ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠨᠫᠸᠡᠤᠤ᠎ᠲᠠᠢ ᠠᠭᠤᠯᠵᠠᠪᠠ᠃
ᠨᠡᠶᠢᠲᠡᠯᠡᠭᠰᠡᠨ ᠴᠠᠭ᠄ 2018-11-27


     10 ᠳ᠋ᠤᠭ᠋ᠠᠷ ᠰᠠᠷ᠎ᠠ ᠵᠢᠨ 8᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠡᠭᠡᠵᠢᠩ᠎ᠳᠤ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠨᠫᠸᠡᠤᠤ᠎ᠲᠠᠢ ᠠᠭᠤᠯᠵᠠᠪᠠ᠃
      ᠸᠠᠩ ᠢ᠂ ᠠ᠋ᠨᠡ ᠵᠢᠯ ᠪᠤᠯ ᠳᠤᠮᠳᠠᠳᠤ ᠠᠮᠸᠷᠢᠺᠠ ᠵᠢᠨ ᠬᠠᠷᠢᠴᠠᠭ᠎ᠠ ᠪᠠᠢ᠌ᠭᠤᠯᠤᠭᠰᠠᠨ ᠠᠯᠪᠠᠨ ᠮᠡᠳᠡᠭᠡ ᠨᠡᠢ᠌ᠳᠡᠯᠡᠭᠰᠡᠨ 40 ᠵᠢᠯ᠎ᠤᠨ ᠤᠢ ᠪᠤᠯᠤᠨ᠎ᠠ᠃ 40 ᠵᠢᠯ᠎ᠤᠨ ᠳᠤᠷᠰᠢ᠂ ᠳᠤᠮᠳᠠᠳᠤ ᠠᠮᠸᠷᠢᠺᠠ ᠬᠤᠶᠠᠷ ᠤᠯᠤᠰ ᠳᠤᠰ ᠳᠤᠰ᠎ᠲᠤ᠎ᠪᠠᠨ ᠶᠡᠭᠡᠭᠡᠨ ᠬᠤᠪᠢᠷᠠᠯᠳᠠ᠎ᠲᠠᠢ ᠪᠤᠯᠤᠭᠰᠠᠨ ᠮᠦᠷᠳᠡᠭᠡᠨ ᠬᠠᠷᠢᠯᠴᠠᠭ᠎ᠠ ᠶᠠᠪᠤᠯᠴᠠᠭ᠋ᠠᠨ᠎ᠠᠴᠠ᠎ᠪᠠᠨ ᠯᠤᠳᠤ ᠶᠡᠭᠡ ᠠᠰᠢᠭ ᠤᠯᠪᠠ᠃ 40 ᠵᠢᠯ᠎ᠤᠨ ᠳᠤᠷᠰᠢᠬᠢ ᠬᠤᠶᠠᠷ ᠤᠯᠤᠰ᠎ᠤᠨ ᠬᠠᠷᠢᠴᠠᠭ᠋ᠠᠨ᠎ᠤ ᠬᠦᠭᠵᠢᠯᠳᠡ ᠵᠢᠨ ᠬᠠᠮᠤᠭ᠎ᠤᠨ ᠬᠦᠨᠵᠡᠭᠡᠢ ᠳᠤᠷᠰᠢᠯᠭ᠎ᠠ ᠪᠤᠯᠤᠨ ᠰᠡᠩᠭᠡᠷᠡᠬᠦᠯᠦᠯ ᠪᠤᠯ ᠳᠠᠷᠤᠢ ᠳᠤᠮᠳᠠᠳᠤ ᠠᠮᠸᠷᠢᠺᠠ ᠬᠤᠶᠠᠷ ᠤᠯᠤᠰ ᠬᠠᠮᠳᠤᠷᠠᠯᠴᠠᠪᠠᠯ ᠬᠤᠶᠠᠷ ᠳᠠᠯ᠎ᠠ᠎ᠪᠠᠷ ᠵᠶ᠋ᠡᠨ ᠠᠰᠢᠭ ᠤᠯᠵᠤ᠂ ᠳᠡᠮᠡᠴᠡᠯᠳᠦᠪᠡᠯ ᠬᠤᠶᠠᠷ ᠳᠠᠯ᠎ᠠ᠎ᠪᠠᠷ ᠵᠶ᠋ᠡᠨ ᠬᠤᠬᠢᠷᠠᠨ᠂ ᠬᠠᠮᠳᠤᠷᠠᠯᠴᠠᠭ᠎ᠠ᠎ᠨᠢ ᠬᠤᠶᠠᠷ ᠳᠠᠯ᠎ᠠ ᠵᠢᠨ ᠴᠤᠷ᠎ᠤᠨ ᠭᠠᠭᠴᠠ ᠵᠦᠪ ᠰᠤᠩᠭᠤᠯᠳᠠ ᠪᠤᠯᠤᠨ᠎ᠠ ᠭᠡᠵᠤ ᠢᠯᠡᠷᠭᠡᠢ᠌ᠯᠡᠪᠡ᠃
    ᠸᠠᠩ ᠢ᠂ ᠤᠳᠤᠬᠠᠨ᠎ᠳᠤ ᠳᠤᠮᠳᠠᠳᠤ ᠠᠮᠸᠷᠢᠺᠠ ᠵᠢᠨ ᠬᠠᠷᠢᠴᠠᠭ᠎ᠠ ᠶᠠᠭ ᠨᠢᠭᠡᠨ ᠵᠠᠩᠬᠢᠯᠠᠭ᠎ᠠ ᠵᠢᠨ ᠱᠠᠳᠤᠨ᠎ᠳᠤ ᠤᠷᠤᠭ᠋ᠠᠳ ᠪᠠᠢ᠌ᠨ᠎ᠠ᠃ ᠳᠤᠮᠳᠠᠳᠤ ᠤᠯᠤᠰ ᠨᠠᠢ᠌ᠷᠠᠮᠳᠠᠯ ᠵᠶ᠋ᠡᠷ ᠬᠦᠭᠵᠢᠬᠦ ᠵᠢ ᠦᠷᠬᠦᠯᠵᠢᠯᠡᠨ ᠪᠠᠷᠢᠮᠳᠠᠯᠠᠵᠤ᠂ ᠦᠭᠡᠷᠡᠴᠢᠯᠡᠯᠳᠡ ᠵᠢ ᠬᠦᠨᠵᠡᠭᠡᠢ᠌ᠷᠡᠬᠦᠯᠦᠨ ᠨᠡᠭᠡᠭᠡᠯᠳᠡ ᠵᠢ ᠦᠷᠭᠡᠳᠭᠡᠵᠤ᠂ ᠤᠯᠤᠰ᠎ᠨᠢ ᠬᠦᠴᠦᠷᠭᠡᠭᠵᠢᠪᠡᠯ ᠳᠠᠷᠤᠢ ᠡᠵᠡᠷᠭᠡᠳᠡᠭ᠎ᠲᠠᠢ ᠠ᠋ᠷᠡᠰ ᠤᠨᠳᠤᠤ ᠬᠦᠭᠵᠢᠨ ᠮᠡᠨᠳᠤᠬᠤ ᠵᠠᠮ ᠵᠶ᠋ᠡᠷ ᠤᠷᠤᠭᠰᠢᠯᠠᠬᠤ ᠪᠤᠯᠤᠨ᠎ᠠ᠃ ᠠᠮᠸᠷᠢᠺᠠ ᠵᠢᠨ᠎ᠬᠢᠨ ᠳᠤᠮᠳᠠᠳᠤ ᠵᠢᠨ ᠬᠦᠭᠵᠢᠯᠳᠡ ᠵᠢᠨ ᠬᠠᠨᠳᠤᠰᠢ ᠵᠢ ᠵᠦᠪ ᠵᠶ᠋ᠡᠷ ᠳᠠᠨᠢᠵᠤ᠂ ᠤᠴᠢᠷ ᠰᠢᠯᠳᠠᠭ᠋ᠠᠨ ᠦᠭᠡᠢ᠎ᠪᠠᠷ ᠳᠤᠮᠳᠠᠳᠤ ᠵᠢᠨ ᠳᠠᠯ᠎ᠠ ᠵᠢ ᠪᠤᠷᠤᠭᠤᠰᠢᠶᠠᠨ ᠵᠢᠮᠡᠯᠡᠬᠦ ᠪᠠ ᠳᠤᠮᠳᠠᠳᠤ ᠵᠢᠨ ᠭᠤᠤᠯ ᠠᠰᠢᠭ ᠳᠤᠰᠠ ᠵᠢ ᠬᠤᠬᠢᠷᠠᠭᠤᠯᠬᠤ ᠪᠤᠷᠤᠭᠤ ᠠᠵᠢᠯᠯᠠᠭ᠎ᠠ᠎ᠪᠠᠨ ᠵᠤᠭᠰᠤᠭ᠋ᠠᠨ᠂ ᠳᠤᠮᠳᠠᠳᠤ ᠤᠯᠤᠰ᠎ᠲᠠᠢ ᠨᠢᠭᠡ ᠴᠢᠭᠯᠡᠯ ᠵᠶ᠋ᠡᠷ ᠤᠷᠤᠭᠰᠢᠯᠠᠵᠤ᠂ ᠬᠤᠶᠠᠷ ᠤᠯᠤᠰ᠎ᠤᠨ ᠬᠠᠷᠢᠴᠠᠭ᠋ᠠᠨ᠎ᠤ ᠬᠦᠭᠵᠢᠯᠳᠡ ᠵᠢᠨ ᠵᠦᠪ ᠴᠢᠭᠯᠡᠯ᠎ᠢ ᠯᠠᠪᠳᠠᠭᠤᠨ ᠡᠵᠡᠮᠳᠡᠪᠡᠯ ᠵᠤᠬᠢᠨ᠎ᠠ᠃ ᠳᠤᠮᠳᠠᠳᠤ ᠤᠯᠤᠰ ᠳᠤᠮᠳᠠᠳᠤ ᠠᠮᠸᠷᠢᠺᠠ ᠵᠢᠨ ᠬᠠᠷᠢᠴᠠᠭ᠎ᠠ ᠵᠢ ᠬᠦᠭᠵᠢᠬᠦᠯᠬᠦ᠎ᠪᠠᠷ ᠴᠢᠷᠮᠠᠢ᠌ᠬᠤ ᠵᠢᠨ ᠬᠠᠮᠳᠤ ᠦᠪᠡᠷ᠎ᠤᠨ ᠡᠵᠡᠨ ᠮᠡᠳᠡᠬᠦ ᠠ᠋ᠷᠭᠡ᠂ ᠠᠮᠤᠷ ᠳᠦᠪᠰᠢᠨ ᠪᠤᠯᠤᠨ ᠬᠦᠭᠵᠢᠯᠳᠡ ᠵᠢᠨ ᠠᠰᠢᠭ ᠳᠤᠰᠠ᠎ᠪᠠᠨ ᠠ᠋ᠷᠡᠰ ᠬᠠᠮᠠᠭ᠋ᠠᠯᠠᠨ᠎ᠠ ᠭᠡᠵᠤ ᠢᠯᠡᠷᠭᠡᠢ᠌ᠯᠡᠪᠡ᠃
      ᠸᠠᠩ ᠢ᠂ ᠳᠤᠮᠳᠠᠳᠤ ᠵᠢᠨ ᠳᠤᠮᠳᠠᠳᠤ ᠠᠮᠸᠷᠢᠺᠠ ᠵᠢᠨ ᠠᠵᠤ ᠠᠬᠤᠢ ᠠᠷᠠᠯᠵᠢᠶᠠᠨ᠎ᠤ ᠵᠦᠷᠢᠯᠳᠦᠭᠡᠨ᠂ ᠳᠠᠢ᠌ᠸᠠᠨ ᠪᠠ ᠠ᠋ᠮᠤᠨᠡᠳᠤ ᠳᠠᠯᠠᠢ ᠵᠢᠨ ᠠᠰᠠᠭᠤᠳᠠᠯ ᠵᠡᠷᠭᠡ ᠳᠡᠭᠡᠷᠡᠬᠢ ᠵᠠᠷᠴᠢᠮ ᠵᠤᠭᠰᠤᠯᠳᠠ᠎ᠪᠠᠨ ᠢᠯᠡᠳᠭᠡᠪᠡ᠃ ᠳᠡᠷᠡ᠂ ᠠᠷᠠᠯᠵᠢᠶᠠᠨ᠎ᠤ ᠳᠠᠢ᠌ᠨ ᠠᠰᠠᠭᠤᠳᠠᠯ᠎ᠢ ᠰᠢᠢ᠍ᠳᠪᠤᠷᠢᠯᠡᠵᠤ ᠴᠢᠳᠠᠬᠤ ᠦᠭᠡᠢ᠂ ᠳᠤᠮᠳᠠᠳᠤ ᠵᠢᠨ᠎ᠬᠢᠨ ᠠᠮᠸᠷᠢᠺᠠ ᠵᠢᠨ᠎ᠬᠢᠨ᠎ᠲᠠᠢ ᠵᠦᠪᠳᠡᠯᠴᠡᠵᠤ ᠪᠠᠢ᠌ᠭ᠋ᠠᠳ ᠠᠰᠠᠭᠤᠳᠠᠯ᠎ᠢ ᠰᠢᠢ᠍ᠳᠪᠤᠷᠢᠯᠡᠬᠦ ᠳᠤᠷᠠᠳᠠᠢ᠂ ᠭᠡᠬᠦ᠎ᠳᠤ ᠠ᠋ᠷᠭᠡ ᠳᠡᠭᠰᠢ᠂ ᠭᠤᠤᠯᠴᠢ ᠢᠳᠡᠭᠡᠯ᠎ᠲᠠᠢ ᠴᠢᠩᠭ᠎ᠠ ᠳᠦᠪᠯᠡᠬᠦᠨ ᠪᠠᠢ᠌ᠬᠤ᠎ᠪᠠᠷ ᠰᠠᠭᠤᠷᠢ ᠪᠤᠯᠭ᠋ᠠᠨ᠎ᠠ᠃ ᠳᠤᠮᠳᠠᠳᠤ ᠤᠯᠤᠰ ᠠᠯᠢᠪᠠ ᠤᠯᠤᠰ ᠬᠦᠷᠤᠨ᠎ᠤ ᠦᠪᠡᠷ᠎ᠤᠨ ᠰᠤᠩᠭᠤᠯᠳᠠ ᠵᠢ ᠪᠦᠷᠢᠮᠦᠰᠤᠨ ᠬᠦᠨᠳᠦᠳᠭᠡᠵᠤ᠂ ᠶᠡᠷᠦ᠎ᠠᠴᠠ ᠪᠤᠰᠤᠳ ᠤᠯᠤᠰ᠎ᠤᠨ ᠳᠤᠳᠤᠭ᠋ᠠᠳᠤ ᠶᠠᠪᠤᠳᠠᠯ᠎ᠳᠤ ᠭᠠᠷ ᠳᠦᠷᠦᠳᠡᠭ ᠦᠭᠡᠢ᠂ ᠠ᠋ᠨᠡᠬᠦ ᠶᠠᠪᠤᠳᠠᠯ ᠳᠡᠭᠡᠷ᠎ᠠ ᠪᠢᠳᠠ ᠳᠦᠪ ᠴᠢᠭᠴᠢ ᠪᠠᠢ᠌ᠵᠤ᠂ ᠠ᠋ᠷᠬᠢᠴᠡᠬᠦᠯᠦᠨ ᠪᠤᠳᠤᠪᠠᠰᠤ ᠢᠴᠢᠬᠦᠷᠢ ᠦᠭᠡᠢ ᠶᠤᠮ᠃ ᠳᠤᠮᠳᠠᠳᠤ ᠵᠢᠨ᠎ᠬᠢᠨ ᠠᠮᠸᠷᠢᠺᠠ ᠵᠢᠨ᠎ᠬᠢᠨ᠎ᠢ ᠨᠢᠭᠡ ᠳᠤᠮᠳᠠᠳᠤ ᠤᠯᠤᠰ᠎ᠤᠨ ᠵᠠᠷᠴᠢᠮ ᠪᠤᠯᠤᠨ ᠳᠤᠮᠳᠠᠳᠤ ᠠᠮᠸᠷᠢᠺᠠ ᠵᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡᠨ᠎ᠤ ᠳᠤᠭᠳᠠᠭ᠋ᠠᠯ᠎ᠢ ᠵᠢᠷᠤᠮᠯᠠᠵᠤ᠂ ᠳᠠᠢ᠌ᠸᠠᠨ᠎ᠲᠠᠢ ᠠᠯᠪᠠᠨ ᠳᠠᠯ᠎ᠠ ᠵᠢᠨ ᠬᠠᠷᠢᠯᠴᠠᠭ᠎ᠠ ᠶᠠᠪᠤᠯᠴᠠᠭ᠎ᠠ ᠪᠤᠯᠤᠨ ᠴᠡᠷᠢᠭ᠎ᠤᠨ ᠶᠠᠪᠤᠳᠠᠯ᠎ᠤᠨ ᠬᠠᠷᠢᠯᠴᠠᠭ᠎ᠠ᠎ᠪᠠᠨ ᠵᠤᠭᠰᠤᠭ᠋ᠠᠨ᠂ ᠳᠠᠢ᠌ᠸᠠᠨ᠎ᠳᠤ ᠵᠡᠪᠰᠡᠭ ᠬᠤᠳᠠᠯᠳᠤᠨ ᠦᠭᠬᠦ᠎ᠪᠠᠨ ᠵᠤᠭᠰᠤᠭ᠋ᠠᠵᠤ᠂ ᠳᠤᠮᠳᠠᠳᠤ ᠤᠯᠤᠰ᠎ᠲᠠᠢ ᠨᠢᠭᠡᠨᠳᠡ ᠬᠠᠷᠢᠴᠠᠭ᠎ᠠ ᠪᠠᠢ᠌ᠭᠤᠯᠤᠭᠰᠠᠨ ᠪᠤᠶᠤ ᠬᠠᠷᠢᠴᠠᠭ᠎ᠠ ᠪᠠᠢ᠌ᠭᠤᠯᠬᠤ ᠬᠦᠰᠡᠯ᠎ᠲᠠᠢ ᠤᠯᠤᠰ᠎ᠢ ᠶᠤᠰᠤ ᠪᠤᠰᠤ᠎ᠪᠠᠷ ᠨᠦᠯᠦᠭᠡᠯᠡᠬᠦ᠎ᠪᠠᠨ ᠵᠤᠭᠰᠤᠭ᠋ᠠᠨ᠂ 《ᠳᠠᠢ᠌ᠸᠠᠨ᠎ᠢ ᠳᠤᠰᠠᠭ᠋ᠠᠷᠯᠠᠭᠤᠯᠬᠤ》᠎ᠪᠠᠷ ᠣᠷᠣᠯᠳᠤᠭᠰᠠᠳ᠎ᠢ ᠦᠨᠡᠨᠬᠦ ᠬᠢᠵᠠᠭ᠋ᠠᠷᠯᠠᠵᠤ᠂ ᠪᠤᠳᠠᠳᠤ ᠠᠵᠢᠯᠯᠠᠭ᠎ᠠ᠎ᠪᠠᠷ ᠵᠶ᠋ᠡᠨ ᠳᠤᠮᠳᠠᠳᠤ ᠠᠮᠸᠷᠢᠺᠠ ᠵᠢᠨ ᠬᠠᠷᠢᠴᠠᠭ᠎ᠠ ᠪᠤᠯᠤᠨ ᠳᠠᠢ᠌ᠸᠠᠨ᠎ᠤ ᠳᠠᠢ᠌ᠪᠤᠩ ᠳᠤᠭᠳᠠᠭᠤᠨ ᠬᠦᠭᠵᠢᠯᠳᠡ ᠵᠢ ᠬᠠᠮᠠᠭ᠋ᠠᠯᠠᠬᠤ ᠭᠡᠷᠡᠭᠳᠡᠢ ᠭᠡᠵᠤ ᠴᠢᠬᠤᠯᠠᠴᠢᠯᠠᠪᠠ᠃
      ᠫᠤᠨᠫᠸᠡᠤᠤ᠂ ᠤᠯᠠᠨ ᠠᠰᠠᠭᠤᠳᠠᠯ ᠳᠡᠭᠡᠷ᠎ᠡ ᠠᠮᠸᠷᠢᠺᠠ ᠳᠤᠮᠳᠠᠳᠤ ᠵᠢᠨ ᠦᠵᠡᠯᠳᠡ ᠢᠯᠡᠷᠭᠡᠢ ᠵᠦᠷᠢᠶ᠎ᠠ᠎ᠲᠠᠢ ᠪᠠᠢ᠌ᠨ᠎ᠠ᠂ ᠭᠡᠬᠦ᠎ᠳᠤ ᠠᠮᠸᠷᠢᠺᠠ ᠵᠢᠨ᠎ᠬᠢᠨ ᠳᠤᠮᠳᠠᠳᠤ ᠵᠢᠨ ᠬᠦᠭᠵᠢᠯᠳᠡ ᠵᠢ ᠠ᠋ᠰᠡᠷᠬᠦᠴᠡᠬᠦ ᠦᠭᠡᠢ᠂ ᠳᠤᠮᠳᠠᠳᠤ ᠤᠯᠤᠰ᠎ᠢ ᠬᠤᠷᠢᠵᠤ ᠬᠠᠰᠢᠬᠤ ᠦᠭᠡᠢ᠂ ᠮᠦᠨᠴᠤ ᠳᠤᠮᠳᠠᠳᠤ ᠤᠯᠤᠰ᠎ᠤᠨ ᠳᠦᠷᠦ ᠵᠢᠨ ᠪᠤᠳᠤᠯᠭ᠎ᠠ ᠵᠢ ᠪᠦᠬᠦ ᠳᠠᠯ᠎ᠠ᠎ᠪᠠᠷ ᠬᠢᠵᠠᠭ᠋ᠠᠷᠯᠠᠭᠰᠠᠨ ᠦᠭᠡᠢ᠃ ᠠᠮᠸᠷᠢᠺᠠ ᠳᠤᠮᠳᠠᠳᠤ ᠤᠯᠤᠰ ᠳᠡᠯᠡᠭᠡᠢ ᠳᠡᠭᠡᠷᠡᠬᠢ ᠬᠤᠶᠠᠷ ᠬᠠᠮᠤᠭ᠎ᠤᠨ ᠳᠤᠮᠤ ᠠᠵᠤ ᠠᠬᠤᠢ ᠵᠢᠨ ᠴᠤᠭᠴᠠ ᠪᠠ ᠬᠦᠴᠦᠨ ᠵᠶ᠋ᠡᠷ ᠬᠠᠮᠤᠭ᠎ᠤᠨ ᠴᠢᠩᠭ᠎ᠠ ᠤᠯᠤᠰ ᠪᠤᠯᠤᠭᠰᠠᠨ᠎ᠤ ᠬᠤᠪᠢ᠎ᠳᠤ ᠳᠡᠯᠡᠭᠡᠢ ᠵᠢᠨ ᠠ᠋ᠩᠭᠡ ᠳᠠᠢ᠌ᠪᠤᠩ ᠬᠢᠭᠡᠳ ᠴᠡᠴᠡᠭᠯᠡᠯ ᠬᠦᠭᠵᠢᠯ᠎ᠳᠤ ᠴᠢᠬᠤᠯᠠ ᠶᠡᠭᠡ ᠬᠠᠷᠢᠭᠤᠴᠠᠯᠭ᠎ᠠ᠎ᠲᠠᠢ ᠶᠤᠮ᠃ ᠬᠤᠶᠠᠷ ᠳᠠᠯ᠎ᠠ᠎ᠪᠠᠷ ᠵᠶ᠋ᠡᠨ ᠤᠯᠤᠯᠴᠠᠭ᠎ᠠ᠎ᠪᠠᠨ ᠴᠢᠩᠭ᠋ᠠᠳᠬᠠᠵᠤ᠂ ᠢᠳᠡᠭᠡᠯ ᠵᠶ᠋ᠡᠨ ᠨᠡᠮᠡᠭᠳᠡᠬᠦᠯᠤᠨ᠂ ᠵᠠᠷᠴᠢᠮ ᠳᠦᠷᠢᠮ᠎ᠤᠨ ᠰᠠᠭᠤᠷᠢᠨ ᠳᠡᠭᠡᠷ᠎ᠡ ᠬᠠᠮᠳᠤᠷᠠᠯᠴᠠᠭ᠎ᠠ᠎ᠪᠠᠨ ᠴᠢᠩᠭ᠋ᠠᠳᠬᠠᠪᠠᠯ ᠵᠤᠬᠢᠨ᠎ᠠ᠃ ᠠᠮᠸᠷᠢᠺᠠ ᠵᠢᠨ᠎ᠬᠢᠨ ᠨᠢᠭᠡ ᠳᠤᠮᠳᠠᠳᠤ ᠤᠯᠤᠰ᠎ᠤᠨ ᠳᠦᠷᠦ ᠵᠢᠨ ᠪᠤᠳᠤᠯᠭ᠎ᠠ ᠵᠢ ᠪᠠᠷᠢᠮᠳᠠᠯᠠᠨ᠎ᠠ᠂ ᠴᠢᠬᠤᠯᠠ ᠶᠡᠭᠡ ᠳᠡᠯᠡᠭᠡᠢ ᠵᠢᠨ ᠪᠠ ᠭᠠᠵᠠᠷ ᠤᠷᠤᠨ᠎ᠤ ᠠᠰᠠᠭᠤᠳᠠᠯ ᠳᠡᠭᠡᠷ᠎ᠠ ᠳᠤᠮᠳᠠᠳᠤ ᠵᠢᠨ᠎ᠬᠢᠨ᠎ᠲᠠᠢ ᠤᠯᠤᠯᠴᠠᠭ᠎ᠠ ᠬᠠᠮᠳᠤᠷᠠᠯᠴᠠᠭ᠎ᠠ᠎ᠪᠠᠨ ᠴᠢᠩᠭ᠋ᠠᠳᠬᠠᠬᠤ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠫᠤᠨᠫᠸᠡᠤᠤ᠂ ᠰᠤᠯᠤᠩᠭᠤᠰ᠎ᠲᠤ ᠠᠢ᠌ᠯᠴᠢᠯᠠᠭᠰᠠᠨ ᠪᠠᠢ᠌ᠳᠠᠯ ᠵᠶ᠋ᠡᠨ ᠮᠡᠳᠡᠭᠳᠡᠭᠰᠡᠨ ᠪᠦᠭᠡᠳ ᠠᠮᠸᠷᠢᠺᠠ ᠵᠢᠨ ᠳᠠᠯ᠎ᠠ ᠵᠢᠨ᠎ᠬᠢᠨ ᠳᠤᠮᠳᠠᠳᠤ ᠵᠢᠨ᠎ᠬᠢᠨ᠎ᠤ ᠰᠤᠯᠤᠩᠭᠤᠰ ᠬᠤᠢ᠌ᠭ᠎ᠤᠨ ᠠᠰᠠᠭᠤᠳᠠᠯ ᠳᠡᠭᠡᠷᠡᠬᠢ ᠢᠮᠠᠬᠳᠠ ᠵᠢᠨ ᠵᠤᠬᠰᠤᠯᠳᠠ ᠵᠢᠴᠢ ᠴᠦᠮ᠎ᠠ ᠦᠭᠡᠢ ᠪᠤᠯᠭ᠋ᠠᠬᠤ᠎ᠪᠠᠷ ᠴᠢᠷᠮᠠᠢ᠌ᠭᠰᠠᠨ᠎ᠢ ᠪᠢᠰᠢᠷᠡᠨ ᠰᠠᠢ᠌ᠰᠢᠶᠠᠵᠤ ᠪᠠᠢ᠌ᠨ᠎ᠠ᠂ ᠳᠤᠮᠳᠠᠳᠤ ᠵᠢᠨ ᠳᠠᠯ᠎ᠠ ᠵᠢᠨ᠎ᠬᠢᠨ᠎ᠲᠠᠢ ᠬᠠᠮᠳᠤᠷᠠᠯᠴᠠᠬᠤ᠎ᠪᠠᠨ ᠦᠷᠬᠦᠯᠵᠢᠯᠡᠨ ᠴᠢᠩᠭ᠋ᠠᠳᠬᠠᠬᠤ ᠵᠢ ᠬᠦᠰᠡᠨ᠎ᠠ ᠭᠡᠵᠤ ᠢᠯᠡᠷᠭᠡᠢ᠌ᠯᠡᠪᠡ᠃ ᠸᠠᠩ ᠢ᠂ ᠳᠤᠮᠳᠠᠳᠤ ᠵᠢᠨ᠎ᠬᠢᠨ ᠰᠤᠯᠤᠩᠭᠤᠰ ᠬᠤᠢ᠌ᠭ᠎ᠲᠤ ᠴᠦᠮ᠎ᠠ ᠦᠭᠡᠢ ᠪᠤᠯᠭ᠋ᠠᠬᠤ ᠵᠢᠴᠢ ᠳᠠᠢ᠌ᠪᠤᠩ ᠳᠤᠭᠳᠠᠭᠤᠨ ᠪᠤᠯᠭ᠋ᠠᠬᠤ᠎ᠪᠠᠷ ᠴᠢᠷᠮᠠᠢ᠌ᠬᠰᠠᠨ ᠵᠶ᠋ᠡᠨ ᠳᠠᠨᠢᠯᠴᠠᠭᠤᠯᠬᠤ ᠵᠢᠨ ᠬᠠᠮᠳᠤ ᠳᠤᠮᠳᠠᠳᠤ ᠵᠢᠨ᠎ᠬᠢᠨ᠎ᠤ ᠵᠤᠭᠰᠤᠯᠳᠠ ᠢᠯᠡ ᠳᠤᠳᠤ ᠮᠦᠷᠳᠡᠭᠡᠨ ᠬᠡᠵᠢᠶᠡᠳᠡ ᠬᠤᠪᠢᠷᠠᠬᠤ ᠦᠭᠡᠢ ᠶᠤᠮ᠃ ᠠᠮᠸᠷᠢᠺᠠ ᠵᠢᠨ᠎ᠬᠢᠨ ᠰᠤᠯᠤᠩᠭᠤᠰ᠎ᠤᠨ ᠳᠠᠯ᠎ᠠ ᠵᠢᠨ ᠠᠮᠤᠷ ᠳᠦᠪᠰᠢᠨ ᠪᠤᠯᠤᠨ ᠬᠦᠭᠵᠢᠯᠳᠡ ᠵᠢᠨ ᠳᠠᠯ᠎ᠠ᠎ᠪᠠᠷ᠎ᠬᠢ ᠵᠦᠢ ᠵᠤᠬᠢᠰᠳᠠᠢ ᠱᠠᠭ᠋ᠠᠷᠳᠠᠯᠭ᠎ᠠ ᠵᠢ ᠬᠦᠨᠳᠦᠳᠭᠡᠬᠦ ᠮᠦᠷᠳᠡᠭᠡᠨ ᠢᠳᠡᠪᠬᠢᠳᠠᠢ ᠬᠠᠷᠢᠭᠤ ᠦᠭᠪᠡᠯ ᠵᠤᠬᠢᠨ᠎ᠠ᠃ ᠳᠤᠮᠳᠠᠳᠤ ᠵᠢᠨ᠎ᠬᠢᠨ ᠠᠮᠸᠷᠢᠺᠠ ᠰᠤᠯᠤᠩᠭᠤᠰ ᠰᠢᠭᠤᠳ ᠶᠠᠷᠢᠯᠴᠠᠵᠤ ᠵᠦᠪᠳᠡᠬᠦ ᠵᠢ ᠳᠡᠮᠵᠢᠵᠤ᠂ ᠬᠠᠷᠢᠯᠴᠠᠨ ᠬᠦᠨᠳᠦᠳᠭᠡᠵᠤ ᠬᠠᠷᠠᠭ᠋ᠠᠯᠵᠠᠬᠤ ᠰᠠᠭᠤᠷᠢᠨ ᠳᠡᠭᠡᠷ᠎ᠡ ᠳᠤᠮᠳᠠᠳᠤ ᠤᠯᠤᠰ ᠦᠪᠡᠷ᠎ᠤᠨ ᠤᠨᠴᠠᠯᠢᠭᠳᠤ ᠴᠢᠬᠤᠯᠠ ᠦᠢ᠍ᠯᠡᠳᠤᠯ ᠵᠶ᠋ᠡᠨ ᠦᠷᠬᠦᠯᠵᠢᠯᠡᠨ ᠪᠠᠳᠠᠷᠠᠭᠤᠯᠤᠨ᠎ᠠ ᠭᠡᠵᠤ ᠴᠢᠬᠤᠯᠠᠴᠢᠯᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠪᠤᠯᠤᠨ ᠯᠢ ᠰᠢᠶᠠᠨ ᠯᠦᠩ ᠬᠠᠷᠢᠯᠴᠠᠨ ᠪᠠᠶᠠᠷ᠎ᠤᠨ ᠴᠠᠬᠢᠯᠭ᠋ᠠᠨ ᠮᠡᠳᠡᠭᠡ ᠢᠯᠡᠭᠡᠵᠤ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠪᠠᠢ᠌ᠭᠤᠯᠤᠭᠰᠠᠨ 15 ᠵᠢᠯ᠎ᠤᠨ ᠤᠢ ᠵᠢ ᠪᠡᠯᠭᠡᠯᠡᠪᠡ
ᠵᠤᠤ ᠺᠸ ᡁᠢ ᠠ᠋ᠾᠸᠨᠠᠨ᠎ᠳᠤ ᠬᠦᠷᠴᠤ ᠤᠯᠤᠰ᠎ᠤᠨ ᠪᠠᠶᠠᠷ᠎ᠤᠨ ᠬᠤᠭᠤᠴᠠᠭ᠋ᠠᠨ᠎ᠤ ᠠᠮᠤᠷ ᠳᠦᠪᠰᠢᠨ᠎ᠤ ᠠᠵᠢᠯ᠎ᠢ ᠪᠠᠢ᠌ᠴᠠᠭ᠋ᠠᠨ ᠵᠢᠯᠤᠭᠤᠳᠪᠠ
ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠵᠶ᠋ᠡᠷ ᠭᠠᠢ᠌ᠯᠢ ᠪᠤᠴᠠᠭ᠋ᠠᠬᠤ ᠵᠢ ᠳᠦᠷᠭᠡᠳᠭᠡᠬᠦ ᠪᠠ ᠳᠦᠬᠦᠮ ᠪᠦᠳᠦᠴᠡᠳᠤ ᠭᠡᠷ ᠤᠷᠤᠨ᠎ᠢ ᠦᠭᠡᠷᠡᠴᠢᠯᠠᠨ ᠰᠠᠢ᠌ᠵᠢᠷᠠᠭᠤᠯᠬᠤ ᠵᠢ ᠳᠦᠷᠭᠡᠨ ᠠᠬᠢᠭᠤᠯᠬᠤ᠎ᠪᠠᠷ ᠳᠤᠭᠳᠠᠭ᠋ᠠᠵᠠᠢ
ᠸᠠᠩ ᠢ᠄ ᠬᠠᠮᠳᠤᠷᠠᠯᠴᠠᠨ ᠬᠠᠮᠳᠤᠪᠠᠷ ᠠᠰᠢᠭ ᠤᠯᠬᠤ ᠵᠦᠪ ᠵᠠᠮ᠎ᠢ ᠪᠠᠷᠢᠮᠳᠠᠯᠠᠨ ᠮᠦᠷᠬᠦᠯᠳᠦᠵᠤ ᠠ᠋ᠰᠡᠷᠬᠦᠴᠡᠯᠳᠦᠬᠦ ᠭᠠᠵᠢᠭᠤ ᠵᠠᠮ᠎ᠳᠤ ᠤᠷᠤᠬᠤ ᠦᠭᠡᠢ ᠪᠡᠢ᠌ᠬᠤ ᠭᠡᠷᠡᠭᠳᠡᠢ
ᠯᠢ ᠺᠸ ᠴᠢᠶᠠᠩ 8 ᠠ᠋ᠳᠤᠷ᠎ᠤᠨ ᠳᠤᠳᠤᠷ᠎ᠠ ᠭᠠᠳᠠᠭ᠋ᠠᠳᠤ ᠠᠷᠠᠯᠵᠢᠶ᠎ᠠ ᠵᠢ ᠨᠡᠮᠡᠭᠳᠡᠬᠦᠯᠬᠦ ᠪᠡ ᠪᠤᠭᠤᠮᠳᠠ ᠦᠩᠭᠡᠷᠡᠬᠦ ᠵᠢ ᠳᠦᠬᠦᠮᠴᠢᠯᠠᠬᠦ ᠠᠵᠢᠯ᠎ᠢ ᠬᠤᠶᠠᠷᠳᠠ ᠪᠠᠢ᠌ᠷᠢᠯᠠᠭᠤᠯᠪᠠ
 
            