
ᠯᠢ ᠺᠸ ᠴᠢᠶᠠᠩ 6 ᠳ᠋ᠤᠭ᠋ᠠᠷ ᠰᠠᠷ᠎ᠠ ᠵᠢᠨ 6᠎ᠤ ᠠ᠋ᠳᠤᠷ ᠬᠤᠷᠠᠯᠳᠤᠭᠰᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ 《ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠢ ᠪᠠᠢ᠌ᠭᠤᠯᠵᠤ᠂ ᠢᠯᠠᠩᠭᠤᠶ᠎ᠠ ᠠᠷᠠᠳ ᠤᠯᠠᠨ᠎ᠤ ᠳᠤᠰᠬᠠᠯ ᠶᠡᠭᠡᠳᠡᠢ ᠬᠣᠣᠷᠯᠠᠵᠤ ᠮᠡᠬᠡᠯᠡᠬᠦ ᠬᠠᠭᠤᠷᠴᠤ ᠪᠠᠴᠢᠯᠠᠬᠤ᠂ ᠬᠤᠳᠠᠯ ᠬᠠᠭᠤᠷᠮᠠᠭ ᠵᠡᠷ ᠮᠡᠳᠡᠭᠡ᠎ᠪᠠᠷ ᠮᠡᠭᠡᠯᠡᠬᠦ ᠵᠡᠷᠭᠡ ᠵᠢᠨ ᠬᠠᠤᠯᠢ ᠳᠦᠷᠢᠮ᠎ᠠᠴᠠ ᠵᠦᠷᠢᠴᠡᠭᠰᠡᠨ ᠠᠵᠢᠯᠯᠠᠭ᠎ᠠ ᠵᠢ ᠢᠯᠡᠴᠢᠯᠡᠵᠤ᠂ ᠠ᠋ᠷᠡᠰ ᠴᠡᠭᠴᠡᠯᠡᠨ ᠵᠠᠰᠠᠵᠤ᠂ ᠢᠳᠡᠭᠡᠮᠵᠢ᠎ᠪᠠᠨ ᠠᠯᠳᠠᠭᠰᠠᠳ᠎ᠢ ᠨᠡᠢ᠌ᠭᠡᠮ ᠳᠡᠭᠡᠷ᠎ᠠ ᠶᠠᠪᠤᠬᠤ ᠵᠢᠨ ᠠᠷᠭ᠎ᠠ ᠦᠭᠡᠢ ᠪᠤᠯᠭ᠋ᠠᠬᠤ ᠭᠡᠷᠡᠭᠳᠡᠢ》 ᠭᠡᠵᠤ ᠱᠠᠭ᠋ᠠᠷᠳᠠᠵᠠᠢ᠃
6 ᠳ᠋ᠤᠭ᠋ᠠᠷ ᠰᠠᠷ᠎ᠠ ᠵᠢᠨ 6᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠠᠴᠠ ᠤᠢ᠌ᠷ᠎ᠠ ᠵᠢᠨ ᠭᠡᠳᠤᠨ ᠵᠢᠯ᠎ᠤᠨ ᠳᠤᠷᠰᠢᠬᠢ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢᠨ ᠠᠬᠢᠴᠠ ᠵᠢᠨ ᠪᠠᠢ᠌ᠳᠠᠯ᠂ ᠨᠢᠭᠡᠳᠦᠯᠳᠡᠢ ᠨᠡᠢ᠌ᠭᠡᠮ᠎ᠤᠨ ᠢᠳᠡᠭᠡᠮᠵᠢ ᠵᠢᠨ ᠳᠦᠯᠦᠭᠡᠨᠤ ᠨᠤᠮᠸᠷ᠎ᠢ ᠦᠨᠳᠦᠰᠦᠨ᠎ᠳᠤ᠎ᠪᠠᠨ ᠨᠡᠢ᠌ᠳᠡᠮ ᠪᠦᠷᠬᠦᠬᠦᠯᠦᠭᠰᠡᠨ ᠪᠠᠢ᠌ᠳᠠᠯ᠂ ᠢᠳᠡᠭᠡᠯ ᠨᠠᠢ᠌ᠳᠠᠪᠤᠷᠢ ᠵᠢ ᠠ᠋ᠷᠬᠢᠮᠯᠡᠭᠰᠡᠳᠢ ᠬᠠᠮᠳᠤ᠎ᠪᠠᠷ ᠵᠤᠷᠢᠭᠵᠢᠭᠤᠯᠬᠤ ᠪᠡ ᠢᠳᠡᠭᠡᠮᠵᠢ᠎ᠪᠠᠨ ᠠᠯᠳᠠᠭᠰᠠᠳ᠎ᠢ ᠬᠠᠮᠳᠤ᠎ᠪᠠᠷ ᠵᠠᠯᠬᠠᠭ᠋ᠠᠨ ᠴᠡᠭᠡᠷᠯᠡᠬᠦᠯᠬᠦ ᠳᠤᠭᠳᠠᠴᠠ ᠵᠢ ᠦᠨᠳᠦᠰᠦᠨ᠎ᠳᠤ᠎ᠪᠠᠨ ᠪᠦᠷᠢᠯᠳᠦᠬᠦᠯᠦᠭᠰᠡᠨ ᠪᠠᠢ᠌ᠳᠠᠯ᠎ᠤᠨ ᠳᠤᠬᠠᠢ ᠬᠠᠷᠢᠭᠤ ᠮᠡᠳᠡᠬᠦᠯᠵᠡᠢ᠃
ᠯᠢ ᠺᠸ ᠴᠢᠶᠠᠩ᠄ 《ᠬᠡᠷᠡᠭᠯᠡᠯᠲᠡ᠎ᠪᠠᠷ ᠵᠢᠯᠤᠭᠤᠳᠤᠮᠵᠢ ᠪᠤᠯᠭ᠋ᠠᠬᠤ᠂ ᠤᠷᠢᠳᠠᠪᠠᠷ ᠬᠠᠤᠯᠢ ᠳᠤᠭᠳᠠᠭ᠋ᠠᠬᠤ ᠵᠢ ᠪᠠᠷᠢᠮᠳᠠᠯᠠᠵᠤ᠂ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠳᠦᠷᠭᠡᠳᠭᠡᠬᠦ ᠭᠡᠷᠡᠭᠳᠡᠢ》 ᠭᠡᠵᠤ ᠭᠡᠯᠡᠪᠡ᠃
ᠢᠳᠡᠭᠡᠮᠵᠢ᠎ᠪᠠᠨ ᠠᠯᠳᠠᠭᠰᠠᠳ᠎ᠤᠨ ᠨᠡᠷ᠎ᠠ ᠵᠢ ᠬᠠᠷ᠎ᠠ ᠳᠠᠩᠰᠠ᠎ᠳᠤ ᠣᠷᠤᠭᠤᠯᠵᠤ ᠢᠯᠡ᠎ᠪᠠᠷ ᠨᠡᠢ᠌ᠳᠡᠯᠡᠬᠦ ᠶᠤᠰᠤᠳᠠᠢ ᠵᠢ᠎ᠨᠢ ᠠ᠋ᠷᠭᠡᠪᠰᠢ ᠢᠯᠡ ᠨᠡᠢ᠌ᠳᠡᠯᠡᠬᠦ ᠭᠡᠷᠡᠭᠳᠡᠢ
ᠯᠢ ᠺᠸ ᠴᠢᠶᠠᠩ᠄ 《ᠵᠠᠬ᠎ᠠ ᠳᠡᠯᠭᠡᠬᠦᠷ᠎ᠤᠨ ᠠᠵᠤ ᠠᠬᠤᠢ᠎ᠨᠢ ᠶᠡᠷᠦᠩᠭᠡᠢ᠎ᠳᠤ᠎ᠪᠠᠨ ᠢᠳᠡᠭᠡᠮᠵᠢ ᠵᠢᠨ ᠠᠵᠤ ᠠᠬᠤᠢ ᠪᠤᠯᠬᠤ ᠶᠤᠮ᠃ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠢ ᠪᠠᠢ᠌ᠭᠤᠯᠵᠤ᠂ ᠢᠳᠡᠭᠡᠮᠵᠢ ᠵᠢᠨ ᠠᠵᠤ ᠠᠬᠤᠢ ᠪᠤᠯᠤᠨ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠣᠷᠴᠢᠨ ᠳᠤᠭᠤᠷᠢᠨ᠎ᠢ ᠰᠢᠯᠢᠳᠡᠭᠵᠢᠬᠦᠯᠬᠦ ᠵᠢᠨ ᠳᠤᠭᠤᠷᠢᠨ᠎ᠳᠤ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠮᠡᠳᠡᠵᠤ ᠤᠢ᠌ᠯᠠᠭ᠋ᠠᠬᠤ ᠴᠢᠬᠤᠯᠠᠲᠠᠢ ᠮᠡᠳᠡᠭᠡ ᠵᠠᠩᠬᠢ ᠵᠢ ᠴᠦᠮ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠠᠴᠠ ᠠ᠋ᠷᠢᠵᠤ ᠤᠢ᠌ᠯᠠᠭ᠋ᠠᠳᠠᠭ ᠪᠤᠯᠭ᠋ᠠᠬᠤ ᠭᠡᠷᠡᠭᠳᠡᠢ》 ᠭᠡᠵᠤ ᠭᠡᠯᠡᠪᠡ᠃
ᠯᠢ ᠺᠸ ᠴᠢᠶᠠᠩ᠂ ᠢᠳᠡᠭᠡᠮᠵᠢ᠎ᠪᠠᠨ ᠠᠯᠳᠠᠭᠰᠠᠳ᠎ᠤᠨ ᠨᠡᠷ᠎ᠠ ᠵᠢᠨ ᠬᠠᠷ᠎ᠠ ᠳᠠᠩᠰᠠ ᠪᠠᠢ᠌ᠭᠤᠯᠬᠤ ᠳᠦᠷᠢᠮ᠎ᠤᠨ ᠪᠠᠢ᠌ᠭᠤᠯᠤᠯᠳᠠ ᠵᠢ ᠳᠦᠷᠭᠡᠳᠭᠡᠨ᠂ ᠢᠳᠡᠭᠡᠮᠵᠢ᠎ᠪᠠᠷ ᠬᠢᠵᠠᠷᠭ᠋ᠠᠯᠬᠤ ᠵᠢ ᠴᠢᠩᠭ᠋ᠠᠳᠬᠠᠵᠤ᠂ ᠰᠤᠯᠢᠯᠴᠠᠭ᠋ᠠᠨ᠎ᠤ ᠦᠪᠡᠷ᠎ᠤᠨ ᠦᠷᠳᠡᠭ᠎ᠢ ᠪᠠᠭ᠋ᠠᠰᠬᠠᠨ᠂ ᠰᠢᠯᠢᠳᠡᠭ ᠰᠠᠢ᠌ᠨ ᠢᠳᠡᠭᠡᠮᠵᠢ ᠵᠢᠨ ᠠᠵᠤ ᠠᠬᠤᠢ ᠵᠢᠨ ᠤᠷᠴᠢᠨ ᠳᠤᠭᠤᠷᠢᠨ᠎ᠢ ᠪᠤᠢ ᠪᠤᠯᠭ᠋ᠠᠬᠤ ᠭᠡᠷᠡᠭᠳᠡᠢ ᠭᠡᠵᠤ ᠱᠠᠭ᠋ᠠᠷᠳᠠᠪᠠ᠃
ᠯᠢ ᠶᠡᠷᠦᠩᠭᠡᠢ ᠰᠠᠢ᠌ᠳ᠄ 《ᠢᠳᠡᠭᠡᠮᠵᠢ᠎ᠪᠠᠨ ᠠᠯᠳᠠᠭᠰᠠᠳ᠎ᠤᠨ ᠨᠡᠷ᠎ᠠ ᠵᠢᠨ ᠬᠠᠷ᠎ᠠ ᠳᠠᠩᠰᠠ ᠵᠢ ᠨᠡᠢ᠌ᠭᠡᠮ᠎ᠳᠤ ᠢᠯᠡ᠎ᠪᠠᠷ ᠨᠡᠢ᠌ᠳᠡᠯᠡᠬᠦ ᠶᠤᠰᠤᠳᠠᠢ ᠵᠢ᠎ᠨᠢ ᠠ᠋ᠷᠭᠡᠪᠰᠢ ᠢᠯᠡ᠎ᠪᠠᠷ ᠨᠡᠢ᠌ᠳᠡᠯᠡᠵᠤ᠂ ᠮᠡᠳᠡᠭᠡ ᠵᠠᠩᠬᠢ ᠵᠢ ᠬᠠᠮᠳᠤ᠎ᠪᠠᠷ ᠠ᠋ᠳ᠋ᠯᠡᠵᠤ ᠪᠤᠯᠬᠤ ᠵᠢ᠎ᠨᠢ ᠬᠠᠮᠳᠤ᠎ᠪᠠᠷ ᠠ᠋ᠳ᠋ᠯᠡᠬᠦ ᠪᠤᠯᠭ᠋ᠠᠬᠤ ᠭᠡᠷᠡᠭᠳᠡᠢ᠃ ᠠ᠋ᠰᠡ ᠳᠡᠭᠡᠪᠡᠯ ᠦᠷᠭᠡᠨ ᠤᠯᠠᠨ ᠭᠡᠷᠡᠭᠯᠡᠭᠴᠢᠳ᠎ᠲᠤ ᠬᠠᠷᠢᠭᠤᠴᠠᠯᠭ᠎ᠠ ᠠᠯᠳᠠᠭᠰᠠᠨ ᠶᠠᠪᠤᠳᠠᠯ ᠪᠤᠯᠬᠤ᠎ᠪᠠᠷ ᠪᠠᠷᠠᠬᠤ ᠦᠭᠡᠢ ᠢᠳᠡᠭᠡᠯ ᠨᠡᠢ᠌ᠳᠡᠪᠤᠷᠢ ᠵᠢ ᠠ᠋ᠷᠬᠢᠮᠯᠡᠭᠰᠡᠳᠲᠤ ᠬᠠᠷᠢᠭᠤᠴᠯᠠᠭ᠎ᠠ ᠠᠯᠳᠠᠭᠰᠠᠨ ᠶᠠᠪᠤᠳᠠᠯ ᠪᠤᠯᠤᠨ᠎ᠠ》 ᠭᠡᠪᠡ᠃
ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠬᠦᠷᠢᠶ᠎ᠠ ᠴᠠᠷᠠᠭ᠋ᠠᠨ᠎ᠤ ᠰᠦᠯᠵᠢᠶᠡᠨ ᠳᠡᠭᠡᠷᠡᠬᠢ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠳᠦᠷᠭᠡᠳᠭᠡᠨ᠎ᠡ
ᠯᠢ ᠺᠸ ᠴᠢᠶᠠᠩ᠂ ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠬᠦᠷᠢᠶ᠎ᠠ ᠴᠠᠷᠠᠭ᠎ᠠ ᠵᠢᠨ ᠰᠦᠯᠵᠢᠶᠡᠨ ᠳᠡᠭᠡᠷᠡᠬᠢ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠳᠦᠷᠭᠡᠳᠭᠡᠵᠤ᠂ 《ᠢᠨᠲᠸᠷ ᠰᠦᠯᠵᠢᠶ᠎ᠠ +》 ᠳᠠᠪᠴᠠᠩ᠎ᠢ ᠰᠠᠢ᠌ᠳᠤᠷ ᠠᠰᠢᠭᠯᠠᠵᠤ ᠤᠯᠠᠨ ᠳᠦᠮᠡᠨ᠎ᠤ ᠵᠤᠯ ᠵᠢᠷᠭ᠋ᠠᠯ᠎ᠢ ᠶᠡᠭᠡᠪᠡᠷ ᠨᠡᠮᠡᠭᠳᠡᠬᠦᠯᠬᠦ ᠭᠡᠷᠡᠭᠳᠡᠢ ᠭᠡᠵᠤ ᠱᠠᠭ᠋ᠠᠷᠳᠠᠪᠠ᠃
ᠣᠢ᠌ᠷ᠎ᠠ᠎ᠳᠤ ᠯᠢ ᠺᠸ ᠴᠢᠶᠠᠩ ᠨᠢᠩᠰᠢᠶᠠ᠎ᠳᠤ ᠰᠢᠨᠵᠢᠯᠠᠨ ᠪᠠᠢ᠌ᠴᠠᠭ᠋ᠠᠬᠤ᠎ᠳᠤ᠂ ᠢᠷᠭ᠋ᠠᠢ ᠬᠤᠳᠠ ᠵᠢᠨ 《ᠢᠨᠲᠸᠷ ᠰᠦᠯᠵᠢᠶ᠎ᠠ +》᠎ᠪᠠᠷ ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠬᠦᠷᠢᠶ᠎ᠠ ᠴᠠᠷᠠᠭ᠎ᠠ ᠵᠢ ᠰᠠᠢ᠌ᠵᠢᠷᠠᠭᠤᠯᠤᠭᠰᠠᠨ ᠶᠠᠪᠤᠳᠠᠯ᠎ᠨᠢ ᠶᠡᠷᠦᠩᠭᠡᠢ ᠰᠠᠢ᠌ᠳ᠎ᠲᠤ ᠬᠦᠨ ᠰᠠᠭᠤᠭᠳᠠᠯ ᠦᠭᠴᠡᠢ᠃ ᠯᠢ ᠺᠸ ᠴᠢᠶᠠᠩ ᠢᠷᠭ᠋ᠠᠢ ᠬᠤᠳᠠ ᠵᠢᠨ ᠨᠢᠭᠡᠳᠦᠭᠡᠷ ᠠᠷᠠᠳ᠎ᠤᠨ ᠠ᠋ᠮᠨᠡᠯᠭᠡ ᠵᠢᠨ ᠬᠤᠷᠢᠶ᠎ᠠ ᠵᠢᠨ 《ᠢᠨᠲᠸᠷ ᠰᠦᠯᠵᠢᠶ᠎ᠠ + ᠡᠮ ᠠ᠋ᠮᠨᠡᠯᠭᠡ ᠠ᠋ᠷᠡᠬᠦᠯ ᠮᠠᠨᠳᠤ》᠎ᠨᠢ ᠠᠯᠤᠰ ᠡᠵᠡᠮᠳᠡᠯ ᠵᠶ᠋ᠡᠷ ᠤᠨᠤᠰᠢᠯᠠᠬᠤ᠎ᠪᠠᠷ ᠳᠠᠮᠵᠢᠭᠤᠯᠤᠨ ᠪᠤᠢ᠌ᠳᠠ ᠪᠦᠭᠯᠡᠬᠦᠤ ᠠᠭᠤᠯᠠᠷᠬᠠᠭ ᠤᠷᠤᠨ᠎ᠤ ᠠᠷᠠᠳ ᠤᠯᠠᠨ᠎ᠢ ᠭᠡᠷ ᠨᠤᠳᠤᠭ᠎ᠲᠤ᠎ᠪᠠᠨ ᠪᠠᠢ᠌ᠭ᠋ᠠᠳ ᠠᠯᠤᠰ ᠬᠤᠯᠠ ᠵᠢᠨ ᠪᠡᠭᠡᠵᠢᠩ᠎ᠤᠨ ᠰᠠᠢ᠌ᠨ ᠠ᠋ᠮᠴᠢ᠎ᠪᠠᠷ ᠠ᠋ᠮᠴᠢᠯᠡᠬᠦᠯᠬᠦ ᠪᠤᠯᠭ᠋ᠠᠭᠰᠠᠨ ᠪᠠ ᠢᠷᠭ᠋ᠠᠢ ᠬᠤᠳᠠ ᠵᠢᠨ ᠮᠢᠨ ᠨᠢᠩ ᠳᠤᠮᠳᠠᠳᠤ ᠰᠤᠷᠭ᠋ᠠᠭᠤᠯᠢ ᠵᠢᠨ 《ᠢᠨᠲᠸᠷ ᠰᠦᠯᠵᠢᠶ᠎ᠠ + ᠰᠤᠷᠭ᠋ᠠᠨ ᠬᠦᠮᠦᠵᠢᠯ》᠎ᠤᠨ ᠠᠵᠢᠯᠯᠠᠭ᠎ᠠ᠎ᠨᠢ ᠪᠤᠢ᠌ᠳᠠ ᠪᠦᠭᠯᠡᠬᠦᠤ ᠭᠠᠵᠠᠷ ᠤᠷᠤᠨ᠎ᠤ ᠭᠡᠤᠭᠡᠳ᠎ᠲᠤ ᠶᠡᠭᠡ ᠬᠤᠳᠠ ᠵᠢᠨ ᠨᠡᠷᠡᠳᠤ ᠪᠠᠭᠰᠢ ᠵᠢᠨ ᠬᠢᠴᠢᠶᠠᠯ ᠰᠤᠨᠤᠰᠬᠠᠬᠤ ᠪᠤᠯᠭ᠋ᠠᠭᠰᠠᠨ ᠵᠡᠷᠭᠡ ᠵᠢ ᠪᠠᠢ᠌ᠴᠠᠭ᠋ᠠᠨ ᠤᠢ᠌ᠯᠠᠭ᠋ᠠᠵᠠᠢ᠃
ᠯᠢ ᠺᠸ ᠴᠢᠶᠠᠩ 6 ᠳ᠋ᠤᠭ᠋ᠠᠷ ᠰᠠᠷ᠎ᠠ ᠵᠢᠨ 6᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠠ᠋ᠨᠡᠬᠦ ᠤᠴᠢᠷ᠎ᠢ ᠶᠠᠷᠢᠬᠤ᠎ᠳᠤ᠎ᠪᠠᠨ᠄ 《〈ᠢᠨᠲᠸᠷ ᠰᠦᠯᠵᠢᠶ᠎ᠠ + ᠡᠮ ᠠ᠋ᠮᠨᠡᠯᠭᠡ ᠠ᠋ᠷᠡᠬᠦᠯ ᠮᠡᠨᠳᠤ〉᠂ 〈ᠢᠨᠲᠸᠷ ᠰᠦᠯᠵᠢᠶ᠎ᠠ + ᠰᠤᠷᠭ᠋ᠠᠨ ᠬᠦᠮᠦᠵᠢᠯ〉᠎ᠤᠨ ᠢᠳᠡᠭᠡᠮᠵᠢ ᠵᠢᠨ ᠰᠢᠰᠲᠸᠮ᠎ᠢ ᠠ᠋ᠷᠳᠡ ᠪᠠᠢ᠌ᠭᠤᠯᠬᠤ᠎ᠳᠤ ᠬᠦᠷᠪᠠᠯ᠂ ᠰᠢᠯᠢᠳᠡᠭ ᠰᠠᠢ᠌ᠨ ᠡᠮ ᠠ᠋ᠮᠨᠡᠯᠭᠡ ᠪᠤᠯᠤᠨ ᠰᠤᠷᠭ᠋ᠠᠨ ᠬᠦᠮᠦᠵᠢᠯ᠎ᠤᠨ ᠠ᠋ᠬᠢ ᠪᠠᠶᠠᠯᠢᠭ᠎ᠢ ᠠ᠋ᠷᠳᠡ ᠨᠢᠭᠡᠨ ᠠ᠋ᠳᠤᠷ ᠨᠡᠩ ᠤᠯᠠᠨ ᠪᠤᠢ᠌ᠳᠠ ᠪᠦᠭᠯᠡᠬᠦᠤ ᠭᠠᠵᠠᠷ ᠤᠷᠤᠨ᠎ᠤ ᠠᠷᠠᠳ ᠤᠯᠠᠨ᠎ᠳᠤ ᠬᠦᠷᠳᠡᠭᠡᠬᠦ ᠪᠤᠯᠤᠨ᠎ᠠ᠃ ᠠ᠋ᠨᠡ ᠳᠠᠯ᠎ᠠ ᠵᠢᠨ ᠬᠦᠭᠵᠢᠯᠳᠡ ᠵᠢᠨ ᠳᠠᠯᠳ᠋ᠨ ᠬᠦᠴᠤᠨ ᠶᠡᠭᠡ ᠪᠡᠢ᠌ᠨᠠ᠃ ᠠ᠋ᠨᠡ᠎ᠨᠢ ᠨᠡᠢ᠌ᠭᠡᠮ᠎ᠤᠨ ᠠ᠋ᠷᠭᠡ ᠳᠡᠭᠰᠢ ᠵᠢ ᠪᠡᠶᠡᠯᠡᠬᠦᠯᠬᠦ ᠵᠢ ᠠᠬᠢᠭᠤᠯᠬᠤ ᠪᠦᠳᠦᠮᠵᠢᠳᠡᠢ ᠵᠠᠮ ᠪᠤᠯᠤᠨ᠎ᠠ》 ᠭᠡᠪᠡ᠃
ᠳᠤᠰ ᠠ᠋ᠳᠤᠷ᠎ᠤᠨ ᠬᠤᠷᠠᠯ᠎ᠨᠢ ᠮᠡᠳᠡᠭᠡ ᠵᠠᠩᠬᠢ ᠵᠢᠨ ᠠᠮᠤᠷ ᠳᠦᠪᠰᠢᠨ᠎ᠤ ᠬᠤᠷᠢᠭ᠎ᠠ ᠴᠠᠭᠡᠷᠢ ᠴᠢᠩᠭ᠎ᠠ ᠰᠠᠬᠢᠬᠤ᠂ ᠠᠷᠠᠯᠵᠢᠶ᠎ᠠ ᠬᠤᠳᠠᠯᠳᠤᠭ᠋ᠠᠨ᠎ᠤ ᠨᠢᠭᠤᠴᠠ ᠪᠤᠯᠤᠨ ᠬᠤᠪᠢ ᠬᠦᠮᠦᠨ᠎ᠤ ᠨᠢᠭᠤᠴᠠ ᠵᠢ ᠬᠠᠮᠠᠭ᠋ᠠᠯᠠᠬᠤ᠂ ᠨᠡᠢ᠌ᠭᠡᠮ᠎ᠤᠨ ᠬᠦᠴᠦᠨ᠎ᠢ ᠵᠢᠯᠤᠭᠤᠳᠤᠨ ᠢᠳᠡᠭᠡᠮᠵᠢ ᠵᠢᠨ ᠪᠠᠢ᠌ᠭᠤᠯᠤᠯᠳᠠ᠎ᠳᠤ ᠤᠷᠤᠯᠴᠠᠭᠤᠯᠬᠤ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠢᠳᠡᠭᠡᠮᠵᠢ ᠵᠢᠨ ᠪᠠᠢ᠌ᠭᠤᠯᠤᠯᠳᠠ ᠵᠢ ᠴᠢᠩᠭ᠋ᠠᠳᠬᠠᠨ᠂ 《ᠰᠢᠨ᠎ᠠ ᠳᠠᠷᠤᠭ᠎ᠠ᠎ᠨᠢ ᠬᠠᠭᠤᠴᠢᠨ ᠳᠠᠩᠰᠠ ᠵᠢ ᠬᠠᠮᠢᠶᠠᠷᠬᠤ ᠦᠭᠡᠢ》 ᠠᠰᠠᠭᠤᠳᠠᠯ᠎ᠢ ᠬᠠᠤᠯᠢ ᠶᠤᠰᠤᠭ᠋ᠠᠷ ᠰᠢᠢ᠍ᠳᠪᠤᠷᠢᠯᠡᠬᠦ ᠠᠷᠭ᠎ᠠ ᠭᠡᠮᠵᠢᠶ᠎ᠡ ᠵᠡᠷᠭᠡ ᠵᠢ ᠳᠤᠭᠳᠠᠭ᠋ᠠᠪᠠ᠃