ᠪᠦᠬᠦ ᠤᠯᠤᠰ᠎ᠤᠨ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠶᠠᠷᠢᠯᠴᠠᠬᠤ ᠬᠤᠷᠠᠯ 10 ᠳ᠋ᠤᠭ᠋ᠠᠷ ᠰᠠᠷ᠎ᠠ ᠵᠢᠨ 9᠎ᠤ ᠠ᠋ᠳᠤᠷ ᠪᠡᠭᠡᠵᠢᠩ᠎ᠳᠤ ᠬᠤᠷᠠᠯᠳᠤᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠯᠢᠦ ᠠ᠋ᠾᠸ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠨ᠂ ᠳᠦᠷᠦ ᠵᠢᠨ ᠶᠠᠪᠤᠳᠠᠯ᠎ᠤᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠳᠠᠷᠤᠭ᠎ᠠ ᠸᠠᠩ ᠶᠦᠩ ᠬᠤᠷᠠᠯ ᠠ᠋ᠷᠬᠢᠯᠡᠪᠡ᠃
ᠬᠤᠷᠠᠯ᠎ᠠᠴᠠ᠂ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ᠎ᠤᠨ ᠳᠤᠷᠰᠢ᠎ᠳᠤ᠂ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶ᠎ᠠ ᠠᠳᠠᠯᠢ ᠪᠤᠰᠤ ᠳᠡᠤᠭᠡᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠤᠯᠤᠰ᠎ᠤᠨ ᠪᠠᠢ᠌ᠳᠠᠯ ᠪᠤᠯᠤᠨ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠪᠤᠳᠠᠳᠤ ᠪᠠᠢ᠌ᠳᠠᠯ᠎ᠳᠤ ᠴᠢᠭᠯᠡᠬᠦᠯᠦᠨ ᠰᠢᠷᠢᠰ ᠪᠦᠳᠦᠮᠵᠢᠳᠡᠢ ᠠᠷᠭ᠎ᠠ ᠭᠡᠮᠵᠢᠶ᠎ᠡ ᠠᠪᠤᠨ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠳᠠᠰᠤᠷᠠᠯᠳᠠ ᠦᠭᠡᠢ ᠭᠦᠨᠵᠡᠭᠡᠢ᠌ᠷᠡᠬᠦ ᠵᠢ ᠠᠬᠢᠭᠤᠯᠪᠠ᠃ ᠢᠯᠡᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶ᠎ᠠ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠠᠬᠢᠭᠤᠯᠤᠯᠲᠠ ᠵᠢ ᠳᠦᠯᠦᠪᠵᠢᠬᠦᠯᠦᠨ ᠪᠠᠢ᠌ᠷᠢᠯᠠᠭᠤᠯᠵᠤ᠂ ᠦᠭᠡᠷᠡᠴᠢᠯᠡᠯᠳᠡ ᠵᠢᠨ ᠰᠢᠰᠲᠸᠮ᠎ᠳᠤ ᠴᠢᠨᠠᠷ᠂ ᠪᠦᠬᠦᠯᠢ ᠴᠤᠭᠴᠠ ᠵᠢᠨ ᠴᠢᠨᠠᠷ ᠪᠤᠯᠤᠨ ᠵᠤᠬᠢᠴᠠᠬᠤ ᠴᠢᠨᠠᠷ᠎ᠢ ᠤᠯᠠᠮ ᠵᠶ᠋ᠡᠷ ᠴᠢᠬᠤᠯᠠᠴᠢᠯᠠᠨ᠂ ᠤᠯᠤᠰ᠎ᠤᠨ ᠦᠮᠴᠢᠯᠠᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢ ᠴᠢᠬᠤᠯᠠ ᠶᠡᠭᠡ ᠬᠦᠭᠵᠢᠯᠳᠡ᠎ᠲᠠᠢ ᠪᠤᠯᠭ᠋ᠠᠵᠤ᠂ ᠳᠡᠤᠭᠡᠳᠤ ᠴᠢᠨᠠᠷᠲᠠᠢ ᠠᠮᠵᠢᠯᠳᠠ ᠤᠯᠤᠭᠰᠠᠨ ᠪᠠᠢ᠌ᠨ᠎ᠠ ᠭᠡᠵᠤ ᠦᠵᠡᠪᠡ᠃
ᠬᠤᠷᠠᠯ᠎ᠠᠴᠠ ᠱᠠᠭ᠋ᠠᠷᠳᠠᠭᠰᠠᠨ᠎ᠨᠢ᠂ ᠶᠡᠷᠦᠩᠭᠡᠢ ᠱᠦᠵᠢ ᠰᠢ ᠵᠢᠨ ᠫᠢᠩ᠎ᠤᠨ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠳᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠨᠠᠢ᠌ᠳᠠᠪᠤᠷᠢᠵᠢᠭᠤᠯᠵᠤ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠬᠦᠭᠵᠢᠯᠳᠡ ᠵᠢᠨ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠤᠷᠴᠢᠨ ᠳᠤᠭᠤᠷᠢᠨ᠎ᠤ ᠬᠤᠪᠢᠷᠠᠯᠳᠠ ᠵᠢ ᠤᠨᠤᠪᠴᠢᠳᠠᠢ ᠰᠤᠳᠤᠯᠵᠤ ᠨᠤᠳᠠᠯᠠᠨ᠂ ᠪᠠᠢ᠌ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠰᠢᠨ᠎ᠠ ᠴᠠᠭ ᠦᠶ᠎ᠡ ᠵᠢᠨ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠭᠤᠤᠯ ᠪᠠᠢ᠌ᠷᠢ ᠵᠢ ᠳᠠᠨᠢᠵᠤ᠂ ᠪᠢᠴᠢᠯ ᠲᠠᠯ᠎ᠠ ᠵᠢᠨ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠳᠬᠠᠬᠤ ᠴᠢᠬᠤᠯᠠ ᠴᠢᠨᠠᠷ᠎ᠢ ᠬᠦᠢ᠍ᠴᠡᠳ ᠳᠠᠨᠢᠵᠤ᠂ ᠳᠤᠭᠳᠠᠭᠤᠨ ᠵᠶ᠋ᠠᠷ ᠤᠷᠤᠭᠰᠢᠯᠠᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠨ᠂ ᠵᠠᠰᠠᠯᠳᠠ ᠵᠢ ᠳᠡᠬᠦᠯᠳᠡᠷᠵᠢᠬᠦᠯᠬᠦ᠂ ᠤᠷᠮᠠᠰᠢᠭᠤᠯᠬᠤ ᠵᠢ ᠴᠢᠩᠭ᠋ᠠᠳᠬᠠᠬᠤ᠂ ᠭᠤᠤᠯᠳᠠᠭ᠎ᠠ ᠵᠢ ᠳᠤᠪᠤᠢ᠌ᠯᠭ᠋ᠠᠬᠤ᠂ ᠦᠷ᠎ᠡ ᠪᠦᠳᠦᠮᠵᠢ ᠵᠢ ᠳᠡᠭᠡᠭᠰᠢᠯᠡᠬᠦᠯᠬᠦ ᠱᠠᠭ᠋ᠠᠷᠳᠠᠯᠭ᠎ᠠ ᠵᠢ ᠵᠢᠷᠤᠮᠯᠠᠵᠤ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢ ᠯᠠᠪᠳᠠᠭᠤᠨ ᠵᠶ᠋ᠡᠷ ᠠᠬᠢᠭᠤᠯᠤᠨ᠂ ᠪᠤᠳᠠᠳᠠᠢ ᠵᠢ ᠠ᠋ᠷᠬᠢᠮᠯᠡᠨ ᠵᠤᠷᠢᠭᠳᠠᠢ᠎ᠪᠠᠷ ᠤᠷᠤᠭᠰᠢᠯᠠᠬᠤ ᠭᠡᠷᠡᠭᠳᠡᠢ᠃
ᠨᠢᠭᠡ᠎ᠳᠤ ᠳᠤᠮᠳᠠᠳᠤ ᠤᠯᠤᠰ᠎ᠤᠨ ᠤᠨᠴᠠᠯᠢᠭ᠎ᠲᠠᠢ ᠤᠳᠤ ᠦᠶ᠎ᠠ ᠵᠢᠨ ᠤᠯᠤᠰ᠎ᠤᠨ ᠦᠮᠴᠢᠯᠠᠯᠳᠤ ᠠᠵᠤ ᠠᠬᠤᠢ᠌ᠯᠠᠯ᠎ᠤᠨ ᠳᠦᠷᠢᠮ᠎ᠤᠨ ᠪᠠᠢ᠌ᠭᠤᠯᠤᠯᠳᠠ ᠵᠢ ᠳᠤᠪᠤᠢ᠌ᠯᠭ᠋ᠠᠨ ᠠᠳᠬᠤᠬᠤ ᠭᠡᠷᠡᠭᠳᠡᠢ᠃ ᠠᠵᠤ ᠠᠬᠤᠢ᠌ᠯᠠᠯ᠎ᠤᠨ ᠡᠯ᠎ᠡ ᠵᠦᠢ᠍ᠯ᠎ᠤᠨ ᠵᠠᠰᠠᠯᠳᠠ ᠵᠢᠨ ᠭᠤᠤᠯ ᠴᠤᠭᠴᠠ ᠵᠢᠨ ᠠ᠋ᠷᠭᠡ ᠬᠠᠷᠢᠭᠤᠴᠠᠯᠭ᠎ᠠ ᠵᠢ ᠳᠤᠳᠤᠷᠬᠠᠢ᠌ᠯᠠᠵᠤ᠂ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠤᠳᠤᠷᠢᠳᠬᠤ ᠭᠤᠤᠯ ᠦᠢ᠍ᠯᠡᠳᠤᠯ᠎ᠢ ᠬᠦᠢ᠍ᠴᠡᠳ ᠪᠠᠳᠠᠷᠠᠭᠤᠯᠤᠨ᠂ ᠭᠡᠷᠡᠭ ᠮᠡᠳᠡᠭᠴᠢᠳ᠎ᠤᠨ ᠬᠤᠷᠠᠯ᠎ᠤᠨ ᠴᠢᠬᠤᠯᠠ ᠶᠡᠭᠡ ᠰᠢᠢ᠍ᠳᠪᠤᠷᠢᠳᠤ ᠪᠤᠳᠤᠯᠭ᠎ᠠ᠎ᠪᠠᠨ ᠭᠡᠷᠡᠭᠵᠢᠬᠦᠯᠬᠦ᠂ ᠴᠢᠳᠠᠪᠤᠷᠢᠳᠠᠨ᠎ᠢ ᠰᠤᠩᠭᠤᠨ ᠭᠡᠷᠡᠭᠯᠡᠬᠦ᠂ ᠴᠠᠯᠢᠩ ᠤᠯᠭᠤᠮᠵᠢ ᠵᠢ ᠬᠤᠪᠢᠶᠠᠷᠢᠯᠠᠬᠤ ᠵᠡᠷᠭᠡ ᠬᠠᠤᠯᠢ ᠶᠤᠰᠤᠨ᠎ᠤ ᠠ᠋ᠷᠭᠡ ᠵᠢ ᠦᠨᠡᠨᠬᠦ ᠬᠠᠮᠠᠭ᠋ᠠᠯᠠᠨ ᠨᠠᠢ᠌ᠳᠠᠪᠤᠷᠢᠵᠢᠭᠤᠯᠵᠤ᠂ ᠳᠠᠭ᠋ᠠᠭ᠋ᠠᠮᠠᠯ᠎ᠤᠨ ᠳᠠᠪᠬᠤᠷᠭ᠋ᠠᠨ᠎ᠤ ᠡᠵᠡᠩᠨᠡᠯᠳᠡ ᠵᠢᠨ ᠦᠪᠡᠷᠲᠡᠭᠡᠨ ᠡᠵᠡᠨ ᠮᠡᠳᠡᠬᠦ ᠠ᠋ᠷᠭᠡ ᠵᠢ ᠪᠠᠳᠤᠯᠠᠨ᠂ ᠪᠦᠳᠦᠮᠵᠢᠳᠡᠢ ᠵᠤᠬᠢᠴᠠᠭᠤᠯᠬᠤ ᠬᠠᠤᠯᠢ ᠵᠢᠨ ᠠ᠋ᠷᠭᠡᠳᠡᠨᠤ ᠵᠠᠰᠠᠯᠳᠠ ᠵᠢᠨ ᠪᠦᠳᠦᠴᠠ ᠵᠢ ᠳᠦᠷᠭᠡᠨ ᠪᠠᠢ᠌ᠭᠤᠯᠬᠤ ᠭᠡᠷᠡᠭᠳᠡᠢ᠃
ᠬᠤᠶᠠᠷ᠎ᠲᠤ ᠨᠡᠢ᠌ᠯᠡᠮᠡᠯ ᠦᠮᠴᠢᠯᠡᠯ᠎ᠤᠨ ᠳᠦᠷᠢᠮ᠎ᠤᠨ ᠦᠭᠡᠷᠡᠴᠢᠯᠡᠯᠳᠡ ᠵᠢ ᠳᠤᠪᠤᠢ᠌ᠯᠭ᠋ᠠᠨ ᠠᠳᠬᠤᠬᠤ ᠭᠡᠷᠡᠭᠳᠡᠢ᠃ ᠠᠵᠤ ᠠᠬᠤᠢ᠌ᠯᠠᠯ᠎ᠤᠨ ᠡᠵᠡᠩᠨᠡᠯᠳᠡ ᠵᠢᠨ ᠳᠤᠭᠳᠠᠴᠠ ᠵᠢ ᠦᠨᠨᠡᠬᠦ ᠬᠤᠪᠢᠷᠠᠭᠤᠯᠤᠨ᠂ ᠠᠵᠤ ᠠᠬᠤᠢ᠌ᠯᠠᠯ᠎ᠤᠨ ᠳᠤᠳᠤᠭ᠋ᠠᠳᠤ ᠵᠢᠨ ᠬᠢᠵᠠᠭ᠋ᠠᠷᠯᠠᠯ ᠪᠤᠯᠤᠨ ᠵᠤᠷᠢᠭᠵᠢᠭᠤᠯᠤᠯᠢ ᠴᠢᠩᠭ᠋ᠠᠳᠬᠠᠵᠤ᠂ ᠡᠯ᠎ᠡ ᠵᠦᠢ᠍ᠯ᠎ᠤᠨ ᠦᠮᠴᠢᠯᠠᠯ᠎ᠤᠨ ᠳᠦᠷᠢᠮ᠎ᠤᠨ ᠬᠠᠤᠯᠢ ᠶᠤᠰᠤᠨ᠎ᠤ ᠦᠮᠴᠢᠯᠠᠯ᠎ᠤᠨ ᠠ᠋ᠷᠭᠡ ᠵᠢ ᠬᠠᠮᠠᠭ᠋ᠠᠯᠠᠨ᠂ ᠠ᠋ᠳ᠋ ᠬᠦᠷᠦᠩᠭᠡ ᠵᠢ ᠰᠢᠨᠵᠢᠯᠡᠬᠦ ᠤᠬᠠᠭ᠋ᠠᠨᠴᠢ᠎ᠪᠠᠷ ᠬᠠᠩᠰᠢᠯᠠᠬᠤ ᠭᠡᠷᠡᠭᠳᠡᠢ᠃ ᠨᠡᠢ᠌ᠯᠡᠮᠡᠯ ᠦᠮᠴᠢᠯᠡᠯ᠎ᠤᠨ ᠳᠦᠷᠢᠮ᠎ᠳᠤ ᠠᠵᠤ ᠠᠬᠤᠢ ᠵᠢ ᠬᠦᠭᠵᠢᠬᠦᠯᠬᠦ᠎ᠪᠠᠷ ᠳᠠᠮᠵᠢᠨ ᠤᠯᠤᠰ᠎ᠤᠨ ᠦᠮᠴᠢᠯᠠᠯ᠎ᠤᠨ ᠠ᠋ᠳ᠋ ᠬᠦᠷᠦᠩᠭᠡ ᠵᠢᠨ ᠳᠦᠬᠦᠷᠵᠢᠯᠳᠡ ᠵᠢ ᠪᠦᠳᠦᠮᠵᠢᠳᠡᠢ ᠳᠡᠭᠡᠭᠰᠢᠯᠡᠬᠦᠯᠬᠦ ᠵᠢᠨ ᠬᠠᠮᠳᠤ ᠨᠡᠢ᠌ᠳᠡ ᠵᠢᠨ ᠦᠮᠴᠢᠯᠡᠯ᠎ᠤᠨ ᠪᠤᠰᠤ ᠠᠵᠤ ᠠᠬᠤᠢ ᠵᠢ ᠬᠦᠭᠵᠢᠬᠦᠯᠬᠦ ᠵᠢ ᠶᠡᠭᠡᠪᠡᠷ ᠳᠡᠮᠵᠢᠨ ᠳᠠᠢ᠌ᠴᠢᠯᠠᠵᠤ᠂ ᠡᠯ᠎ᠡ ᠵᠦᠢ᠍ᠯ᠎ᠤᠨ ᠦᠮᠴᠢᠯᠡᠯᠳᠤ ᠠ᠋ᠳ᠋ ᠬᠦᠷᠦᠩᠭᠡ ᠵᠢᠨ ᠰᠠᠢ᠌ᠨ᠎ᠢ᠎ᠨᠢ ᠪᠠᠳᠠᠷᠠᠭᠤᠯᠤᠨ ᠳᠤᠳᠠᠭᠤ ᠵᠢ᠎ᠨᠢ ᠨᠦᠬᠦᠬᠦ᠂ ᠬᠠᠷᠢᠯᠴᠠᠨ ᠠᠬᠢᠭᠤᠯᠬᠤ᠂ ᠬᠠᠮᠳᠤ᠎ᠪᠠᠷ ᠬᠦᠭᠵᠢᠬᠦ ᠵᠢ ᠪᠡᠶᠡᠯᠡᠬᠦᠯᠬᠦ ᠭᠡᠷᠡᠭᠳᠡᠢ᠃
ᠭᠤᠷᠪᠠ᠎ᠳᠤ ᠵᠠᠬ᠎ᠠ ᠳᠡᠯᠭᠡᠬᠦᠷᠵᠢᠭᠰᠡᠨ ᠡᠵᠡᠩᠨᠡᠯᠳᠡ ᠵᠢᠨ ᠳᠤᠭᠳᠠᠴᠠ ᠵᠢ ᠳᠤᠪᠤᠢ᠌ᠯᠭ᠋ᠠᠨ ᠠᠳᠬᠤᠬᠤ ᠭᠡᠷᠡᠭᠳᠡᠢ᠃ ᠳᠠᠭ᠋ᠠᠭ᠋ᠠᠮᠠᠯ᠎ᠤᠨ ᠳᠠᠪᠬᠤᠷᠭ᠎ᠠ ᠵᠢᠨ ᠳᠤᠰᠢᠶᠠᠯ ᠬᠠᠷᠢᠭᠤᠴᠠᠬᠤ ᠳᠦᠷᠢᠮ ᠪᠤᠯᠤᠨ ᠭᠡᠷᠡᠵᠢᠭᠰᠡᠨ ᠬᠠᠮᠢᠶᠠᠷᠤᠯᠳᠠ ᠵᠢ ᠠᠬᠢᠭᠤᠯᠤᠨ᠂ 《ᠵᠠᠬ᠎ᠠ ᠳᠡᠯᠭᠡᠬᠦᠷᠵᠢᠭᠰᠡᠨ ᠰᠢᠯᠢᠯᠲᠡ᠂ ᠭᠡᠷᠡᠵᠢᠭᠰᠡᠨ ᠬᠠᠮᠢᠶᠠᠷᠤᠯᠳᠠ᠂ ᠵᠦᠷᠢᠶᠡᠨ᠎ᠳᠤ ᠴᠠᠯᠢᠩ ᠤᠯᠭᠤᠮᠵᠢ᠂ ᠵᠠᠬ᠎ᠠ ᠳᠡᠯᠭᠡᠬᠦᠷᠵᠢᠭᠰᠡᠨ ᠪᠤᠴᠠᠭ᠋ᠠᠵᠤ ᠭᠠᠷᠭ᠋ᠠᠬᠤ》 ᠵᠠᠷᠴᠢᠮ᠎ᠢ ᠵᠢᠷᠤᠮᠯᠠᠵᠤ ᠳᠤᠬᠠᠢ᠌ᠯᠠᠭᠰᠠᠨ ᠠᠵᠢᠯ᠎ᠤᠨ ᠳᠠᠭ᠋ᠠᠭ᠋ᠠᠮᠠᠯ᠎ᠤᠨ ᠳᠦᠷᠢᠮ᠎ᠢ ᠪᠠᠢ᠌ᠭᠤᠯᠬᠤ ᠭᠡᠷᠡᠭᠳᠡᠢ᠃ ᠴᠠᠯᠢᠩ᠎ᠤᠨ ᠶᠡᠷᠦᠩᠭᠡᠢ ᠳᠤᠭ᠋ᠠᠨ᠎ᠤ ᠬᠠᠮᠢᠶᠠᠷᠤᠯᠳᠠ ᠵᠢᠨ ᠳᠦᠷᠢᠮ᠎ᠤᠨ ᠦᠭᠡᠷᠡᠴᠢᠯᠡᠯᠳᠡ ᠵᠢ ᠳᠦᠷᠭᠡᠳᠭᠡᠨ᠂ ᠠᠵᠢᠯᠳᠠᠨ᠎ᠤ ᠬᠤᠪᠢ ᠡᠵᠡᠮᠳᠡᠬᠦ ᠪᠡ ᠰᠲ᠋ᠤᠺ᠎ᠤᠨ ᠵᠠᠬ᠎ᠠ ᠳᠡᠯᠭᠡᠬᠦᠷ᠎ᠲᠤ ᠭᠠᠷᠤᠭᠰᠠᠨ ᠺᠤᠮᠫᠠᠨᠢ ᠵᠢᠨ ᠬᠤᠪᠢ ᠡᠵᠡᠮᠳᠡᠬᠦ ᠳᠦᠯᠦᠪᠯᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠡᠯᠪᠡᠷᠢ ᠪᠦᠬᠦᠢ ᠠᠵᠤ ᠠᠬᠤᠢ᠌ᠯᠠᠯ᠎ᠤᠨ ᠰᠲ᠋ᠣᠺ᠎ᠤᠨ ᠠ᠋ᠷᠬᠡ ᠵᠢᠨ ᠬᠤᠪᠢᠶᠠᠷᠢᠯᠠᠯ ᠵᠡᠷᠭᠡ ᠵᠢᠨ ᠳᠤᠮᠳᠠ ᠪᠠ ᠤᠷᠳᠤ ᠬᠤᠭᠤᠴᠠᠭ᠋ᠠᠨ᠎ᠤ ᠵᠣᠷᠢᠭᠵᠢᠭᠤᠯᠤᠯ᠎ᠤᠨ ᠠᠷᠭ᠎ᠠ ᠵᠢ ᠨᠢᠭᠡᠳᠤᠯᠳᠠᠢ ᠳᠤᠬᠢᠷᠠᠭᠤᠯᠤᠨ ᠰᠠᠢ᠌ᠳᠤᠷ ᠠᠰᠢᠭᠯᠠᠵᠤ᠂ ᠠᠵᠤ ᠠᠬᠤᠢ᠌ᠯᠠᠯ᠎ᠤᠨ ᠳᠤᠳᠤᠭ᠋ᠠᠳᠤ ᠵᠢᠨ ᠡᠯ᠎ᠡ ᠳᠠᠪᠬᠤᠷᠭ᠎ᠠ ᠵᠢᠨ ᠺᠠᠳ᠋ᠷ ᠠᠵᠢᠯᠳᠠᠨ᠎ᠤ ᠢᠳᠡᠪᠬᠢᠵᠢᠯ᠎ᠢ ᠬᠦᠢ᠍ᠴᠡᠳ ᠳᠠᠢ᠌ᠴᠢᠯᠠᠬᠤ ᠭᠡᠷᠡᠭᠳᠡᠢ᠃ ᠠᠵᠤ ᠠᠬᠤᠢ᠌ᠯᠠᠯᠲᠠᠨ᠎ᠤ ᠦᠢ᠍ᠯᠡᠳᠤᠯ᠎ᠢ ᠭᠦᠢ᠍ᠴᠡᠳ ᠪᠠᠳᠠᠷᠠᠭᠤᠯᠤᠨ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠠᠷᠢᠭᠤᠴᠠᠯᠭ᠎ᠠ᠎ᠲᠠᠢ ᠰᠠᠢ᠌ᠨ ᠠᠵᠤ ᠠᠬᠤᠢ᠌ᠯᠠᠯᠳᠠᠨᠢ ᠵᠤᠷᠢᠭᠵᠢᠭᠤᠯᠤᠨ ᠳᠡᠮᠵᠢᠵᠤ᠂ ᠦᠭᠡᠷᠡᠴᠢᠯᠡᠯᠳᠡ ᠬᠢᠬᠦ ᠬᠦᠰᠡᠯ᠎ᠲᠠᠢ᠂ ᠦᠢ᠍ᠯᠡᠰ ᠠ᠋ᠷᠬᠢᠯᠡᠬᠦ ᠰᠠᠨᠠᠭ᠎ᠠ᠎ᠲᠠᠢ᠂ ᠡᠵᠡᠩᠨᠡᠨ ᠬᠠᠮᠢᠶᠠᠷᠬᠤ ᠴᠢᠳᠠᠪᠤᠷᠢ᠎ᠲᠠᠢ ᠠᠵᠤ ᠠᠬᠤᠢ᠌ᠯᠠᠯᠳᠠᠨᠢ ᠵᠤᠷᠢᠭᠳᠠᠢ᠎ᠪᠠᠷ ᠭᠡᠷᠡᠭᠯᠡᠨ᠂ ᠰᠡᠳᠬᠢᠮᠵᠢ ᠪᠤᠳᠤᠯᠬᠢᠯᠠᠯ᠎ᠲᠠᠢ᠂ ᠭᠠᠪᠰᠢᠭ᠋ᠠᠢ᠌ᠯᠠᠨ ᠠᠵᠢᠯᠯᠠᠬᠤ ᠵᠤᠷᠢᠭᠲᠠᠢ᠂ ᠳᠠᠯᠳᠠ ᠬᠦᠴᠦᠨ᠎ᠲᠠᠢ ᠵᠠᠯᠠᠭᠤᠴᠤᠳ᠎ᠢ ᠳᠡᠪᠰᠢᠬᠦᠯᠤᠨ ᠭᠡᠷᠡᠭᠯᠡᠵᠤ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠠᠵᠤ ᠠᠬᠤᠢ᠌ᠯᠠᠯᠳᠠᠨ᠎ᠤ ᠠ᠋ᠩᠨᠡᠭᠡ ᠵᠢ ᠳᠠᠰᠤᠷᠠᠯᠳᠠ ᠦᠭᠡᠢ ᠬᠦᠭᠵᠢᠬᠦᠯᠦᠨ ᠪᠤᠵᠠᠭ᠋ᠠᠢ᠌ᠷᠠᠭᠤᠯᠬᠤ ᠭᠡᠷᠡᠭᠳᠡᠢ᠃
ᠳᠦᠷᠪᠡ᠎ᠳᠤ ᠬᠠᠩᠭ᠋ᠠᠯᠭ᠎ᠠ ᠵᠢᠨ ᠳᠠᠯ᠎ᠠ ᠵᠢᠨ ᠪᠦᠳᠦᠴᠠ ᠵᠢᠨ ᠴᠢᠨᠠᠷᠲᠠᠢ ᠦᠭᠡᠷᠡᠴᠢᠯᠡᠯᠳᠡ ᠵᠢ ᠳᠤᠪᠤᠢ᠌ᠯᠭ᠋ᠠᠨ ᠠᠳᠬᠤᠬᠤ ᠭᠡᠷᠡᠭᠳᠡᠢ᠃ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠨᠢ ᠪᠤᠯᠤᠳ ᠳᠡᠮᠤᠷ᠂ ᠨᠡᠬᠦᠷᠡᠰᠤ᠂ ᠨᠡᠭᠦᠷᠡᠰᠤᠨ ᠴᠠᠬᠢᠯᠭ᠋ᠠᠨ ᠵᠡᠷᠭᠡ ᠠᠵᠢᠯ ᠳᠦᠷᠦᠯ᠎ᠤᠨ ᠢᠯᠡᠬᠦᠳᠡᠯ ᠦᠢ᠍ᠯᠡᠳᠪᠤᠷᠢᠯᠡᠯ᠎ᠤᠨ ᠴᠢᠳᠠᠪᠤᠷᠢ ᠵᠢ ᠦᠷᠬᠦᠯᠵᠢᠯᠡᠨ ᠵᠤᠬᠢᠴᠠᠭᠤᠯᠵᠤ᠂ ᠳᠡᠤᠭᠡᠨ᠎ᠠᠴᠠ ᠦᠯᠡᠳᠡᠭᠰᠡᠨ ᠡᠯ᠎ᠡ ᠵᠦᠢ᠍ᠯ᠎ᠤᠨ ᠦᠷᠢ ᠰᠢᠷᠢ ᠪᠠ ᠦᠯᠡᠳᠡᠭᠳᠡᠯ ᠠᠰᠠᠭᠤᠳᠠᠯ᠎ᠢ ᠳᠠᠷᠤᠢ ᠳᠦᠷᠭᠡᠨ ᠰᠢᠢ᠍ᠳᠪᠤᠷᠢᠡᠯᠬᠦ ᠭᠡᠷᠡᠭᠳᠡᠢ; ᠪᠦᠳᠦᠴᠠ ᠵᠢ ᠳᠤᠬᠢᠷᠠᠭᠤᠯᠤᠨ ᠭᠡᠯᠪᠡᠷᠢ ᠵᠢ ᠬᠤᠪᠢᠷᠠᠭᠤᠯᠵᠤ ᠳᠡᠰ ᠳᠡᠪᠰᠢᠬᠦᠯᠬᠦ ᠵᠢ ᠳᠦᠷᠭᠡᠳᠭᠡᠨ᠂ ᠦᠪᠡᠷᠳᠡᠭᠡᠨ ᠡᠵᠡᠨ ᠮᠡᠳᠡᠵᠤ ᠰᠢᠨ᠎ᠠ ᠵᠢ ᠠ᠋ᠬᠦᠳᠬᠦ ᠵᠢ ᠴᠢᠩᠭ᠋ᠠᠳᠬᠠᠵᠤ᠂ ᠴᠢᠨᠠᠷᠯᠢᠭ ᠬᠦᠭᠵᠢᠯᠳᠡ ᠵᠢ ᠳᠦᠷᠭᠡᠳᠭᠡᠬᠦ ᠭᠡᠷᠡᠭᠳᠡᠢ᠃
ᠳᠠᠪᠤ᠎ᠳᠤ ᠠ᠋ᠷᠭᠡ ᠤᠯᠭᠤᠵᠤ ᠡᠵᠡᠩᠨᠡᠬᠦᠯᠬᠦ ᠳᠦᠷᠢᠮ᠎ᠤᠨ ᠦᠭᠡᠷᠡᠴᠢᠯᠡᠯᠳᠡ ᠵᠢ ᠳᠤᠪᠤᠢ᠌ᠯᠠᠭ᠋ᠠᠨ ᠠᠳᠬᠤᠬᠤ ᠭᠡᠷᠡᠭᠳᠡᠢ᠃ ᠳᠤᠷᠰᠢᠯᠳᠠ ᠵᠢᠨ ᠴᠡᠭ᠎ᠢ ᠤᠨᠤᠪᠴᠢᠳᠠᠢ ᠰᠤᠩᠭᠤᠨ᠂ ᠵᠤᠬᠢᠶᠠᠨ ᠪᠠᠢ᠌ᠭᠤᠯᠤᠯᠳᠠ ᠵᠢᠨ ᠪᠦᠷᠢᠯᠳᠦᠴᠡ᠂ ᠠᠵᠢᠯᠯᠠᠭ᠋ᠠᠨ᠎ᠤ ᠭᠡᠪ ᠵᠠᠭᠪᠤᠷ᠂ ᠡᠵᠡᠩᠨᠡᠯᠳᠡ ᠵᠢᠨ ᠳᠤᠭᠳᠠᠴᠠ ᠵᠡᠷᠭᠡ ᠳᠡᠯ᠎ᠡ ᠵᠢᠨ ᠦᠭᠡᠷᠡᠴᠢᠯᠡᠯᠳᠡ ᠵᠢ ᠴᠢᠩᠭ᠋ᠠᠳᠬᠠᠵᠤ᠂ ᠤᠯᠤᠰ᠎ᠤᠨ ᠦᠮᠴᠢᠯᠠᠯ᠎ᠤᠨ ᠠ᠋ᠳ᠋ ᠬᠦᠷᠦᠩᠭᠡ᠎ᠤᠨ ᠪᠡᠯᠡ ᠤᠷᠤᠭᠤᠯᠤᠯᠳᠠ ᠵᠢ ᠠᠬᠢᠭᠤᠯᠤᠨ᠂ ᠠᠵᠢᠯᠯᠠᠭ᠋ᠠᠨ᠎ᠤ ᠺᠤᠮᠫᠠᠨᠢ ᠵᠢᠨ ᠳᠤᠷᠰᠢᠯᠳᠠ ᠵᠢᠨ ᠴᠡᠭ᠎ᠤᠨ ᠪᠤᠳᠠᠳᠤ ᠠᠮᠵᠢᠯᠳᠠ ᠵᠢ ᠤᠯᠬᠤ ᠭᠡᠷᠡᠭᠳᠡᠢ᠃
ᠵᠢᠷᠭᠤᠭ᠎ᠠ᠎ᠳᠤ ᠤᠯᠤᠰ᠎ᠤᠨ ᠦᠮᠴᠢᠯᠡᠯ᠎ᠤᠨ ᠠ᠋ᠳ᠋ ᠬᠦᠷᠦᠩᠭᠡ ᠵᠢᠨ ᠬᠢᠨᠠᠨ ᠬᠠᠮᠢᠶᠠᠷᠤᠯᠳᠠ ᠵᠢ ᠳᠤᠪᠤᠢ᠌ᠯᠭ᠋ᠠᠨ ᠠᠳᠬᠤᠬᠤ ᠭᠡᠷᠡᠭᠳᠡᠢ᠃ ᠦᠢ᠍ᠯᠡᠳᠪᠤᠷᠢᠯᠡᠯ᠎ᠤᠨ ᠬᠦᠴᠦᠨ᠎ᠢ ᠳᠡᠷᠢᠬᠦᠨ᠎ᠳᠤ ᠳᠠᠯᠪᠢᠬᠤ ᠪᠠᠷᠢᠮᠵᠢᠶ᠎ᠠ ᠵᠢ ᠵᠢᠷᠤᠮᠯᠠᠨ᠂ ᠪᠢᠴᠢᠯ ᠲᠠᠯ᠎ᠠ ᠵᠢᠨ ᠭᠤᠤᠯ ᠴᠤᠭᠴᠠᠳᠤ ᠦᠢ᠍ᠯᠡᠴᠢᠯᠡᠬᠦ ᠠᠵᠢᠯ᠎ᠢ ᠴᠢᠩᠭ᠋ᠠᠳᠬᠠᠵᠤ᠂ ᠳᠤᠰᠬᠠᠢ᠌ᠵᠢᠭᠰᠠᠨ ᠴᠢᠳᠠᠪᠤᠷᠢ ᠪᠤᠯᠤᠨ ᠬᠢᠷᠢ ᠳᠦᠪᠰᠢᠨ᠎ᠢ ᠳᠡᠭᠡᠭᠰᠢᠯᠡᠬᠦᠯᠦᠨ᠂ ᠬᠢᠨᠠᠨ ᠬᠠᠮᠢᠶᠠᠷᠤᠯᠳᠠ ᠵᠢᠨ ᠬᠠᠨᠳᠤᠯᠭ᠋ᠠᠳᠤ ᠴᠢᠨᠠᠷ᠂ ᠪᠦᠳᠦᠮᠵᠢᠳᠤ ᠴᠢᠨᠠᠷ ᠪᠤᠯᠤᠨ ᠰᠢᠰᠲᠸᠮ᠎ᠳᠤ ᠴᠢᠨᠠᠷ᠎ᠢ ᠤᠯᠠᠮ ᠵᠶ᠋ᠡᠷ ᠳᠡᠭᠡᠭᠰᠢᠯᠡᠬᠦᠯᠬᠦ ᠭᠡᠷᠡᠭᠳᠡᠢ᠃
ᠬᠤᠷᠠᠯ᠎ᠠᠴᠠ᠂ ᠤᠳᠤᠬᠠᠨ᠎ᠳᠤ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ᠎ᠨᠢ ᠵᠠᠩᠬᠢᠯᠠᠭ᠎ᠠ ᠵᠢᠨ ᠱᠠᠳᠤᠨ᠎ᠳᠤ ᠤᠷᠤᠭᠰᠠᠨ ᠮᠦᠷᠳᠡᠭᠡᠨ ᠦᠭᠡᠷᠡᠴᠢᠯᠡᠯᠳᠡ ᠵᠢᠨ ᠦᠷ᠎ᠡ ᠪᠦᠳᠦᠮᠵᠢ ᠬᠠᠮᠤᠭ᠎ᠤᠨ ᠶᠡᠭᠡ ᠱᠠᠳᠤᠨ᠎ᠳᠤ ᠤᠷᠤᠭ᠋ᠠᠳ ᠪᠠᠢ᠌ᠨ᠎ᠠ᠃ ᠨᠡᠩ ᠠᠷᠪᠢᠨ ᠬᠦᠴᠦᠨ ᠴᠢᠳᠠᠯ ᠵᠶ᠋ᠡᠨ ᠭᠤᠤᠯᠳᠠᠯᠭ᠎ᠠ᠎ᠲᠠᠢ ᠠᠰᠠᠭᠤᠳᠠᠯ᠂ ᠬᠦᠴᠢᠷᠳᠡᠯ᠎ᠲᠠᠢ ᠠᠰᠠᠭᠤᠳᠠᠯ ᠳᠡᠭᠡᠷ᠎ᠠ ᠳᠦᠪᠯᠡᠷᠡᠬᠦᠯᠵᠤ᠂ ᠬᠦᠴᠦᠨ ᠵᠶ᠋ᠡᠨ ᠳᠦᠪᠯᠡᠷᠡᠬᠦᠯᠦᠨ ᠬᠦᠴᠢᠷ ᠪᠤᠭᠤᠮᠳᠠ ᠵᠢ ᠰᠢᠪᠳᠤᠯᠤᠨ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠬᠦᠭᠵᠢᠯᠳᠡ ᠵᠢᠨ ᠰᠢᠨ᠎ᠠ ᠪᠠᠢ᠌ᠳᠠᠯ᠎ᠢ ᠴᠢᠷᠮᠠᠢ᠌ᠨ ᠪᠤᠢ ᠪᠤᠯᠭ᠋ᠠᠬᠤ ᠭᠡᠷᠡᠭᠳᠡᠢ ᠭᠡᠵᠤ ᠱᠠᠭ᠋ᠠᠷᠳᠠᠪᠠ᠃
ᠳᠦᠷᠦ ᠵᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠂ ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠴᠢ ᠳᠤᠰᠠᠭ᠋ᠠᠷ ᠳᠦᠯᠦᠪᠯᠡᠭᠡᠳᠤ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠪᠤᠯᠤᠨ ᠰᠢᠨᠵᠢᠶᠠᠩ᠎ᠤᠨ ᠦᠢ᠍ᠯᠡᠳᠪᠤᠷᠢᠯᠡᠯ ᠪᠦᠳᠦᠭᠡᠨ ᠪᠠᠢ᠌ᠭᠤᠯᠤᠯᠳᠠ ᠵᠢᠨ ᠪᠢᠩᠲ᠋ᠤᠸᠠᠨ᠎ᠤ ᠬᠤᠯᠪᠤᠭᠳᠠᠯ ᠪᠦᠬᠦᠢ ᠬᠠᠷᠢᠭᠤᠴᠠᠯᠭ᠋ᠠᠳᠠᠨ᠂ ᠳᠦᠪ᠎ᠤᠨ ᠡᠯ᠎ᠡ ᠠᠵᠤ ᠠᠬᠤᠢ᠌ᠯᠠᠯ᠎ᠤᠨ ᠭᠤᠤᠯ ᠬᠠᠷᠢᠭᠤᠴᠠᠯᠭ᠋ᠠᠳᠠᠨ ᠨᠡᠷ ᠬᠤᠷᠠᠯ᠎ᠳᠤ ᠤᠷᠤᠯᠴᠠᠵᠤ᠂ ᠬᠤᠷᠠᠯ ᠳᠡᠭᠡᠷ᠎ᠠ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠳᠤᠷᠰᠢᠯᠭ᠎ᠠ᠎ᠪᠠᠨ ᠳᠠᠨᠢᠯᠴᠠᠭᠤᠯᠵᠤ᠂ ᠨᠢᠭᠡ ᠪᠦᠯᠦᠭ ᠮᠤᠵᠢ ᠬᠤᠳᠠ᠂ ᠳᠦᠪ᠎ᠤᠨ ᠠᠵᠤ ᠠᠬᠤᠢ᠌ᠯᠠᠯ ᠪᠤᠯᠤᠨ ᠤᠷᠤᠨ ᠨᠤᠳᠤᠭ᠎ᠤᠨ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠳᠦᠯᠦᠭᠡᠯᠡᠭᠴᠢ ᠵᠢᠴᠢ ᠬᠤᠯᠪᠤᠭᠳᠠᠯ ᠪᠦᠬᠦᠢ ᠳᠤᠰᠬᠠᠢ ᠮᠡᠷᠭᠡᠵᠢᠯᠳᠡᠨ ᠦᠭᠡ ᠶᠠᠷᠢᠵᠤ᠂ 30 ᠨᠢᠭᠡᠴᠢ ᠳᠤᠷᠰᠢᠯᠭ᠎ᠠ᠎ᠪᠠᠨ ᠳᠠᠨᠢᠯᠴᠠᠭᠤᠯᠤᠭᠰᠠᠨ ᠮᠠᠲᠸᠷᠢᠶᠠᠯ ᠬᠠᠩᠭ᠋ᠠᠵᠠᠢ᠃