ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ ᠸᠸᠨ᠋ᠸᠽᠦᠢ᠍ᠸᠯᠠ ᠵᠢᠨ ᠶᠡᠷᠦᠩᠭᠡᠢ᠌ᠯᠡᠭᠴᠢ ᠮᠠᠳᠦᠢ᠍ᠷᠦ᠋᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-27


      ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 9 ᠳ᠋ᠤᠭᠡᠷ ᠰᠠᠷ᠎ᠠ ᠵᠢᠨ 14᠎ᠤ ᠠ᠋ᠳᠤᠷ ᠠᠷᠠᠳ᠎ᠤᠨ ᠶᠠᠭᠡ ᠬᠤᠷᠠᠯ᠎ᠤᠨ ᠳᠢᠩᠬᠢᠮ᠎ᠳᠤ ᠳᠤᠮᠳᠠᠳᠤ ᠤᠯᠤᠰ᠎ᠲᠤ ᠳᠦᠷᠦ ᠵᠢᠨ ᠠᠢ᠌ᠯᠴᠢᠯᠠᠯᠳᠠ ᠬᠢᠬᠦ᠎ᠪᠠᠷ ᠢᠷᠡᠭᠰᠡᠨ ᠸᠸᠨ᠋ᠸᠽᠦᠢ᠍ᠸᠯᠠ ᠵᠢᠨ ᠶᠡᠷᠦᠩᠭᠡᠢ᠌ᠯᠡᠭᠴᠢ ᠮᠠᠳᠦᠢ᠍ᠷᠦ᠋᠎ᠲᠠᠢ ᠠᠭᠤᠯᠵᠠᠪᠠ᠃
      ᠯᠢ ᠺᠸ ᠴᠢᠶᠠᠩ᠂ ᠤᠳᠤᠬᠠᠨ᠎ᠳᠤ ᠳᠤᠮᠳᠠᠳᠤ ᠸᠸᠨ᠋ᠸᠽᠦᠢ᠍ᠸᠯᠠ ᠵᠢᠨ ᠬᠠᠷᠢᠴᠠᠭ᠎ᠠ ᠰᠠᠢ᠌ᠨ ᠬᠦᠭᠵᠢᠯᠳᠡ᠎ᠲᠠᠢ ᠪᠤᠯᠵᠤ ᠪᠠᠢ᠌ᠨ᠎ᠠ᠃ ᠳᠡᠷᠢᠬᠦᠯᠡᠭᠴᠢ ᠰᠢ ᠵᠢᠨ ᠫᠢᠩ ᠶᠡᠷᠦᠩᠭᠡᠢ᠌ᠯᠡᠭᠴᠢ ᠠᠪᠤᠭ᠋ᠠᠢ᠎ᠲᠠᠢ ᠪᠦᠳᠦᠮᠵᠢᠳᠡᠢ ᠶᠠᠷᠢᠯᠴᠠᠵᠤ᠂ ᠬᠤᠶᠠᠷ ᠤᠯᠤᠰ᠎ᠤᠨ ᠬᠠᠷᠢᠴᠠᠭ᠋ᠠᠨ᠎ᠤ ᠬᠦᠭᠵᠢᠯᠳᠡ ᠵᠢ ᠬᠠᠮᠳᠤᠪᠠᠷ ᠳᠦᠯᠦᠪᠵᠢᠬᠦᠯᠦᠭᠰᠡᠨ ᠪᠠᠢ᠌ᠨ᠎ᠠ᠃ ᠳᠤᠮᠳᠠᠳᠤ ᠵᠢᠨ᠎ᠬᠢᠨ ᠸᠸᠨ᠋ᠸᠽᠦᠢ᠍ᠸᠯᠠ ᠵᠢᠨ᠎ᠬᠢᠨ᠎ᠤ ᠠᠵᠤ ᠠᠬᠤᠢ᠎ᠪᠠᠨ ᠬᠦᠭᠵᠢᠬᠦᠯᠦᠨ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠳᠡᠮᠵᠢᠵᠤ᠂ ᠳᠤᠷᠠᠳᠠᠶ᠎ᠠ ᠸᠸᠨ᠋ᠸᠽᠦᠢ᠍ᠸᠯᠠ ᠵᠢᠨ᠎ᠬᠢᠨ᠎ᠳᠤ ᠴᠢᠳᠠᠬᠤ ᠵᠢᠨ ᠴᠢᠨᠡᠭᠡ᠎ᠪᠠᠷ ᠳᠡᠮᠵᠢᠯᠭᠡ ᠦᠵᠡᠬᠦᠯᠦᠨ᠂ ᠬᠠᠮᠳᠤᠪᠠᠷ ᠬᠤᠶᠠᠷ ᠤᠯᠤᠰ᠎ᠤᠨ ᠬᠠᠷᠢᠴᠠᠭ᠎ᠠ ᠪᠤᠯᠤᠨ ᠬᠠᠮᠳᠤᠷᠠᠯᠴᠠᠭ᠎ᠠ ᠵᠢ ᠳᠠᠰᠤᠷᠠᠯᠳᠠ ᠦᠭᠡᠢ ᠠᠬᠢᠭᠤᠯᠤᠨ᠎ᠠ ᠭᠡᠵᠤ ᠢᠯᠡᠷᠭᠡᠢ᠌ᠯᠡᠪᠡ᠃
      ᠯᠢ ᠺᠸ ᠴᠢᠶᠠᠩ᠂ ᠳᠤᠮᠳᠠᠳᠤ ᠵᠢᠨ᠎ᠬᠢᠨ ᠳᠤᠷᠠᠳᠠᠶ᠎ᠠ ᠸᠸᠨ᠋ᠸᠽᠦᠢ᠍ᠸᠯᠠ ᠵᠢᠨ᠎ᠬᠢᠨ᠎ᠲᠠᠢ ᠬᠠᠮᠳᠤᠪᠠᠷ ᠠ᠋ᠷᠭᠡ ᠳᠡᠭᠰᠢ ᠬᠠᠷᠢᠯᠴᠠᠨ ᠠᠰᠢᠭ᠎ᠲᠠᠢ᠂ ᠬᠠᠮᠳᠤᠪᠠᠷ ᠠᠰᠢᠭ ᠤᠯᠬᠤ ᠵᠠᠷᠴᠢᠮ᠎ᠢ ᠪᠠᠷᠢᠮᠳᠠᠯᠠᠨ᠂ ᠠᠵᠤ ᠠᠬᠤᠢ ᠠᠷᠠᠯᠵᠢᠶ᠎ᠠ ᠬᠤᠳᠠᠯᠳᠤᠭ᠋ᠠᠨ᠎ᠤ ᠶᠠᠪᠤᠯᠴᠠᠭ᠎ᠠ᠎ᠪᠠᠨ ᠦᠷᠬᠦᠯᠵᠢᠯᠡᠨ ᠦᠷᠨᠢᠬᠦᠯᠦᠨ᠎ᠡ᠃ ᠸᠸᠨ᠋ᠸᠽᠦᠢ᠍ᠸᠯᠠ ᠵᠢᠨ᠎ᠬᠢᠨ ᠨᠡᠩ ᠠᠷᠪᠢᠨ ᠳᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠵᠢᠨ ᠪᠠᠳᠤᠯᠠᠪᠤᠷᠢ ᠬᠠᠩᠭ᠋ᠠᠬᠤ ᠵᠢ ᠬᠦᠰᠡᠵᠤ ᠪᠠᠢ᠌ᠨ᠎ᠠ᠃ ᠮᠦᠨᠴᠤ ᠬᠤᠶᠠᠷ ᠳᠠᠯ᠎ᠠ᠎ᠪᠠᠷ ᠵᠶ᠋ᠡᠨ ᠬᠦᠮᠦᠨ ᠨᠡᠢ᠌ᠭᠡᠮ᠎ᠤᠨ ᠰᠤᠯᠢᠯᠴᠠᠭ᠎ᠠ᠎ᠪᠠᠨ ᠠᠬᠢᠭᠤᠯᠤᠨ᠂ ᠬᠤᠶᠠᠷ ᠤᠯᠤᠰ᠎ᠤᠨ ᠨᠦᠬᠦᠷᠰᠡᠭ ᠬᠠᠷᠢᠴᠠᠭ᠋ᠠᠨ᠎ᠤ ᠰᠠᠭᠤᠷᠢ᠎ᠪᠠᠨ ᠪᠠᠳᠤᠳᠬᠠᠬᠤ ᠵᠢ ᠬᠦᠰᠡᠵᠤ ᠪᠠᠢ᠌ᠨ᠎ᠠ ᠭᠡᠵᠤ ᠴᠢᠬᠤᠯᠠᠴᠢᠯᠠᠪᠠ᠃
      ᠮᠠᠳᠦᠢ᠍ᠷᠦ᠋᠂ ᠸᠸᠨ᠋ᠸᠽᠦᠢ᠍ᠸᠯᠠ ᠳᠤᠮᠳᠠᠳᠤ ᠵᠢᠨ ᠬᠠᠷᠢᠴᠠᠭ᠎ᠠ ᠪᠤᠯ ᠤᠯᠤᠰ᠎ᠤᠨ ᠬᠤᠭᠤᠷᠤᠨᠳᠤᠬᠢ ᠬᠠᠮᠳᠤᠷᠠᠯᠴᠠᠭ᠋ᠠᠨ᠎ᠤ ᠦᠯᠢᠭᠡᠷ ᠵᠢᠱ᠌ᠢᠶ᠎ᠠ ᠪᠤᠯᠤᠨ᠎ᠠ᠃ ᠸᠸᠨ᠋ᠸᠽᠦᠢ᠍ᠸᠯᠠ ᠵᠢᠨ᠎ᠬᠢᠨ ᠠᠵᠤ ᠠᠬᠤᠢ᠎ᠪᠠᠨ ᠰᠡᠷᠬᠦᠭᠡᠨ ᠬᠦᠭᠵᠢᠬᠦᠯᠬᠦ ᠳᠦᠯᠦᠪᠯᠡᠭᠡ ᠳᠤᠭᠳᠠᠭ᠋ᠠᠪᠠ᠃ ᠳᠤᠮᠳᠠᠳᠤ ᠵᠢᠨ ᠠᠵᠤ ᠠᠬᠤᠢ᠌ᠯᠠᠯ᠎ᠤᠨ᠎ᠬᠢᠨ᠎ᠤ ᠸᠸᠨ᠋ᠸᠽᠦᠢ᠍ᠸᠯᠠ ᠵᠢᠨ ᠠᠵᠤ ᠠᠬᠤᠢ ᠵᠢᠨ ᠪᠦᠳᠦᠭᠡᠨ ᠪᠠᠢ᠌ᠭᠤᠯᠤᠯᠳᠠ᠎ᠳᠤ ᠢᠳᠡᠪᠬᠢᠳᠡᠢ ᠤᠷᠤᠯᠴᠠᠬᠤ ᠵᠢ ᠪᠠᠶᠠᠷᠯᠠᠨ ᠤᠭᠳᠤᠵᠤ ᠪᠠᠢ᠌ᠭ᠎ᠠ ᠪᠦᠭᠡᠳ ᠳᠤᠮᠳᠠᠳᠤ ᠵᠢᠨ᠎ᠬᠢᠨ᠎ᠲᠠᠢ ᠪᠦᠬᠦ ᠳᠠᠯ᠎ᠠ ᠵᠢᠨ ᠬᠠᠮᠳᠤᠷᠠᠯᠴᠠᠭ᠎ᠠ᠎ᠪᠠᠨ ᠤᠯᠠᠮ ᠵᠶ᠋ᠡᠷ ᠠᠬᠢᠭᠤᠯᠬᠤ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠸᠠᠩ ᠢ᠂ ᠠ᠋ᠾᠸ ᠯᠢ ᠹᠸᠩ ᠠᠭᠤᠯᠵᠠᠯᠳᠠ᠎ᠳᠤ ᠤᠷᠤᠯᠴᠠᠪᠠ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠵᠠᠬ᠎ᠠ ᠳᠡᠯᠭᠡᠬᠦᠷ᠎ᠲᠤ ᠳᠤᠰᠢᠶᠠᠬᠤ ᠵᠢ᠎ᠨᠢ ᠪᠦᠷᠢᠮᠦᠰᠤᠨ ᠳᠤᠰᠢᠶᠠᠨ ᠦᠭᠴᠤ ᠵᠠᠰᠠᠭ᠎ᠤᠨ ᠤᠷᠳᠤᠨ ᠬᠠᠮᠢᠶᠠᠷᠬᠤ ᠵᠢ᠎ᠨᠢ ᠰᠠᠢ᠌ᠳᠤᠷ ᠬᠠᠮᠢᠶᠠᠷᠬᠤ ᠭᠡᠷᠡᠭᠳᠡᠢ ᠭᠡᠪᠡ
ᠸᠠᠩ ᠶᠦᠩ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠪᠤᠶᠠᠨ᠎ᠤ ᠦᠢ᠍ᠯᠡᠰ᠎ᠤᠨ ᠰᠠᠢ᠌ᠰᠢᠶᠠᠯ ᠬᠦᠬᠢᠬᠦᠯᠦᠯ᠎ᠤᠨ ᠬᠤᠷᠠᠯ᠎ᠳᠤ ᠤᠷᠤᠯᠴᠠᠪᠠ
ᠵᠤᠤ ᠺᠸ ᡁᠢ ᠤᠤᠮᠸᠨ᠎ᠤ ᠴᠢᠭᠡᠴᠢ ᠵᠠᠰᠠᠭ᠎ᠤᠨ ᠳᠤᠰᠬᠠᠢ ᠳᠤᠰᠢᠶᠠᠯᠳᠠᠨ ᠵᠠᠩ ᠶᠦᠩ ᠴᠦᠨ᠎ᠲᠠᠢ ᠠᠭᠤᠯᠵᠠᠪᠠ
ᠰᠦᠨ ᠴᠦᠨ ᠯᠠᠨ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠳᠡᠯᠡᠭᠡᠢ ᠵᠢᠨ ᠵᠤᠭ᠋ᠠᠴᠠᠯ᠎ᠤᠨ ᠵᠤᠬᠢᠶᠠᠨ ᠪᠠᠢ᠌ᠭᠤᠯᠤᠯᠳᠠ ᠵᠢᠨ ᠨᠠᠷᠢᠨ ᠪᠢᠴᠢᠭ᠎ᠤᠨ ᠳᠠᠷᠤᠭ᠎ᠠ ᠫᠤᠯᠤᠯᠢᠺᠠᠱᠸᠢᠯᠢ᠎ᠲᠠᠢ ᠠᠭᠤᠯᠵᠠᠪᠠ
ᠬᠠᠨ ᠵᠸᠩ ᠭᠤᠸᠠᠩᠰᠢ᠎ᠳᠤ ᠪᠠᠢ᠌ᠴᠠᠭ᠋ᠠᠨ ᠰᠤᠳᠤᠯᠤᠯᠳᠠ ᠬᠢᠵᠠᠢ
 
            