ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠤᠯᠤᠨ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ ᠭᠠᠳᠠᠭ᠋ᠠᠳᠤ ᠬᠠᠷᠢᠴᠠᠭ᠎ᠠ ᠪᠠᠢ᠌ᠭᠤᠯᠪᠠ
ᠨᠡᠶᠢᠲᠡᠯᠡᠭᠰᠡᠨ ᠴᠠᠭ᠄ 2018-11-08

         
      ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ 8 ᠳ᠋ᠤᠭ᠋ᠠᠷ ᠰᠠᠷ᠎ᠠ ᠵᠢᠨ 21᠎ᠤ ᠠ᠋ᠳᠤᠷ ᠪᠡᠭᠡᠵᠢᠩ᠎ᠳᠤ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠺᠠᠰᠲ᠋ᠠᠨ᠋ᠸᠳ᠋ᠸ᠎ᠲᠠᠢ ᠠᠭᠤᠯᠵᠠᠵᠤ ᠶᠠᠷᠢᠯᠴᠠᠭᠰᠠᠨ ᠪᠦᠭᠡᠳ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠤᠯᠤᠨ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ ᠭᠠᠳᠠᠭ᠋ᠠᠳᠤ ᠬᠠᠷᠢᠴᠠᠭ᠎ᠠ ᠪᠠᠢ᠌ᠭᠤᠯᠬᠤ ᠳᠤᠬᠠᠢ ᠬᠠᠮᠳᠤᠷᠠᠭᠰᠠᠨ ᠠᠯᠪᠠᠨ ᠮᠡᠳᠡᠭᠡ》᠎ᠳᠤ ᠭᠠᠷ᠎ᠤᠨ ᠦᠰᠦᠭ ᠵᠢᠷᠤᠭᠰᠠᠨ ᠪᠠᠢ᠌ᠨ᠎ᠠ᠃ ᠭᠤᠤᠯ ᠠᠭᠤᠯᠭ᠎ᠠ᠎ᠨᠢ ᠳᠤᠤᠷ᠎ᠠ ᠮᠠᠳᠤ᠄
      ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠤᠯᠤᠨ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠨᠢ ᠬᠤᠶᠠᠷ ᠤᠯᠤᠰ᠎ᠤᠨ ᠠᠷᠠᠳ ᠳᠦᠮᠡᠨ᠎ᠤ ᠠᠰᠢᠭ ᠳᠤᠰᠠ ᠪᠤᠯᠤᠨ ᠬᠦᠰᠡᠯ ᠠ᠋ᠷᠡᠮᠡᠯᠵᠡᠯ᠎ᠢ ᠦᠨᠳᠦᠰᠦᠯᠡᠨ᠂ ᠠᠯᠪᠠᠨ ᠮᠡᠳᠡᠭᠡ᠎ᠳᠤ ᠭᠠᠷ᠎ᠤᠨ ᠦᠰᠦᠭ ᠵᠢᠷᠤᠭᠰᠠᠨ ᠠ᠋ᠳᠤᠷ᠎ᠠᠴᠠ ᠠ᠋ᠬᠢᠯᠠᠨ ᠠ᠋ᠯᠴᠢᠨ ᠰᠠᠢ᠌ᠳ᠎ᠤᠨ ᠳᠡᠰ᠎ᠤᠨ ᠭᠠᠳᠠᠭ᠋ᠠᠳᠤ ᠶᠠᠪᠤᠳᠠᠯ᠎ᠤᠨ ᠬᠠᠷᠢᠴᠠᠭ᠎ᠠ ᠪᠠᠢ᠌ᠭᠤᠯᠬᠤ᠎ᠪᠠᠷ ᠳᠤᠭᠳᠠᠪᠠ᠃
      ᠬᠤᠶᠠᠷ ᠤᠯᠤᠰ᠎ᠤᠨ ᠵᠠᠰᠠᠭ᠎ᠤᠨ ᠤᠷᠳᠤᠨ ᠠ᠋ᠷᠭᠡ ᠮᠡᠳᠡᠯ ᠪᠤᠯᠤᠨ ᠨᠤᠳᠤᠭ ᠳᠡᠪᠢᠰᠭᠡᠷ᠎ᠤᠨ ᠪᠦᠷᠢᠨ ᠪᠦᠳᠦᠨ ᠵᠢ ᠬᠠᠷᠢᠯᠴᠠᠨ ᠬᠦᠨᠳᠦᠳᠭᠡᠵᠤ᠂ ᠬᠠᠷᠢᠯᠴᠠᠨ ᠳᠦᠷᠢᠮᠡᠭᠡᠢ᠌ᠯᠡᠬᠦ ᠦᠭᠡᠢ᠂ ᠬᠠᠷᠢᠯᠴᠠᠨ ᠳᠤᠳᠤᠭ᠋ᠠᠳᠤ ᠵᠢᠨ ᠶᠠᠪᠤᠳᠠᠯ᠎ᠳᠤ ᠭᠠᠷ ᠳᠦᠷᠦᠬᠦ ᠦᠭᠡᠢ᠂ ᠠ᠋ᠷᠭᠡ ᠳᠡᠭᠰᠢ ᠬᠠᠷᠢᠯᠴᠠᠨ ᠠᠰᠢᠭ᠎ᠲᠠᠢ ᠪᠠᠢ᠌ᠬᠤ᠂ ᠨᠠᠢ᠌ᠷᠠᠮᠳᠠᠯ ᠵᠶ᠋ᠡᠷ ᠵᠡᠷᠭᠡᠴᠡᠨ ᠤᠷᠤᠰᠢᠬᠤ ᠵᠠᠷᠴᠢᠮ᠎ᠤᠨ ᠰᠠᠭᠤᠷᠢᠨ ᠳᠡᠭᠡᠷ᠎ᠠ ᠬᠤᠶᠠᠷ ᠤᠯᠤᠰ᠎ᠤᠨ ᠨᠦᠬᠦᠷᠰᠡᠭ ᠬᠠᠷᠢᠴᠠᠭ᠎ᠠ᠎ᠪᠠᠨ ᠬᠦᠭᠵᠢᠬᠦᠯᠬᠦ ᠵᠢ ᠵᠦᠪᠰᠢᠶᠠᠷᠡᠨ᠎ᠠ᠃
      ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠤᠨ ᠵᠠᠰᠠᠭ᠎ᠤᠨ ᠤᠷᠳᠤᠨ ᠳᠡᠯᠡᠭᠡᠢ ᠳᠡᠭᠡᠷ᠎ᠠ ᠭᠠᠭᠴᠠᠬᠠᠨ ᠳᠤᠮᠳᠠᠳᠤ ᠤᠯᠤᠰ ᠪᠠᠢ᠌ᠵᠤ᠂ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ ᠪᠤᠯ ᠳᠤᠮᠳᠠᠳᠤ ᠤᠯᠤᠰ᠎ᠢ ᠳᠦᠯᠦᠭᠡᠯᠡᠬᠦ ᠴᠤᠷ᠎ᠤᠨ ᠭᠠᠭᠴᠠ ᠬᠠᠤᠯᠢ ᠶᠤᠰᠤᠨ᠎ᠤ ᠵᠠᠰᠠᠭ᠎ᠤᠨ ᠤᠷᠳᠤᠨ ᠪᠤᠯᠤᠨ᠎ᠠ᠂ ᠳᠠᠢ᠌ᠸᠠᠨ ᠪᠤᠯ ᠳᠤᠮᠳᠠᠳᠤ ᠤᠯᠤᠰ᠎ᠤᠨ ᠨᠤᠳᠤᠭ ᠳᠡᠪᠢᠰᠭᠡᠷ᠎ᠤᠨ ᠰᠠᠯᠵᠤ ᠪᠤᠯᠤᠰᠢ ᠦᠭᠡᠢ ᠨᠢᠭᠡ ᠭᠡᠰᠡᠭ ᠪᠤᠯᠬᠤ ᠵᠢ ᠵᠦᠪᠰᠢᠶᠡᠷᠡᠨ᠎ᠠ᠃ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ᠎ᠤᠨ ᠵᠠᠰᠠᠭ᠎ᠤᠨ ᠤᠷᠳᠤᠨ ᠳᠠᠷᠤᠢ᠌ᠬᠠᠨ ᠳᠠᠢ᠌ᠸᠠᠨ᠎ᠲᠠᠢ 《ᠭᠠᠳᠠᠭ᠋ᠠᠳᠤ ᠬᠠᠷᠢᠴᠠᠭ᠎ᠠ》᠎ᠪᠠᠨ ᠳᠠᠰᠤᠯᠤᠨ᠂ ᠳᠠᠢ᠌ᠸᠠᠨ᠎ᠲᠠᠢ ᠶᠠᠮᠠᠷᠪᠠ ᠵᠠᠰᠠᠭ᠎ᠤᠨ ᠳᠠᠯ᠎ᠠ ᠵᠢᠨ ᠭᠠᠳᠠᠭ᠋ᠠᠳᠤ ᠬᠠᠷᠢᠴᠠᠭ᠎ᠠ ᠪᠠᠢ᠌ᠭᠤᠯᠬᠤ ᠦᠭᠡᠢ᠂ ᠵᠠᠰᠠᠭ᠎ᠤᠨ ᠳᠠᠯ᠎ᠠ ᠵᠢᠨ ᠬᠠᠷᠢᠯᠴᠠᠭ᠎ᠠ ᠶᠠᠪᠤᠯᠴᠠᠭ᠎ᠠ ᠬᠢᠬᠦ ᠦᠭᠡᠢ ᠭᠡᠵᠤ ᠠᠮᠠᠯᠳᠤᠪᠠ᠃ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ ᠪᠦᠬᠦᠳᠡ ᠨᠠᠢ᠌ᠷᠠᠮᠳᠠᠳᠤ ᠰᠠᠯᠸᠠᠳᠤᠷ ᠤᠯᠤᠰ᠎ᠤᠨ ᠵᠠᠰᠠᠭ᠎ᠤᠨ ᠤᠷᠳᠤᠨ᠎ᠤ ᠳᠡᠭᠡᠷᠡᠬᠢ ᠦᠵᠡᠯᠳᠡ ᠵᠤᠭᠰᠤᠯᠳᠠ ᠵᠢ ᠮᠠᠭᠳᠠᠨ ᠰᠠᠢ᠌ᠰᠢᠶᠠᠵᠤ ᠪᠠᠢ᠌ᠬᠤ᠎ᠪᠠᠨ ᠢᠯᠡᠷᠭᠡᠢ᠌ᠯᠡᠪᠡ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤ᠌ ᠴᠦᠨ ᠬᠤᠸᠠ 2019 ᠤᠨ᠎ᠤ ᠪᠡᠭᠡᠵᠢᠩ᠎ᠤᠨ ᠳᠡᠯᠡᠭᠡᠢ ᠵᠢᠨ ᠴᠡᠴᠡᠷᠯᠢᠭ᠎ᠤᠨ ᠦᠵᠡᠰᠬᠦᠯᠡᠩ᠎ᠤᠨ ᠴᠤᠭᠯᠠᠭ᠋ᠠᠨ᠎ᠢ ᠵᠤᠬᠢᠶᠠᠨ ᠪᠠᠢ᠌ᠭᠤᠯᠬᠤ ᠵᠦᠪᠯᠡᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠭᠡᠪᠡ
ᠯᠢ ᠺᠸ ᠴᠢᠶᠠᠩ᠄ ᠠᠷᠠᠳ᠎ᠤᠨ ᠪᠡᠯᠡ ᠬᠦᠷᠦᠩᠭᠡ ᠵᠢᠨ ᠰᠲ᠋ᠤᠺ ᠡᠵᠡᠮᠳᠡᠯ᠎ᠢ ᠢᠳᠡᠪᠬᠢᠳᠡᠢ ᠵᠤᠷᠢᠭᠵᠢᠭᠤᠯᠤᠨ᠎ᠠ
ᠢᠨᠳᠦᠨ᠋ᠸᠰᠢᠶ᠎ᠠ ᠵᠢᠨ ᠶᠡᠷᠦᠩᠭᠡᠢ᠌ᠯᠡᠭᠴᠢ ᠽᠦᠸᠸᠺᠸ ᠰᠦᠨ ᠴᠦᠨ ᠯᠠᠨ᠎ᠲᠠᠢ ᠠᠭᠤᠯᠵᠠᠪᠠ
ᠸᠠᠩ ᠢ ᠦᠷᠦᠢ᠍ᠭᠤᠸᠠᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠨᠢᠡᠸᠨ᠎ᠲᠠᠢ ᠠᠭᠤᠯᠵᠠᠨ ᠶᠠᠷᠢᠯᠴᠠᠪᠠ
ᠯᠢ ᠺᠸ ᠴᠢᠶᠠᠩ ᠳᠦᠪᠡᠳ᠎ᠲᠤ ᠰᠢᠨᠵᠢᠯᠠᠨ ᠪᠠᠢ᠌ᠴᠠᠭ᠋ᠠᠬᠤ᠎ᠳᠤ᠎ᠪᠠᠨ ᠴᠢᠬᠤᠯᠠᠴᠢᠯᠠᠭᠰᠠᠨ᠎ᠨᠢ᠄ ᠠᠷᠠᠳ᠎ᠤᠨ ᠠᠮᠢᠳᠤᠷᠠᠯ᠎ᠢ ᠳᠠᠰᠤᠷᠠᠯᠳᠠ ᠦᠭᠡᠢ ᠰᠠᠢ᠌ᠵᠢᠷᠠᠭᠤᠯᠵᠤ ᠦᠨᠳᠦᠰᠦᠳᠡᠨ᠎ᠤ ᠪᠦᠯᠬᠦᠮᠳᠡᠯ᠎ᠢ ᠴᠢᠩᠭ᠋ᠠᠳᠬᠠᠨ ᠠᠷᠠᠳ᠎ᠢ ᠪᠠᠶᠠᠵᠢᠭᠤᠯᠵᠤ ᠳᠦᠪᠡᠳ᠎ᠢ ᠮᠠᠨᠳᠤᠭᠤᠯᠬᠤ ᠵᠢ ᠠᠬᠢᠭᠤᠯᠬᠤ ᠭᠡᠷᠡᠭᠳᠡᠢ
 
            