠪᠢᠵᠠᠢ
ᠯᠢ ᠺᠸ ᠴᠢᠶᠠᠩ ᠹᠷᠠᠨᠼᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠸᠳ᠋ᠸᠯᠢᠠᠠᠩ᠎ᠲᠠᠢ ᠠᠭᠤᠯᠵᠠᠪᠠ
 
            