ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ 《ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠳᠦᠷ ᠭᠡᠷᠡᠭᠵᠢᠬᠦᠯᠬᠦ ᠳᠦᠷᠢᠮ》᠎ᠢ ᠨᠡᠢ᠌ᠳᠡᠯᠡᠪᠡ
ᠨᠡᠶᠢᠲᠡᠯᠡᠭᠰᠡᠨ ᠴᠠᠭ᠄ 2018-11-08

               
      ᠰᠢᠨᠬᠤᠸᠠ ᠬᠤᠷᠢᠶᠠᠨ᠎ᠤ ᠪᠡᠭᠡᠵᠢᠩ᠎ᠤᠨ 7 ᠳ᠋ᠤᠭ᠋ᠠᠷ ᠰᠠᠷ᠎ᠠ ᠵᠢᠨ 17᠎ᠤ ᠴᠠᠬᠢᠯᠭ᠋ᠠᠨ ᠮᠡᠳᠡᠭᠡ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠳᠦᠷᠦᠬᠦᠭᠡᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ᠂ 《ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠳᠦᠷ ᠭᠡᠷᠡᠭᠵᠢᠬᠦᠯᠬᠦ ᠳᠦᠷᠢᠮ》᠎ᠢ ᠨᠡᠢ᠌ᠳᠡᠯᠡᠪᠡ᠂ (ᠳᠤᠷᠤᠭᠰᠢ 《ᠳᠦᠷᠢᠮ》 ᠭᠡᠵᠤ ᠳᠦᠭᠦᠮᠴᠢᠯᠡᠨ᠎ᠡ) 2018 ᠤᠨ᠎ᠤ 10 ᠳ᠋ᠤᠭ᠋ᠠᠷ ᠰᠠᠷ᠎ᠠ ᠵᠢᠨ 1᠎ᠤ ᠠ᠋ᠳᠤᠷ᠎ᠠᠴᠠ ᠠ᠋ᠬᠢᠯᠡᠵᠤ ᠭᠡᠷᠡᠭᠵᠢᠬᠦᠯᠦᠨ᠎ᠠ᠃
      ᠳᠤᠰ 《ᠳᠦᠷᠢᠮ》 ᠪᠤᠯ ᠮᠠᠨ᠎ᠤ ᠤᠯᠤᠰ᠎ᠤᠨ ᠬᠢᠯᠢ ᠳᠤᠳᠤᠷᠠᠬᠢ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ ᠵᠶ᠋ᠡᠷ ᠳᠠᠮᠵᠢᠵᠤ ᠠᠵᠢᠯ ᠠ᠋ᠷᠢᠬᠦ᠂ ᠠᠵᠢᠯᠳᠠᠨ ᠤᠷᠢᠬᠤ ᠪᠠ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠬᠦᠯᠬᠦ ᠵᠢ ᠰᠢᠰᠲᠸᠮᠵᠢᠬᠦᠯᠵᠤ ᠵᠢᠷᠤᠮᠵᠢᠭᠤᠯᠬᠤ ᠠᠩᠬᠠᠨ᠎ᠤ ᠵᠠᠰᠠᠭ ᠵᠠᠬᠢᠷᠭ᠋ᠠᠨ᠎ᠤ ᠬᠠᠤᠯᠢ ᠳᠤᠭᠳᠠᠭ᠋ᠠᠯ ᠪᠤᠯᠤᠨ᠎ᠠ᠂ ᠠ᠋ᠨᠡ᠎ᠨᠢ ᠨᠢᠭᠡᠳᠤᠯᠳᠠᠢ ᠨᠡᠭᠡᠭᠡᠯᠳᠡ ᠬᠢᠭᠰᠡᠨ᠂ ᠦᠷᠢᠰᠦᠯᠳᠦᠭᠡᠨ᠎ᠨᠢ ᠠ᠋ᠮᠬᠢ ᠵᠢᠷᠤᠮ᠎ᠲᠠᠢ ᠬᠦᠮᠦᠨ᠎ᠤ ᠬᠦᠴᠦᠨ᠎ᠤ ᠠ᠋ᠬᠢ ᠪᠡᠶᠠᠯᠢᠭ᠎ᠤᠨ ᠵᠠᠬ᠎ᠠ ᠳᠡᠯᠭᠡᠬᠦᠷ᠎ᠢ ᠪᠠᠢ᠌ᠭᠤᠯᠬᠤ᠂ ᠠᠵᠢᠯ ᠤᠯᠭᠤᠬᠤ ᠦᠢ᠍ᠯᠡᠰ ᠪᠤᠰᠬᠠᠬᠤ ᠪᠠ ᠴᠢᠨᠠᠷ ᠰᠠᠢ᠌ᠳᠠᠢ ᠬᠦᠭᠵᠢᠯᠳᠡ᠎ᠳᠤ ᠨᠡᠩ ᠰᠠᠢ᠌ᠳᠤᠷ ᠦᠢ᠍ᠯᠡᠴᠢᠯᠡᠬᠦ᠂ ᠠᠵᠢᠯ ᠤᠯᠭᠤᠯᠳᠠ ᠵᠢ ᠳᠡᠷᠢᠬᠦᠨ ᠪᠠᠢ᠌ᠷᠢᠨ᠎ᠳᠤ ᠳᠠᠯᠪᠢᠬᠤ ᠪᠠᠢ᠌ᠯᠳᠤᠬᠤ ᠪᠤᠳᠤᠯᠭ᠎ᠠ ᠪᠠ ᠴᠢᠳᠠᠪᠤᠷᠢᠳᠠᠨ ᠵᠶ᠋ᠡᠷ ᠤᠯᠤᠰ ᠵᠶ᠋ᠡᠨ ᠬᠦᠴᠦᠷᠭᠡᠭᠵᠢᠬᠦᠯᠬᠦ ᠪᠠᠢ᠌ᠯᠳᠤᠬᠤ ᠪᠤᠳᠤᠯᠭ᠎ᠠ ᠵᠢ ᠭᠡᠷᠡᠭᠵᠢᠬᠦᠯᠬᠦ᠎ᠳᠤ ᠴᠢᠬᠤᠯᠠ ᠶᠡᠭᠡ ᠠᠴᠢ ᠬᠤᠯᠪᠤᠭᠳᠠᠯ᠎ᠲᠠᠢ ᠶᠤᠮ᠃ 《ᠳᠦᠷᠢᠮ》᠎ᠨᠢ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠢ ᠪᠤᠢ᠌ᠵᠢᠭᠤᠯᠬᠤ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠠᠵᠢᠯᠯᠠᠭ᠎ᠠ ᠵᠢ ᠵᠢᠷᠤᠮᠵᠢᠭᠤᠯᠬᠤ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠲᠠᠬᠢ ᠬᠢᠨᠠᠯᠳᠠ ᠬᠠᠮᠢᠶᠠᠷᠤᠯᠳᠠ ᠵᠢᠴᠢ ᠬᠠᠤᠯᠢ ᠴᠠᠭ᠋ᠠᠵᠠ ᠬᠠᠷᠢᠭᠤᠴᠠᠯᠭ᠎ᠠ ᠵᠡᠷᠭᠡ᠎ᠳᠤ ᠪᠦᠬᠦ ᠳᠠᠯ᠎ᠠ ᠵᠢᠨ ᠳᠤᠭᠳᠠᠭ᠋ᠠᠯ ᠭᠠᠷᠭ᠋ᠠᠵᠠᠢ᠃
      ᠨᠢᠭᠡ᠎ᠳᠤ ᠵᠠᠰᠠᠭ᠎ᠤᠨ ᠤᠷᠳᠤᠨ᠎ᠤ ᠦᠢ᠍ᠯᠡᠳᠤᠯ᠎ᠢ ᠨᠡᠩ ᠰᠠᠢ᠌ᠨ ᠪᠠᠳᠠᠷᠠᠭᠤᠯᠵᠤ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠢ ᠪᠤᠢ᠌ᠵᠢᠭᠤᠯᠬᠤ ᠵᠢ ᠴᠢᠩᠭ᠋ᠠᠳᠬᠠᠨ᠎ᠠ᠃ ᠤᠯᠤᠰ᠎ᠠᠴᠠ ᠵᠠᠰᠠᠭ᠎ᠤᠨ ᠤᠷᠳᠤᠨ᠎ᠤ ᠬᠤᠷᠸ᠎ᠠ ᠡᠵᠡᠮᠰᠢᠯ ᠳᠤᠬᠢᠷᠠᠭᠤᠯᠭ᠎ᠠ᠂ ᠵᠠᠬ᠎ᠠ ᠳᠡᠯᠭᠡᠬᠦᠷ᠎ᠤᠨ ᠳᠦᠪ ᠭᠤᠤᠯᠴᠢ ᠦᠷᠢᠰᠦᠯᠳᠦᠭᠡᠨ᠂ ᠨᠢᠭᠡᠴᠢ ᠵᠢᠨ ᠡᠵᠡᠨ ᠮᠡᠳᠡᠵᠤ ᠬᠦᠮᠦᠨ ᠭᠡᠷᠡᠭᠯᠡᠬᠦ᠂ ᠬᠤᠪᠢ ᠬᠦᠮᠦᠨ ᠪᠡᠶ᠎ᠡ᠎ᠪᠠᠨ ᠳᠠᠭ᠋ᠠᠭ᠋ᠠᠵᠤ ᠠᠵᠢᠯ ᠰᠤᠩᠭᠤᠬᠤ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠨᠡᠨᠴᠢ ᠢᠳᠡᠭᠡᠮᠵᠢᠳᠡᠢ ᠦᠢ᠍ᠯᠡᠴᠢᠯᠡᠬᠦ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠢ ᠰᠢᠯᠵᠢᠬᠦᠯᠦᠨ ᠳᠤᠬᠢᠷᠠᠭᠤᠯᠬᠤ ᠳᠤᠭᠳᠠᠴᠠ ᠵᠢ ᠪᠠᠢ᠌ᠭᠤᠯᠤᠨ᠎ᠠ᠃ ᠬᠤᠰᠢᠭᠤ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠤᠷᠤᠨ ᠪᠦᠰᠡ᠂ ᠠᠵᠤ ᠦᠢ᠍ᠯᠡᠰ᠂ ᠭᠠᠵᠠᠷ ᠰᠢᠷᠤᠢ ᠵᠡᠷᠭᠡ ᠳᠦᠷᠦ ᠵᠢᠨ ᠪᠤᠳᠤᠯᠭ᠎ᠠ ᠵᠢ ᠠᠰᠢᠭᠯᠠᠨ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠪᠦᠳᠦᠭᠡᠨ ᠪᠠᠢ᠌ᠭᠤᠯᠤᠯᠳᠠ ᠵᠢ ᠠᠬᠢᠭᠤᠯᠵᠤ᠂ ᠬᠤᠳᠠ ᠬᠦᠳᠡᠭᠡ ᠪᠡ ᠡᠯ᠎ᠡ ᠠᠵᠢᠯ ᠳᠦᠷᠦᠯ᠎ᠢ ᠬᠠᠮᠤᠷᠤᠭᠰᠠᠨ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠬᠠᠩᠭ᠋ᠠᠯᠭ᠎ᠠ ᠭᠡᠷᠡᠭᠴᠡᠭᠡᠨ᠎ᠤ ᠮᠡᠳᠡᠭᠡ ᠵᠠᠩᠬᠢ ᠵᠢᠨ ᠰᠢᠰᠲᠸᠮ᠎ᠢ ᠪᠠᠢ᠌ᠭᠤᠯᠤᠨ᠎ᠠ᠃ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠢ ᠵᠤᠬᠢᠰᠳᠠᠢ ᠰᠢᠯᠵᠢᠬᠦᠯᠬᠦ ᠵᠢ ᠠᠬᠢᠭᠤᠯᠤᠨ ᠵᠢᠯᠣᠭᠣᠳᠴᠤ᠂ ᠶᠠᠮᠠᠷᠪᠠ ᠭᠠᠵᠠᠷ ᠤᠷᠤᠨ ᠪᠤᠶᠤ ᠨᠢᠭᠡᠴᠢ ᠤᠯᠤᠰ᠎ᠤᠨ ᠳᠤᠭᠳᠠᠭ᠋ᠠᠯ᠎ᠢ ᠵᠦᠷᠢᠴᠠᠨ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠢ ᠰᠢᠯᠵᠢᠬᠦᠯᠬᠦ ᠵᠢ ᠬᠤᠷᠢᠭᠯᠠᠵᠤ ᠪᠤᠯᠬᠤ ᠦᠭᠡᠢ᠃ ᠠ᠋ᠷᠭᠡ ᠳᠡᠭᠰᠢ᠂ ᠬᠠᠷᠢᠯᠴᠠᠨ ᠠᠰᠢᠭᠳᠠᠢ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠳᠡᠯᠡᠭᠡᠢ ᠵᠢᠨ ᠬᠠᠮᠳᠤᠷᠠᠯᠴᠠᠭ᠎ᠠ ᠰᠤᠯᠢᠯᠴᠠᠭ᠎ᠠ ᠵᠢ ᠬᠦᠭᠵᠢᠬᠦᠯᠬᠦ ᠵᠢᠴᠢ ᠳᠡᠯᠡᠭᠡᠢ ᠵᠢᠨ ᠪᠠ ᠤᠯᠤᠰ᠎ᠤᠨ ᠳᠤᠳᠤᠭ᠋ᠠᠳᠤ ᠵᠢᠨ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠵᠤᠷᠢᠬ᠍ᠵᠢᠭᠤᠯᠤᠨ᠎ᠠ᠃
      ᠬᠤᠶᠠᠷ᠎ᠲᠤ ᠦᠭᠡᠷᠡᠴᠢᠯᠡᠯᠳᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠬᠦᠷᠢᠶ᠎ᠡ ᠴᠠᠷᠠᠭ᠎ᠠ᠎ᠳᠠᠬᠢ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠠᠬᠢᠭᠤᠯᠤᠨ᠎ᠠ᠃ ᠤᠯᠠᠨ ᠨᠡᠢ᠌ᠳᠡ ᠵᠢᠨ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠦᠯᠦᠪᠦᠷᠢ ᠦᠭᠡᠢ᠎ᠪᠠᠷ ᠬᠠᠩᠭ᠋ᠠᠬᠤ ᠵᠤᠬᠢᠰᠳᠠᠢ ᠦᠢ᠍ᠯᠡᠴᠢᠯᠡᠭᠡᠨ᠎ᠤ ᠵᠦᠢ᠍ᠯᠡᠰ᠎ᠢ ᠳᠤᠳᠤᠷᠬᠠᠢ᠌ᠯᠠᠨ᠎ᠠ᠃ ᠡᠵᠡᠩᠨᠡᠯᠳᠡ ᠵᠢᠨ ᠴᠢᠨᠠᠷ᠎ᠲᠠᠢ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠠᠵᠢᠯ ᠮᠡᠷᠭᠡᠵᠢᠯ᠎ᠤᠨ ᠵᠠᠭᠤᠴᠢᠯᠠᠬᠤ ᠠᠵᠢᠯᠯᠠᠭ᠎ᠠ ᠠ᠋ᠷᠬᠢᠯᠡᠬᠦ᠎ᠳᠤ ᠵᠠᠰᠠᠭ᠎ᠤᠨ ᠤᠷᠳᠤᠨ᠎ᠤ ᠵᠦᠪᠰᠢᠶᠡᠷᠡᠯ᠎ᠢ ᠤᠯᠬᠤ ᠵᠢ ᠭᠡᠷᠡᠭᠵᠢᠬᠦᠯᠵᠤ᠂ ᠪᠤᠰᠤᠳ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡ ᠦᠷᠨᠢᠬᠦᠯᠬᠦ᠎ᠳᠤ ᠳᠠᠩᠰᠠᠯᠠᠨ ᠬᠠᠮᠢᠶᠠᠷᠬᠤ ᠵᠢ ᠭᠡᠷᠡᠭᠵᠢᠬᠦᠯᠦᠨ᠎ᠠ; ᠬᠤᠪᠢᠶᠠᠷᠢ ᠪᠠᠢ᠌ᠭᠤᠯᠤᠮᠵᠢ ᠪᠠᠢ᠌ᠭᠤᠯᠬᠤ᠂ ᠨᠡᠷᠡᠢ᠌ᠳᠤᠯ᠂ ᠤᠷᠤᠨ ᠰᠠᠭᠤᠴᠠ᠂ ᠬᠠᠤᠯᠢ ᠵᠢᠨ ᠠ᠋ᠷᠭᠡᠳᠡᠨ᠎ᠤ ᠳᠦᠯᠦᠭᠡᠯᠡᠭᠴᠢ ᠵᠢ ᠬᠤᠪᠢᠷᠠᠭᠤᠯᠬᠤ ᠪᠤᠶᠤ ᠠ᠋ᠰᠡᠬᠦᠯ᠎ᠡ ᠡᠵᠡᠩᠨᠡᠬᠦ᠎ᠪᠠᠨ ᠵᠤᠭᠰᠤᠭ᠋ᠠᠬᠤ᠎ᠳᠤ ᠪᠢᠴᠢᠭ᠎ᠤᠨ ᠮᠡᠳᠡᠬᠦᠯᠦᠯᠳᠡ ᠳᠤᠰᠢᠶᠠᠨ᠎ᠠ᠃ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠤᠯᠤᠭᠰᠠᠨ ᠠ᠋ᠰᠡᠬᠦᠯ᠎ᠡ ᠮᠡᠳᠡᠬᠦᠯᠦᠨ ᠳᠠᠩᠰᠠᠯᠠᠭᠤᠯᠤᠭᠰᠠᠨ ᠡᠵᠡᠩᠨᠡᠯᠳᠡ ᠵᠢᠨ ᠴᠢᠨᠠᠷ᠎ᠲᠠᠢ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠨᠡᠷ᠎ᠡ ᠵᠢᠴᠢ ᠨᠡᠷ᠎ᠠ ᠵᠢ᠎ᠨᠢ ᠰᠤᠯᠢᠬᠤ᠂ ᠦᠷᠬᠦᠯᠵᠢᠯᠡᠬᠦᠯᠬᠦ ᠵᠡᠷᠭᠡ ᠪᠠᠢ᠌ᠳᠠᠯ᠎ᠢ ᠴᠠᠭ ᠳᠠᠷᠤᠢ᠎ᠳᠤ᠎ᠨᠢ ᠨᠡᠢ᠌ᠭᠡᠮ ᠨᠡᠢ᠌ᠳᠡ᠎ᠳᠤ ᠵᠠᠷᠯᠠᠨ ᠮᠡᠳᠡᠬᠦᠯᠦᠨ᠎ᠡ᠃
      ᠭᠤᠷᠪᠠ᠎ᠳᠤ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠠᠵᠢᠯᠯᠠᠭ᠋ᠠᠨ᠎ᠤ ᠵᠢᠷᠤᠮᠵᠢᠯ᠎ᠢ ᠳᠤᠳᠤᠷᠬᠠᠢ᠌ᠯᠠᠨ᠂ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠦᠨᠡᠨᠴᠢ ᠢᠳᠡᠭᠡᠮᠵᠢᠳᠡᠢ ᠪᠠᠢ᠌ᠵᠤ ᠬᠠᠤᠯᠢ ᠵᠢ ᠰᠠᠬᠢᠬᠤ ᠵᠢ ᠠᠬᠢᠭᠤᠯᠤᠨ᠎ᠠ᠃ ᠬᠤᠪᠢ ᠬᠦᠮᠦᠨ ᠠᠵᠢᠯ ᠠ᠋ᠷᠢᠬᠦ᠎ᠳᠤ᠎ᠪᠠᠨ ᠦᠨᠡᠨᠴᠢ ᠭᠤᠤᠯᠴᠢ ᠪᠠᠢ᠌ᠵᠤ᠂ ᠬᠦᠮᠦᠨ ᠭᠡᠷᠡᠭᠯᠡᠬᠦ ᠨᠢᠭᠡᠴᠢ ᠬᠠᠤᠯᠢ ᠶᠤᠰᠤᠭ᠋ᠠᠷ ᠦᠨᠠᠨ ᠪᠤᠳᠠᠳᠠᠢ᠎ᠪᠠᠷ ᠠᠵᠢᠯᠳᠠᠨ ᠠ᠋ᠯᠰᠡᠬᠦ ᠮᠡᠳᠡᠭᠡ ᠵᠠᠩᠬᠢ ᠨᠡᠢ᠌ᠳᠡᠯᠡᠬᠦ ᠪᠤᠶᠤ ᠬᠠᠩᠭ᠋ᠠᠵᠤ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠢ ᠬᠠᠤᠯᠢ ᠶᠤᠰᠤᠭ᠋ᠠᠷ ᠰᠢᠯᠵᠢᠬᠦᠯᠪᠡᠯ ᠵᠤᠬᠢᠨ᠎ᠠ᠃ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠳᠤᠬᠠᠢ ᠵᠢᠨ ᠳᠠᠯᠠᠪᠠᠢ᠎ᠳᠤ ᠠᠵᠢᠯᠳᠠᠨ ᠠ᠋ᠯᠰᠡᠬᠦ ᠴᠤᠭᠯᠠᠭ᠋ᠠᠨ ᠬᠢᠬᠦ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠬᠠᠩᠭ᠋ᠠᠯᠭ᠎ᠠ ᠭᠡᠷᠡᠭᠴᠡᠭᠡᠨ᠎ᠤ ᠮᠡᠳᠡᠭᠡ ᠵᠠᠩᠬᠢ ᠵᠢ ᠬᠤᠷᠢᠶᠠᠵᠤ ᠳᠠᠷᠬᠠᠭ᠋ᠠᠬᠤ᠂ ᠢᠨᠲᠸᠷ ᠰᠦᠯᠵᠢᠶ᠎ᠠ᠎ᠪᠠᠷ ᠳᠠᠮᠵᠢᠭᠤᠯᠤᠨ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡ ᠬᠢᠬᠦ᠎ᠳᠤ᠎ᠪᠠᠨ ᠠ᠋ᠷᠭᠡᠪᠰᠢ ᠬᠠᠤᠯᠢ ᠴᠠᠭ᠋ᠠᠵᠠ ᠵᠢᠨ ᠳᠤᠭᠳᠠᠭ᠋ᠠᠯ᠎ᠢ ᠴᠢᠩᠭ᠎ᠠ ᠰᠠᠬᠢᠵᠤ᠂ ᠮᠡᠭᠡᠯᠡᠬᠦ᠂ ᠬᠦᠴᠦᠷᠭᠡᠭᠯᠡᠬᠦ᠂ ᠰᠢᠬᠠᠮᠳᠠᠭᠤᠯᠬᠤ ᠪᠤᠶᠤ ᠪᠤᠰᠤᠳ ᠵᠦᠢ ᠵᠤᠬᠢᠰ ᠦᠭᠡᠢ ᠠᠷᠭ᠎ᠠ ᠭᠡᠮᠵᠢᠶ᠎ᠡ ᠠᠪᠴᠤ ᠪᠤᠯᠬᠤ ᠦᠭᠡᠢ ᠪᠦᠭᠡᠳ ᠬᠠᠤᠯᠢ ᠪᠤᠰᠤ ᠠᠵᠢᠯᠯᠠᠭ᠎ᠠ ᠬᠢᠵᠤ ᠪᠤᠯᠬᠤ ᠦᠭᠡᠢ; ᠬᠠᠤᠯᠢ ᠪᠤᠰᠤ᠎ᠪᠠᠷ ᠳᠤᠬᠠᠢ᠌ᠯᠠᠭᠰᠠᠨ ᠠᠵᠢᠯ ᠦᠷᠨᠢᠬᠦᠯᠦᠭᠰᠡᠳ ᠬᠠᠤᠯᠢ ᠵᠢᠨ ᠬᠠᠷᠢᠭᠤᠴᠠᠯᠭ᠎ᠠ ᠠ᠋ᠬᠦᠷᠭᠡᠯᠡᠪᠡᠯ ᠵᠤᠬᠢᠨ᠎ᠠ᠃
      ᠳᠦᠷᠪᠡ᠎ᠳᠤ ᠤᠴᠢᠷ ᠶᠠᠪᠤᠳᠠᠯ᠎ᠤᠨ ᠳᠤᠮᠳᠠᠬᠢ ᠪᠠ ᠳᠠᠷᠠᠭ᠋ᠠᠬᠢ ᠬᠢᠨᠠᠨ ᠬᠠᠮᠢᠶᠠᠷᠤᠯᠳᠠ ᠵᠢ ᠴᠢᠩᠭ᠋ᠠᠳᠬᠠᠵᠤ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠠ᠋ᠮᠬᠢ ᠵᠢᠷᠤᠮ᠎ᠢ ᠬᠠᠮᠠᠭ᠋ᠠᠯᠠᠨ᠎ᠠ᠃ ᠬᠦᠮᠦᠨ᠎ᠤ ᠬᠦᠴᠦᠨ᠎ᠤ ᠠ᠋ᠬᠢ ᠪᠠᠶᠠᠯᠢᠭ ᠪᠡ ᠨᠡᠢ᠌ᠭᠡᠮ᠎ᠤᠨ ᠪᠠᠳᠤᠯᠠᠪᠤᠷᠢ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ᠎ᠨᠢ ᠢᠯᠡ ᠪᠤᠯᠭ᠋ᠠᠬᠤ》 ᠠᠷᠭ᠎ᠠ ᠭᠡᠯᠪᠡᠷᠢ᠎ᠪᠠᠷ ᠬᠢᠨᠠᠯᠳᠠ ᠳᠠᠯᠪᠢᠵᠤ ᠪᠠᠢ᠌ᠴᠠᠭ᠋ᠠᠬᠤ ᠵᠢ ᠭᠡᠷᠡᠭᠵᠢᠬᠦᠯᠦᠨ᠎ᠠ᠃ ᠡᠵᠡᠩᠨᠡᠯᠳᠡ ᠵᠢᠨ ᠴᠢᠨᠠᠷ᠎ᠲᠠᠢ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠡᠵᠡᠩᠨᠡᠯᠳᠡ ᠵᠢᠨ ᠪᠠᠢ᠌ᠳᠠᠯ᠎ᠤᠨ ᠵᠢᠯ᠎ᠤᠨ ᠮᠡᠳᠡᠬᠦᠯᠦᠯᠳᠡ᠎ᠪᠠᠨ ᠳᠤᠰᠢᠶᠠᠨ᠎ᠠ᠂ ᠭᠡᠬᠦ᠎ᠳᠤ ᠮᠡᠳᠡᠭᠡ ᠵᠠᠩᠬᠢ ᠵᠢ ᠬᠠᠮᠳᠤᠪᠠᠷ ᠬᠦᠷᠳᠡᠬᠦ᠎ᠪᠠᠷ ᠳᠠᠮᠵᠢᠨ ᠤᠯᠵᠤ ᠳᠡᠢ᠌ᠯᠬᠦ ᠮᠡᠳᠡᠭᠡ ᠵᠠᠩᠬᠢ ᠵᠢ ᠪᠤᠯ ᠵᠠᠰᠠᠭ ᠵᠠᠬᠢᠷᠠᠭ᠋ᠠᠨ᠎ᠤ ᠪᠠᠢ᠌ᠭᠤᠯᠭ᠎ᠠ ᠨᠢᠭᠡᠴᠢ᠎ᠨᠢ ᠳᠠᠪᠳᠠᠨ ᠮᠡᠳᠡᠬᠦᠯᠬᠦ ᠵᠢ ᠱᠠᠭ᠋ᠠᠷᠳᠠᠵᠤ ᠪᠤᠯᠬᠤ ᠦᠭᠡᠢ᠃ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠦᠨᠡᠨᠴᠢ ᠢᠳᠡᠭᠡᠮᠵᠢ ᠵᠢᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠵᠤ᠂ ᠢᠳᠡᠭᠡᠮᠵᠢ ᠵᠢ ᠳᠦᠷᠦᠯ ᠬᠤᠪᠢᠶᠠᠨ ᠬᠢᠨᠠᠨ ᠬᠠᠮᠢᠶᠠᠷᠬᠤ ᠵᠢ ᠭᠡᠷᠡᠭᠵᠢᠬᠦᠯᠦᠨ᠎ᠠ᠃ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠯᠳᠠ ᠵᠢᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠵᠤ᠂ ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯ ᠳᠦᠷᠦᠯ᠎ᠤᠨ ᠨᠡᠢ᠌ᠭᠡᠮᠯᠢᠭ᠎ᠤᠨ ᠦᠢ᠍ᠯᠡᠳᠤᠯ᠎ᠢ ᠪᠠᠳᠠᠷᠠᠭᠤᠯᠤᠨ᠎ᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ 《ᠪᠢ ᠡᠮ᠎ᠤᠨ ᠰᠠᠬᠢᠭᠤᠯᠰᠤᠨ ᠪᠤᠰᠤ》 ᠭᠡᠬᠦ ᠺᠢᠨᠤ᠋ ᠵᠢᠨ ᠳᠤᠬᠠᠢ ᠬᠠᠯᠠᠮᠰᠢᠯ ᠶᠠᠷᠢᠯᠴᠠᠭ᠋ᠠᠨ᠎ᠳᠤ ᠴᠤᠬᠤᠯᠠᠪᠤᠷᠢ ᠬᠢᠪᠡ
ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ᠎ᠤᠨ ᠱᠠᠨ ᠰᠢ ᠮᠤᠵᠢ ᠵᠢᠨ᠎ᠲᠠᠢ ᠺᠤᠸᠠᠨ ᠠ᠋ᠾᠸ ᠭᠤᠤᠯ ᠵᠡᠷᠭᠡ ᠰᠢᠨ᠎ᠠ᠎ᠪᠠᠷ ᠪᠠᠢ᠌ᠭᠤᠯᠬᠤ ᠤᠯᠤᠰ᠎ᠤᠨ ᠳᠡᠰ᠎ᠤᠨ 5 ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠨᠡᠷᠡᠰ᠎ᠢ ᠨᠡᠢ᠌ᠳᠡᠯᠡᠬᠦ ᠳᠤᠬᠠᠢ ᠮᠡᠳᠡᠭᠳᠡᠯ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠬᠦᠷᠢᠶᠡᠨ᠎ᠤ ᠬᠠᠮᠢᠶᠠᠷᠤᠯᠳᠠ ᠵᠢᠨ ᠠᠷᠭ᠎ᠠ ᠵᠢᠨ ᠦᠭᠡᠷᠡᠴᠢᠯᠡᠯᠳᠡ ᠪᠡ ᠰᠢᠨ᠎ᠠ ᠵᠢ ᠠ᠋ᠬᠦᠳᠬᠦ ᠵᠢ ᠠᠬᠢᠭᠤᠯᠬᠤ ᠵᠢ ᠪᠠᠢ᠌ᠷᠢᠯᠠᠭᠤᠯᠪᠠ
ᠬᠠᠨ ᠵᠸᠩ᠄ ᠰᠢᠨᠵᠢᠯᠡᠬᠦ ᠤᠬᠠᠭ᠋ᠠᠨᠴᠢ ᠳᠦᠬᠦᠮ ᠲᠦᠳᠡ ᠦᠨᠳᠦᠷ ᠦᠷ᠎ᠠ ᠠᠰᠢᠭᠳᠤ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ ᠳᠦᠷᠢᠮ᠎ᠢ ᠳᠤᠭᠳᠠᠭ᠋ᠠᠬᠤ ᠭᠡᠷᠡᠭᠳᠡᠢ
ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ ᠳᠤᠷᠰᠢᠯᠳᠠ ᠵᠢᠨ ᠴᠢᠭ᠋᠎ᠢ ᠬᠦᠨᠵᠡᠭᠡᠢ᠌ᠷᠡᠬᠦᠯᠬᠦ ᠵᠢ ᠵᠦᠪᠰᠢᠶᠡᠷᠡᠬᠦ ᠳᠤᠬᠠᠢ ᠳᠦᠷᠦ ᠵᠢᠨ ᠶᠠᠪᠤᠳᠠᠯ᠎ᠤᠨ ᠬᠤᠷᠢᠶᠠᠨ᠎ᠤ ᠴᠤᠬᠤᠯᠠᠪᠤᠷᠢ
 
            