ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠬᠢᠵᠤ ᠬᠤᠶᠠᠷ ᠶᠡᠭᠡ ᠤᠴᠢᠷ᠎ᠢ ᠵᠦᠪᠳᠡᠨ ᠳᠤᠭᠳᠠᠭ᠋ᠠᠵᠠᠢ᠃
ᠳᠦᠪ᠎ᠤᠨ ᠳᠦᠰᠦᠪ᠎ᠤᠨ ᠭᠡᠷᠡᠭᠵᠢᠬᠦᠯᠦᠯᠳᠡ ᠪᠡ ᠪᠤᠰᠤᠳ ᠠ᠋ᠳ᠋᠎ᠤᠨ ᠵᠠᠰᠠᠭ᠎ᠤᠨ ᠤᠷᠤᠯᠭ᠎ᠠ ᠵᠠᠷᠤᠯᠭ᠎ᠠ᠎ᠳᠤ
ᠬᠢᠨᠠᠨ ᠪᠤᠳᠤᠯᠳᠠ ᠬᠢᠵᠤ ᠪᠠᠢ᠌ᠴᠠᠭ᠋ᠠᠨ ᠭᠠᠷᠭ᠋ᠠᠭᠰᠠᠨ ᠠᠰᠠᠭᠤᠳᠠᠯ᠎ᠢ ᠵᠠᠰᠠᠨ ᠴᠡᠭᠴᠡᠯᠠᠵᠤ᠂ ᠢᠳᠡᠪᠬᠢᠳᠡᠢ
ᠠ᠋ᠳ᠋᠎ᠤᠨ ᠵᠠᠰᠠᠭ᠎ᠤᠨ ᠳᠦᠷᠦ ᠵᠢᠨ ᠪᠤᠳᠤᠯᠭ᠎ᠠ ᠵᠢᠨ ᠦᠢ᠍ᠯᠡᠳᠤᠯ᠎ᠢ ᠪᠠᠳᠠᠷᠠᠭᠤᠯᠬᠤ ᠵᠢ ᠪᠠᠢ᠌ᠷᠢᠯᠠᠭᠤᠯᠪᠠ
ᠬᠤᠷᠠᠯ᠎ᠠᠴᠠ 2017 ᠤᠨ᠎ᠤ ᠳᠦᠪ᠎ᠤᠨ ᠳᠦᠰᠦᠪ᠎ᠤᠨ ᠭᠡᠷᠡᠭᠵᠢᠬᠦᠯᠦᠯᠳᠡ ᠪᠡ ᠪᠤᠰᠤᠳ ᠠ᠋ᠳ᠋᠎ᠤᠨ ᠵᠠᠰᠠᠭ᠎ᠤᠨ ᠤᠷᠤᠯᠭ᠎ᠠ ᠵᠠᠷᠤᠯᠭ᠎ᠠ᠎ᠳᠤ ᠬᠢᠨᠠᠨ ᠪᠤᠳᠤᠯᠳᠠ ᠬᠢᠵᠤ᠂ ᠪᠠᠢ᠌ᠴᠠᠭ᠋ᠠᠵᠤ ᠭᠠᠷᠭ᠋ᠠᠭᠰᠠᠨ ᠠᠰᠠᠭᠤᠳᠠᠯ᠎ᠢ ᠳᠠᠷᠤᠢ ᠳᠦᠷᠭᠡᠨ ᠵᠠᠰᠠᠨ ᠴᠡᠭᠴᠡᠯᠡᠬᠦ ᠭᠡᠷᠡᠭᠳᠡᠢ ᠭᠡᠵᠤ ᠱᠠᠭ᠋ᠠᠷᠳᠠᠵᠠᠢ᠃
1. ᠬᠤᠯᠪᠤᠭᠳᠠᠯ ᠪᠦᠬᠦᠢ ᠰᠠᠯᠠᠭ᠎ᠠ ᠮᠦᠴᠢᠷ᠂ ᠨᠢᠭᠡᠴᠢ ᠪᠤᠯᠤᠨ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠨᠢᠭᠡᠳᠦᠭᠡᠷ ᠬᠠᠷᠢᠭᠤᠴᠠᠯᠭ᠎ᠠ ᠵᠢ ᠦᠨᠡᠨᠬᠦ ᠠ᠋ᠬᠦᠷᠭᠡᠯᠡᠵᠤ᠂ ᠪᠠᠢ᠌ᠴᠠᠭ᠋ᠠᠨ ᠭᠠᠷᠭ᠋ᠠᠭᠰᠠᠨ ᠠᠰᠠᠭᠤᠳᠠᠯ᠎ᠳᠤ ᠠ᠋ᠭᠡ ᠳᠠᠩᠰᠠ ᠪᠠᠢ᠌ᠭᠤᠯᠤᠨ᠂ ᠵᠠᠰᠠᠨ ᠴᠡᠭᠴᠡᠯᠡᠬᠦ ᠴᠠᠭ ᠬᠤᠭᠤᠴᠠᠭ᠎ᠠ ᠵᠢ ᠳᠤᠳᠤᠷᠬᠠᠢ᠌ᠯᠠᠵᠤ᠂ ᠤᠯᠠᠨᠳᠠ ᠵᠠᠰᠠᠪᠠᠴᠤ ᠦᠯᠦ ᠵᠠᠰᠠᠷᠠᠬᠤ ᠠᠰᠠᠭᠤᠳᠠᠯ᠎ᠢ ᠳᠦᠪᠯᠡᠷᠡᠬᠦᠯᠦᠨ ᠵᠠᠰᠠᠵᠤ ᠴᠡᠭᠴᠡᠯᠠᠨ᠂ ᠳᠤᠤᠱᠳᠠᠢ ᠰᠢᠢ᠍ᠳᠪᠤᠷᠢᠯᠡᠬᠦ ᠵᠢ ᠪᠠᠳᠤᠯᠠᠬᠤ ᠭᠡᠷᠡᠭᠳᠡᠢ᠃ ᠵᠠᠰᠠᠨ ᠴᠡᠭᠴᠡᠯᠡᠭᠰᠡᠨ ᠳ᠋ᠦᠩ ᠵᠶ᠋ᠡᠨ 10 ᠳ᠋ᠤᠭ᠋ᠠᠷ ᠰᠠᠷ᠎ᠠ ᠵᠢᠨ ᠰᠡᠬᠦᠯᠴᠢ᠎ᠠᠴᠠ ᠠ᠋ᠮᠤᠨ᠎ᠠ ᠳᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠬᠦᠯᠵᠤ᠂ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠳᠤ ᠮᠡᠳᠡᠬᠦᠯᠦᠭᠰᠡᠨᠤ ᠳᠠᠷᠠᠭ᠎ᠠ ᠨᠡᠢ᠌ᠭᠡᠮ᠎ᠳᠤ ᠢᠯᠡ᠎ᠪᠠᠷ ᠨᠡᠢ᠌ᠳᠡᠯᠡᠬᠦ ᠭᠡᠷᠡᠭᠳᠡᠢ᠃
2. ᠠ᠋ᠳ᠋᠎ᠤᠨ ᠵᠠᠰᠠᠭ᠎ᠤᠨ ᠪᠡᠯᠡ ᠮᠦᠩᠬᠦ ᠵᠢ ᠭᠠᠷᠭ᠋ᠠᠨ ᠦᠭᠬᠦ ᠵᠢ ᠳᠦᠷᠭᠡᠳᠭᠡᠨ᠂ ᠶᠡᠭᠡ ᠭᠡᠮᠵᠢᠶᠡᠨ᠎ᠤ ᠪᠡᠯᠡ ᠮᠦᠩᠬᠦ ᠵᠢ ᠰᠡᠯᠡᠬᠦᠤ ᠳᠠᠯᠪᠢᠬᠤ᠂ ᠳᠦᠰᠦᠪ᠎ᠤᠨ ᠪᠡᠯᠡ ᠮᠦᠩᠬᠦ ᠵᠢᠨ ᠪᠠᠭᠤᠯᠭ᠋ᠠᠬᠤ᠎ᠨᠢ ᠤᠳᠠᠭ᠋ᠠᠨ᠂ ᠳᠦᠰᠦᠪ᠎ᠤᠨ ᠦᠷ᠎ᠠ ᠪᠦᠳᠦᠮᠵᠢ ᠵᠢᠨ ᠦᠨᠡᠯᠡᠯᠳᠡ ᠵᠢ ᠨᠠᠢ᠌ᠳᠠᠪᠤᠷᠢᠵᠢᠭᠤᠯᠬᠤ᠎ᠪᠠᠷ ᠳᠤᠳᠠᠮᠠᠭ ᠪᠠ ᠠ᠋ᠳ᠋᠎ᠤᠨ ᠵᠠᠰᠠᠭ᠎ᠤᠨ ᠪᠡᠯᠡ ᠮᠦᠩᠬᠦ ᠵᠢ ᠰᠢᠬᠠᠵᠤ ᠠᠪᠬᠤ ᠨᠡᠬᠦᠯᠭᠡᠨ ᠭᠡᠷᠡᠭᠯᠡᠬᠦ ᠵᠡᠷᠭᠡ ᠠᠰᠠᠭᠤᠳᠠᠯ᠎ᠢ ᠴᠢᠷᠮᠠᠢ᠌ᠨ ᠰᠢᠢ᠍ᠳᠪᠤᠷᠢᠡᠯᠬᠦ ᠭᠡᠷᠡᠭᠳᠡᠢ᠃
3. ᠠ᠋ᠳ᠋᠎ᠤᠨ ᠵᠠᠰᠠᠭ᠎ᠤᠨ ᠤᠷᠤᠯᠭ᠎ᠠ ᠵᠠᠷᠤᠯᠭ᠎ᠠ ᠵᠢᠨ ᠪᠦᠳᠦᠴᠡ ᠵᠢ ᠤᠯᠠᠮ ᠵᠶ᠋ᠡᠷ ᠰᠢᠯᠢᠳᠡᠭᠵᠢᠬᠦᠯᠵᠤ᠂ ᠠ᠋ᠳ᠋᠎ᠤᠨ ᠵᠠᠰᠠᠭ᠎ᠤᠨ ᠪᠡᠯᠡ ᠮᠦᠩᠬᠦᠨ᠎ᠤ ᠤᠷᠤᠨ ᠨᠤᠳᠤᠭ᠎ᠠᠴᠠ ᠨᠢᠭᠡᠳᠤᠯᠳᠠᠢ ᠳᠤᠬᠢᠷᠠᠭᠤᠯᠬᠤ ᠬᠠᠷᠢᠴᠠᠯ᠎ᠢ ᠨᠡᠮᠡᠭᠳᠡᠬᠦᠯᠬᠦ ᠭᠡᠷᠡᠭᠳᠡᠢ᠃ ᠳᠦᠰᠦᠪ᠎ᠤᠨ ᠰᠠᠬᠢᠮᠵᠢ᠂ ᠰᠢᠯᠵᠢᠬᠦᠯᠦᠨ ᠦᠭᠬᠦ᠂ ᠤᠯᠤᠰ᠎ᠤᠨ ᠠ᠋ᠳ᠋ ᠬᠦᠷᠦᠩᠭᠡ ᠵᠢᠨ ᠬᠢᠨᠠᠨ ᠬᠠᠮᠢᠶᠠᠷᠤᠯᠳᠠ ᠵᠡᠷᠭᠡ ᠳᠦᠷᠢᠮ ᠳᠤᠭᠳᠠᠭ᠋ᠠᠯ᠎ᠢ ᠳᠡᠬᠦᠯᠳᠡᠷᠵᠢᠬᠦᠯᠬᠦ ᠭᠡᠷᠡᠭᠳᠡᠢ᠃
ᠬᠤᠷᠠᠯ᠎ᠠᠴᠠ ᠬᠢᠨᠠᠨ ᠪᠤᠳᠤᠵᠤ ᠪᠠᠢ᠌ᠴᠠᠭ᠋ᠠᠨ ᠭᠠᠷᠭ᠋ᠠᠭᠰᠠᠨ ᠠᠰᠠᠭᠤᠳᠠᠯ᠎ᠢ ᠵᠠᠰᠠᠨ ᠴᠡᠭᠴᠡᠯᠡᠬᠦ ᠠᠵᠢᠯ᠎ᠢ ᠰᠢᠪᠠᠳᠠᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠳᠤᠷ᠎ᠠ᠎ᠪᠠᠷ ᠦᠢ᠍ᠯᠡᠳᠦᠭᠰᠡᠳᠢ ᠳᠤᠷᠭ᠋ᠠᠨ ᠵᠠᠯᠬᠠᠭ᠋ᠠᠬᠤ ᠵᠢᠨ ᠬᠠᠮᠳᠤ ᠠ᠋ᠰᠡ ᠦᠢ᠍ᠯᠡᠳᠦᠭᠰᠡᠳᠲᠤ ᠬᠠᠷᠢᠭᠤᠴᠠᠯᠭ᠎ᠠ ᠳᠤᠯᠭ᠋ᠠᠨ᠂ ᠵᠤᠷᠢᠭᠳᠠᠢ᠎ᠪᠠᠷ ᠠᠵᠢᠯᠯᠠᠭᠰᠠᠳ᠎ᠢ ᠵᠤᠷᠢᠭᠵᠢᠭᠤᠯᠵᠤ᠂ ᠵᠠᠰᠠᠨ ᠴᠡᠭᠴᠡᠯᠡᠭᠰᠡᠨ ᠪᠤᠳᠠᠳᠤ ᠦᠷ᠎ᠡ ᠪᠦᠳᠦᠮᠵᠢ᠎ᠪᠠᠷ ᠠᠵᠤ ᠠᠬᠤᠢ ᠵᠢᠨ ᠦᠷᠬᠦᠯᠵᠢᠯᠡᠭᠰᠡᠨ ᠳᠤᠭᠳᠠᠭᠤᠨ ᠬᠦᠭᠵᠢᠯᠳᠡ ᠪᠤᠯᠤᠨ ᠠᠷᠠᠳ᠎ᠤᠨ ᠠᠮᠢᠳᠤᠷᠠᠯ᠎ᠤᠨ ᠳᠡᠭᠡᠭᠰᠢᠯᠡᠯᠳᠡ ᠵᠢ ᠠᠬᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃
ᠨᠢᠭᠡ ᠪᠦᠯᠦᠭ ᠬᠢᠯᠢ ᠠᠯᠤᠰᠯᠠᠭᠰᠠᠨ ᠠ᠋ᠯᠸᠺᠲᠷᠦᠨ ᠬᠤᠳᠠᠯᠳᠤᠭ᠋ᠠᠨ᠎ᠤ ᠶᠡᠷᠦᠩᠭᠡᠢ᠌ᠯᠡᠭᠰᠡᠨ ᠳᠤᠷᠰᠢᠯᠳᠠ ᠵᠢᠨ
ᠳᠤᠭᠤᠷᠢᠭ᠎ᠢ ᠰᠢᠨ᠎ᠠ᠎ᠪᠠᠷ ᠪᠠᠢ᠌ᠭᠤᠯᠤᠨ ᠴᠢᠯᠦᠭᠡᠳᠡᠢ ᠶᠠᠪᠤᠯᠴᠠᠬᠤ ᠪᠡ ᠭᠠᠳᠠᠭ᠋ᠠᠳᠤ ᠠᠷᠠᠯᠵᠢᠶᠠᠨ᠎ᠤ
ᠭᠡᠯᠪᠡᠷᠢ ᠵᠢ ᠬᠤᠪᠢᠷᠠᠭᠤᠯᠤᠨ ᠳᠡᠰ ᠳᠡᠪᠰᠢᠬᠦᠯᠬᠦ ᠵᠢ ᠦᠷᠬᠦᠯᠵᠢᠯᠡᠨ ᠠᠬᠢᠭᠤᠯᠬᠤ᠎ᠪᠠᠷ ᠳᠤᠭᠳᠠᠭ᠋ᠠᠪᠠ
ᠬᠤᠷᠠᠯ᠎ᠠᠴᠠ ᠬᠢᠯᠢ ᠠᠯᠤᠰᠯᠠᠭᠰᠠᠨ ᠠ᠋ᠯᠸᠺᠲᠷᠦᠨ ᠬᠤᠳᠠᠯᠳᠤᠭ᠋ᠠᠨ᠎ᠤ ᠬᠦᠭᠵᠢᠯᠳᠡ ᠵᠢ ᠠᠬᠢᠭᠤᠯᠤᠨ᠂ ᠠ᠋ᠯᠸᠺᠲᠷᠤᠨ ᠬᠤᠳᠠᠯᠳᠤᠭ᠎ᠠ ᠵᠢ ᠬᠦᠭᠵᠢᠬᠦᠯᠬᠦ ᠰᠠᠭᠤᠷᠢ ᠨᠦᠬᠦᠴᠡᠯ ᠰᠠᠢ᠌ᠨ᠂ ᠭᠠᠳᠠᠭ᠋ᠠᠳᠤ᠎ᠳᠤ ᠭᠠᠷᠭ᠋ᠠᠵᠤ ᠭᠠᠳᠠᠭ᠋ᠠᠳᠤ᠎ᠠᠴᠠ ᠤᠷᠤᠭᠤᠯᠬᠤ ᠵᠢ ᠬᠦᠭᠵᠢᠬᠦᠯᠬᠦ ᠳᠠᠯᠳᠠ ᠬᠦᠴᠤᠨ᠎ᠲᠠᠢ ᠭᠠᠵᠠᠷ ᠤᠷᠤᠨ᠎ᠢ ᠰᠤᠩᠭᠤᠨ ᠬᠦᠭᠵᠢᠬᠦᠯᠬᠦ ᠵᠢᠨ ᠬᠠᠮᠳᠤ ᠳᠤᠮᠳᠠ ᠪᠠᠷᠠᠭᠤᠨ ᠪᠡᠶ᠎ᠡ ᠵᠢᠨ ᠤᠷᠤᠨ ᠪᠤᠯᠤᠨ ᠵᠡᠬᠦᠨ ᠬᠤᠢ᠌ᠳᠤ ᠤᠷᠤᠨ ᠳᠡᠰ᠎ᠢ ᠭᠡᠯᠪᠡᠢ᠌ᠵᠤ᠂ ᠪᠡᠭᠡᠵᠢᠩ᠂ ᠬᠦᠬᠡᠬᠤᠳᠠ᠂ ᠮᠦᠭᠳᠡᠨ᠂ ᠴᠠᠩᠴᠦᠢ᠍ᠨ᠂ ᠬᠠᠷᠪᠢᠨ᠂ ᠨᠠᠨᠵᠢᠩ᠂ ᠨᠠᠨᠴᠠᠩ᠂ ᠦᠬᠠᠨ᠂ ᠴᠠᠩᠱ᠌ᠠ᠂ ᠨᠠᠨᠨᠢᠩ᠂ ᠬᠠᠢ᠌ᠺᠸᠤ᠂ ᠬᠦᠢ᠍ᠶᠠᠩ᠂ ᠺᠦᠨᠮᠢᠩ᠂ ᠰᠢ ᠠᠨ᠂ ᠯᠠᠨᠵᠸᠤ᠂ ᠰᠢᠶᠠᠮᠸᠨ᠂ ᠳᠠᠩᠱ᠌ᠠᠨ᠂ ᠡᠤ ᠰᠢ᠂ ᠸᠸᠢᠬᠠᠢ᠂ ᠵᠦᠬᠠᠢ᠂ ᠳ᠋ᠦᠩ ᠭᠤᠸᠠᠨ᠂ ᠢ ᠡᠣ ᠵᠡᠷᠭᠡ 22 ᠬᠤᠳᠠ᠎ᠳᠤ ᠰᠢᠨ᠎ᠠ᠎ᠪᠠᠷ ᠨᠢᠭᠡ ᠪᠦᠯᠦᠭ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠋ᠠᠨ᠎ᠤ ᠶᠡᠷᠦᠩᠭᠡᠢ᠌ᠯᠡᠭᠰᠡᠨ ᠳᠤᠷᠰᠢᠯᠳᠠ ᠵᠢᠨ ᠳᠤᠭᠤᠷᠢᠭ ᠭᠠᠷᠭ᠋ᠠᠬᠤ᠎ᠪᠠᠷ ᠳᠤᠭᠳᠠᠪᠠ᠃
ᠬᠤᠷᠠᠯ᠎ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠬᠤᠳᠠ ᠵᠢᠨ ᠵᠠᠰᠠᠭ᠎ᠤᠨ ᠤᠷᠳᠤᠨ ᠭᠠᠳᠠᠭ᠋ᠠᠳᠤ ᠠᠷᠠᠯᠵᠢᠶᠠᠨ᠎ᠤ ᠬᠦᠷᠢᠶ᠎ᠠ ᠴᠠᠷᠠᠭ᠎ᠠ ᠵᠢᠨ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠤ᠂ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠎ᠠ᠎ᠪᠠᠷ ᠰᠢᠪᠳᠤᠯᠤᠯᠳᠠ ᠪᠤᠯᠭ᠋ᠠᠨ᠂ ᠠ᠋ᠳ᠋ ᠪᠠᠷᠠᠭ᠋ᠠᠨ᠎ᠤ ᠬᠦᠢ᠍ᠯᠭᠡᠭᠡᠨ᠂ ᠬᠠᠳᠠᠭ᠋ᠠᠯᠠᠵᠤ ᠬᠦᠮᠦᠷᠭᠡᠯᠡᠬᠦ᠂ ᠪᠤᠭᠤᠮᠳᠠ ᠦᠩᠭᠡᠷᠡᠬᠦ ᠵᠡᠷᠭᠡ ᠳᠡᠯ᠎ᠡ ᠵᠢᠨ ᠶᠠᠪᠤᠴᠠ ᠵᠢ ᠤᠯᠠᠮ ᠵᠶ᠋ᠡᠷ ᠳᠦᠬᠦᠮᠴᠢᠯᠠᠵᠤ᠂ ᠬᠢᠨᠠᠨ ᠵᠦᠪᠰᠢᠶᠡᠷᠡᠬᠦ ᠵᠢ ᠴᠤᠮᠬᠠᠳᠬᠠᠬᠤ᠂ ᠪᠤᠭᠤᠮᠳᠠ ᠦᠩᠭᠡᠷᠡᠬᠦ ᠵᠢ ᠨᠢᠭᠡ ᠴᠤᠭᠴᠠᠵᠢᠭᠤᠯᠬᠤ᠂ ᠮᠡᠳᠡᠭᠡ ᠵᠠᠩᠬᠢ ᠵᠢ ᠬᠠᠮᠳᠤ᠎ᠪᠠᠷ ᠠ᠋ᠳ᠋ᠯᠡᠬᠦ ᠵᠡᠷᠭᠡ᠎ᠳᠤ ᠵᠤᠬᠢᠴᠠᠭᠰᠠᠨ ᠳᠦᠷᠦ ᠵᠢᠨ ᠪᠤᠳᠤᠯᠭ᠎ᠠ ᠵᠢ ᠳᠡᠬᠦᠯᠳᠡᠷᠵᠢᠬᠦᠯᠦᠨ᠂ ᠠᠭᠤᠵᠢᠭᠤ ᠪᠠᠭᠳᠠᠭ᠋ᠠᠮᠵᠢ᠎ᠲᠠᠢ ᠦᠷ᠎ᠡ ᠪᠦᠳᠦᠮᠵᠢ᠎ᠲᠠᠢ ᠬᠢᠨᠠᠨ ᠬᠠᠮᠢᠶᠠᠷᠤᠯᠳᠠ ᠵᠢᠨ ᠰᠢᠨᠡᠴᠢᠯᠡᠯᠲᠡ ᠵᠢ ᠠᠬᠢᠭᠤᠯᠵᠤ᠂ ᠤᠯᠠᠨ ᠤᠯᠤᠰ᠎ᠤᠨ ᠠᠷᠠᠯᠵᠢᠶᠠᠨ᠎ᠤ ᠴᠢᠯᠦᠭᠡᠵᠢᠯᠳᠡ᠂ ᠳᠦᠬᠦᠮᠵᠢᠯᠳᠡ ᠵᠢᠨ ᠰᠢᠨᠡᠴᠢᠯᠡᠬᠦ ᠵᠢ ᠠᠬᠢᠭᠤᠯᠬᠤ ᠭᠡᠷᠡᠭᠳᠡᠢ᠃ ᠭᠠᠳᠠᠭ᠋ᠠᠳᠤ ᠵᠢᠨ ᠦᠷᠢᠰᠦᠯᠳᠦᠬᠦ ᠬᠦᠴᠦᠨ ᠵᠶ᠋ᠡᠷ ᠴᠢᠩᠭ᠎ᠠ ᠦᠢ᠍ᠯᠡᠳᠬᠦᠨ᠎ᠢ ᠤᠷᠤᠭᠤᠯᠤᠨ ᠠᠪᠴᠢᠷᠠᠬᠤ ᠭᠡᠮᠵᠢᠶ᠎ᠡ ᠵᠢ ᠨᠡᠮᠡᠭᠳᠡᠬᠦᠯᠦᠨ᠂ ᠠᠵᠤ ᠠᠬᠤᠢ᠌ᠯᠠᠯ᠎ᠤᠨ 《ᠭᠠᠳᠠᠭ᠋ᠠᠳᠤ ᠵᠢᠨ ᠦᠢ᠍ᠯᠡᠳᠬᠦᠨ᠎ᠤ ᠬᠦᠮᠦᠷᠭᠡ》 ᠪᠠᠢ᠌ᠭᠤᠯᠬᠤ ᠪᠠ ᠳᠡᠯᠡᠭᠡᠢ ᠵᠢᠨ ᠭᠡᠪᠴᠢᠶᠠᠨ᠎ᠳᠤ ᠡᠵᠡᠩᠨᠡᠯᠳᠡ ᠪᠤᠷᠤᠯᠠᠭᠤᠯᠤᠯᠳᠠ ᠵᠢᠨ ᠳᠤᠤᠷ ᠰᠦᠯᠵᠢᠶ᠎ᠠ ᠪᠠᠢ᠌ᠭᠤᠯᠬᠤ ᠵᠢ ᠵᠤᠷᠢᠭᠵᠢᠭᠤᠯᠵᠤ᠂ ᠬᠢᠯᠢ ᠠᠯᠤᠰᠯᠠᠭᠰᠠᠨ ᠬᠤᠳᠠᠯᠳᠤᠭ᠋ᠠᠨ᠎ᠤ ᠨᠡᠷᠡᠳᠤ ᠳᠡᠮᠳᠡᠭ᠎ᠢ ᠠ᠋ᠬᠦᠳᠤᠨ᠂ ᠤᠯᠠᠨ ᠠ᠋ᠰᠢᠵᠢᠭ᠌ᠰᠡᠨ ᠵᠠᠬ᠎ᠠ ᠳᠡᠯᠭᠡᠬᠦᠷ᠎ᠢ ᠢᠳᠡᠪᠬᠢᠳᠡᠢ ᠨᠡᠭᠡᠭᠡᠨ᠂ ᠭᠠᠳᠠᠭ᠋ᠠᠳᠤ ᠠᠷᠠᠯᠵᠢᠶᠠᠨ᠎ᠤ ᠳᠤᠭᠳᠠᠭᠤᠨ ᠬᠦᠭᠵᠢᠯᠳᠡ ᠵᠢ ᠠᠬᠢᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠬᠦᠷ᠎ᠤᠨ ᠦᠷᠢᠰᠦᠯᠳᠦᠭᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠭᠡᠷᠡᠭᠳᠡᠢ ᠭᠡᠵᠤ ᠱᠠᠭ᠋ᠠᠷᠳᠠᠪᠠ᠃