ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠤ᠌ ᠴᠦᠨ ᠬᠤᠸᠠ ᠤᠷᠤᠰ᠎ᠤᠨ ᠳᠡᠳ᠋ ᠶᠡᠷᠦᠩᠭᠡᠢ ᠰᠠᠢ᠌ᠳ ᠲᠸᠷᠦᠲᠸᠨᠢᠶᠸᠹ᠎ᠲᠠᠢ ᠬᠠᠮᠳᠤᠪᠠᠷ ᠳᠤᠮᠳᠠᠳᠤ ᠵᠢᠨ ᠵᠡᠬᠦᠨ ᠬᠤᠢ᠌ᠳᠤ ᠤᠷᠤᠨ ᠪᠤᠯᠤᠨ ᠤᠷᠤᠰ᠎ᠤᠨ ᠠᠯᠤᠰ ᠳᠤᠷᠤᠨᠠᠳᠤ ᠵᠢᠴᠢ ᠪᠠᠢ᠌ᠭ᠋ᠠᠯ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠬᠠᠮᠳᠤᠷᠠᠯᠴᠠᠭ᠋ᠠᠨ᠎ᠤ ᠵᠦᠪᠯᠡᠯ᠎ᠤᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄ 2018-11-08

             
     8 ᠳ᠋ᠤᠭ᠋ᠠᠷ ᠰᠠᠷ᠎ᠠ ᠵᠢᠨ 21᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠤ᠌ ᠴᠦᠨ ᠬᠤᠸᠠ ᠳ᠋ᠠᠯᠢᠶᠠᠨ᠎ᠳᠤ ᠤᠷᠤᠰ᠎ᠤᠨ ᠳᠡᠳ᠋ ᠶᠡᠷᠦᠩᠭᠡᠢ ᠰᠠᠢ᠌ᠳ ᠪᠦᠭᠡᠳ ᠶᠡᠷᠦᠩᠭᠡᠢ᠌ᠯᠡᠭᠴᠢ ᠵᠢᠨ ᠠᠯᠤᠰ ᠳᠤᠷᠤᠨᠠᠳᠤ ᠵᠢᠨ ᠬᠤᠯᠪᠤᠭ᠋ᠠᠳᠤ ᠤᠯᠤᠰ᠎ᠲᠤ ᠰᠠᠭᠤᠭ᠎ᠠ ᠪᠦᠷᠢᠨ ᠠ᠋ᠷᠭᠡᠳᠤ ᠳᠦᠯᠦᠭᠡᠯᠡᠭᠴᠢ ᠲᠸᠷᠦᠲᠸᠨᠢᠶᠸᠹ᠎ᠲᠠᠢ ᠬᠠᠮᠳᠤᠪᠠᠷ ᠳᠤᠮᠳᠠᠳᠤ ᠵᠢᠨ ᠵᠡᠬᠦᠨ ᠬᠤᠢ᠌ᠳᠤ ᠤᠷᠤᠨ ᠪᠤᠯᠤᠨ ᠤᠷᠤᠰ᠎ᠤᠨ ᠠᠯᠤᠰ ᠳᠤᠷᠤᠨᠠᠳᠤ ᠵᠢᠴᠢ ᠪᠠᠢ᠌ᠭ᠋ᠠᠯ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠬᠠᠮᠳᠤᠷᠠᠯᠴᠠᠭ᠋ᠠᠨ᠎ᠤ ᠵᠦᠪᠯᠡᠯ᠎ᠤᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠤᠷᠠᠯᠳᠤᠭᠤᠯᠵᠠᠢ᠃
      ᠬᠤ᠌ ᠴᠦᠨ ᠬᠤᠸᠠ᠂ ᠳᠤᠮᠳᠠᠳᠤ ᠤᠯᠤᠰ᠎ᠤᠨ ᠵᠡᠬᠦᠨ ᠬᠤᠢ᠌ᠳᠤ ᠪᠠᠶ᠎ᠠ ᠪᠤᠯᠤᠨ ᠤᠷᠤᠰ᠎ᠤᠨ ᠠᠯᠤᠰ ᠳᠤᠷᠤᠨᠠᠳᠤ ᠵᠢᠴᠢ ᠪᠠᠢ᠌ᠭ᠋ᠠᠯ ᠭᠠᠵᠠᠷ ᠤᠷᠤᠨ᠎ᠤ ᠬᠠᠮᠳᠤᠷᠠᠯᠴᠠᠭ᠎ᠠ ᠵᠢ ᠴᠢᠩᠭ᠋ᠠᠳᠬᠠᠬᠤ᠎ᠨᠢ ᠤᠯᠤᠰ᠎ᠤᠨ ᠳᠡᠷᠢᠬᠦᠯᠡᠭᠴᠢ ᠰᠢ ᠵᠢᠨ ᠫᠢᠩ ᠪᠤᠯᠤᠨ ᠤᠷᠤᠰ᠎ᠤᠨ ᠶᠡᠷᠤᠩᠬᠡᠢ᠌ᠯᠡᠭᠴᠢ ᠫᠦᠲ᠋ᠢᠨ᠎ᠤ ᠳᠤᠭᠳᠠᠭ᠋ᠠᠭᠰᠠᠨ ᠴᠢᠬᠤᠯᠠ ᠶᠡᠭᠡ ᠬᠠᠮᠳᠤ ᠵᠢᠨ ᠳᠠᠨᠢᠯᠳᠠ ᠪᠠᠢ᠌ᠵᠤ᠂ ᠳᠡᠬᠦᠨ᠎ᠳᠤ ᠳᠤᠮᠳᠠᠳᠤ ᠤᠷᠤᠰ ᠬᠤᠶᠠᠷ ᠤᠯᠤᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠵᠢᠨ ᠠᠭᠤᠯᠭ᠎ᠠ ᠪᠠᠭᠳᠠᠵᠤ ᠪᠠᠢ᠌ᠭ᠎ᠠ ᠶᠤᠮ᠃ ᠬᠠᠮᠳᠤᠷᠠᠯᠴᠠᠭ᠋ᠠᠨ᠎ᠤ ᠵᠦᠪᠯᠡᠯ᠎ᠤᠨ ᠨᠢᠭᠡᠳᠦᠭᠡᠷ ᠤᠳᠠᠭ᠋ᠠᠨ᠎ᠤ ᠬᠤᠷᠠᠯ᠎ᠠᠴᠠ ᠨᠠᠭ᠋ᠠᠰᠢ ᠬᠤᠶᠠᠷ ᠳᠠᠯ᠎ᠠ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠤᠷᠤᠨ ᠨᠤᠳᠤᠭ᠎ᠤᠨ᠎ᠬᠢᠨ ᠬᠤᠷᠠᠯ᠎ᠤᠨ ᠵᠤᠷᠢᠭ ᠰᠠᠨᠠᠭ᠎ᠠ ᠵᠢ ᠢᠳᠡᠪᠬᠢᠳᠡᠢ ᠨᠠᠢ᠌ᠳᠠᠪᠤᠷᠢᠵᠢᠭᠤᠯᠵᠤ᠂ ᠬᠠᠮᠳᠤᠷᠠᠯᠴᠠᠭ᠎ᠠ ᠵᠢ ᠰᠢᠨ᠎ᠠ ᠱᠠᠳᠤᠨ᠎ᠳᠤ ᠠᠬᠢᠭᠤᠯᠪᠠ᠃ ᠠ᠋ᠨᠡ ᠤᠳᠠᠭ᠋ᠠᠨ᠎ᠤ ᠬᠤᠷᠠᠯ᠎ᠤᠨ ᠭᠤᠤᠯ ᠠ᠋ᠬᠦᠷᠭᠡ ᠪᠤᠯ ᠬᠤᠶᠠᠷ ᠤᠯᠤᠰ᠎ᠤᠨ ᠤᠳᠤᠷᠢᠳᠤᠯᠭ᠎ᠠ ᠵᠢᠨ ᠴᠢᠬᠤᠯᠠ ᠶᠡᠭᠡ ᠬᠠᠮᠳᠤ ᠵᠢᠨ ᠳᠠᠨᠢᠯᠳᠠ ᠵᠢ ᠨᠠᠢ᠌ᠳᠠᠪᠤᠷᠢᠵᠢᠭᠤᠯᠤᠨ᠂ ᠤᠷᠤᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠬᠦ ᠵᠢ ᠠᠬᠢᠭᠤᠯᠵᠤ᠂ ᠬᠠᠮᠳᠤᠷᠠᠯᠴᠠᠭ᠋ᠠᠨ᠎ᠤ ᠦᠷᠭᠡᠴᠡ ᠪᠠ ᠬᠦᠨᠴᠠ ᠵᠢ ᠨᠡᠮᠡᠭᠳᠡᠬᠦᠯᠵᠤ᠂ ᠨᠡᠩ ᠤᠯᠠᠨ ᠪᠤᠳᠠᠳᠠᠢ ᠠᠮᠵᠢᠯᠳᠠ ᠪᠦᠳᠦᠮᠵᠢ ᠤᠯᠬᠤ ᠶᠠᠪᠤᠳᠠᠯ ᠪᠤᠯᠤᠨ᠎ᠠ ᠭᠡᠵᠤ ᠢᠯᠡᠷᠭᠡᠢ᠌ᠯᠡᠪᠡ᠃
      ᠲᠸᠷᠦᠲᠸᠨᠢᠶᠸᠹ᠂ ᠳᠤᠮᠳᠠᠳᠤ ᠤᠯᠤᠰ ᠪᠤᠯ ᠤᠷᠤᠰ᠎ᠤᠨ ᠠᠯᠤᠰ ᠳᠤᠷᠤᠨᠠᠳᠤ ᠵᠢᠴᠢ ᠪᠠᠢ᠌ᠭ᠋ᠠᠯ ᠭᠠᠵᠠᠷ ᠤᠷᠤᠨ᠎ᠤ ᠴᠢᠬᠤᠯᠠ ᠶᠡᠭᠡ ᠬᠠᠮᠳᠤᠷᠠᠯᠴᠠᠭ᠋ᠠᠨ᠎ᠤ ᠬᠠᠨᠢᠳᠠᠨ ᠪᠤᠯᠤᠨ᠎ᠠ᠃ ᠨᠢᠭᠡ ᠵᠢᠯ᠎ᠤᠨ ᠳᠤᠷᠰᠢ ᠳᠤᠮᠳᠠᠳᠤ ᠤᠷᠤᠰ᠎ᠤᠨ ᠬᠤᠶᠠᠷ ᠳᠠᠯ᠎ᠠ ᠵᠢᠨ ᠠᠷᠠᠯᠵᠢᠶᠠᠨ᠎ᠤ ᠲᠣᠭ᠎ᠠ ᠳᠠᠰᠤᠷᠠᠯᠳᠠ ᠦᠭᠡᠢ ᠨᠡᠮᠡᠭᠳᠡᠵᠤ᠂ ᠰᠠᠭᠤᠷᠢ ᠳᠦᠬᠦᠭᠡᠷᠦᠮᠵᠢ᠂ ᠳᠠᠷᠢᠶᠠᠯᠠᠩ᠂ ᠤᠢ ᠰᠢᠭᠤᠢ ᠵᠡᠷᠭᠡ ᠬᠦᠷᠢᠶ᠎ᠡ ᠴᠠᠷᠠᠭ᠎ᠠ᠎ᠳᠤ ᠨᠢᠭᠡ ᠪᠦᠯᠦᠭ ᠰᠢᠨ᠎ᠠ ᠳᠦᠷᠦᠯ ᠵᠦᠢ᠍ᠯ᠎ᠢ ᠭᠡᠷᠡᠭᠵᠢᠬᠦᠯᠪᠡ᠃ ᠤᠷᠤᠰ᠎ᠤᠨ᠎ᠬᠢᠨ ᠳᠤᠷᠠᠳᠠᠶ᠎ᠡ ᠳᠤᠮᠳᠠᠳᠤ ᠤᠯᠤᠰ᠎ᠲᠠᠢ ᠬᠠᠮᠳᠤᠪᠠᠷ ᠬᠤᠶᠠᠷ ᠳᠠᠯ᠎ᠠ ᠵᠢᠨ ᠬᠠᠮᠳᠤᠷᠠᠯᠴᠠᠭ᠎ᠠ᠎ᠪᠠᠨ ᠳᠠᠰᠤᠷᠠᠯᠳᠠ ᠦᠭᠡᠢ ᠠᠬᠢᠭᠤᠯᠤᠨ᠎ᠠ ᠭᠡᠵᠤ ᠢᠯᠡᠷᠭᠡᠢ᠌ᠯᠡᠪᠡ᠃
      ᠬᠤᠶᠠᠷ ᠳᠠᠯ᠎ᠠ᠎ᠪᠠᠷ ᠵᠶ᠋ᠡᠨ ᠤᠯᠤᠯᠴᠠᠭ᠎ᠠ ᠶᠠᠪᠤᠯᠴᠠᠭ᠎ᠠ᠎ᠪᠠᠨ ᠴᠢᠩᠭ᠋ᠠᠳᠬᠠᠨ᠂ ᠠᠵᠢᠯ᠎ᠤᠨ ᠠ᠋ᠷᠴᠢᠮ ᠵᠶ᠋ᠡᠨ ᠴᠢᠩᠭ᠋ᠠᠷᠠᠭᠤᠯᠵᠤ᠂ ᠬᠠᠮᠳᠤᠷᠠᠯᠴᠠᠭ᠋ᠠᠨ᠎ᠤ ᠵᠦᠪᠯᠡᠯ᠎ᠤᠨ ᠳᠤᠭᠳᠠᠴᠠ ᠵᠢ ᠳᠡᠬᠦᠯᠳᠡᠷᠵᠢᠬᠦᠯᠦᠨ᠂ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠵᠤ᠂ ᠪᠤᠭᠤᠮᠳᠠ᠎ᠪᠠᠷ ᠤᠷᠤᠵᠤ ᠭᠠᠷᠬᠤ ᠵᠢ ᠳᠦᠬᠦᠮᠴᠢᠯᠡᠬᠦ᠂ ᠬᠠᠷᠢᠯᠴᠠᠨ ᠬᠤᠯᠪᠤᠭ᠋ᠠᠯᠠᠨ ᠬᠠᠷᠢᠯᠴᠠᠨ ᠨᠡᠪᠳᠡᠷᠡᠯᠴᠡᠬᠦ᠂ ᠭᠠᠷᠠᠮ᠎ᠤᠨ ᠪᠤᠳᠠᠰ᠎ᠤᠨ ᠬᠦᠢ᠍ᠯᠭᠡᠭᠡᠨ᠂ ᠠ᠋ᠬᠢ ᠪᠠᠶᠠᠯᠢᠭ᠎ᠢ ᠨᠡᠭᠡᠭᠡᠨ ᠠᠰᠢᠭᠯᠠᠬᠤ᠂ ᠤᠳᠤ ᠦᠶ᠎ᠠ ᠵᠢᠨ ᠳᠠᠷᠢᠶᠠᠯᠠᠩ᠂ ᠳᠤᠨᠤᠭ ᠳᠦᠬᠦᠷᠭᠡᠦᠷᠮᠵᠢ ᠦᠢ᠍ᠯᠡᠳᠬᠦ ᠵᠡᠷᠭᠡ ᠬᠦᠷᠢᠶ᠎ᠡ ᠴᠠᠷᠠᠭ᠎ᠠ ᠵᠢᠨ ᠪᠡᠯᠡ ᠤᠷᠤᠭᠤᠯᠤᠯᠳᠠ ᠬᠠᠮᠳᠤᠷᠠᠯᠴᠠᠭ᠎ᠠ᠎ᠳᠤ ᠨᠦᠬᠦᠴᠡᠯ ᠪᠦᠷᠢᠯᠳᠦᠬᠦᠯᠵᠤ᠂ ᠳᠤᠮᠳᠠᠳᠤ ᠤᠷᠤᠰ᠎ᠤᠨ ᠠᠵᠤ ᠠᠬᠤᠢ ᠠᠷᠠᠯᠵᠢᠶ᠎ᠠ ᠬᠤᠳᠠᠯᠳᠤᠭ᠋ᠠᠨ᠎ᠤ ᠬᠠᠮᠳᠤᠷᠠᠯᠴᠠᠭ᠎ᠠ᠎ᠳᠤ ᠳᠠᠰᠤᠷᠠᠯᠳᠠ ᠦᠭᠡᠢ ᠰᠢᠨ᠎ᠠ ᠬᠦᠴᠦᠨ ᠨᠡᠮᠡᠨ᠎ᠠ ᠭᠡᠵᠤ ᠰᠠᠨᠠᠯ ᠨᠢᠭᠡᠳᠡᠢ ᠦᠵᠡᠵᠡᠢ᠃
      ᠬᠤᠷᠠᠯ᠎ᠤᠨ ᠳᠠᠷᠠᠭ᠎ᠠ ᠬᠤ᠌ ᠴᠦᠨ ᠬᠤᠸᠠ ᠪᠤᠯᠤᠨ ᠲᠸᠷᠦᠲᠸᠨᠢᠶᠸᠹ ᠬᠤᠷᠠᠯ᠎ᠤᠨ ᠳᠤᠪᠴᠢ᠎ᠳᠤ ᠭᠠᠷ᠎ᠤᠨ ᠦᠰᠦᠭ ᠵᠢᠷᠤᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠤᠯᠤᠨ ᠪᠦᠬᠦᠳᠡ ᠨᠠᠢ᠌ᠷᠠᠮᠳᠠᠬᠤ ᠰᠠᠯᠸᠠᠳᠤᠷ ᠤᠯᠤᠰ ᠭᠠᠳᠠᠭ᠋ᠠᠳᠤ ᠬᠠᠷᠢᠴᠠᠭ᠎ᠠ ᠪᠠᠢ᠌ᠭᠤᠯᠪᠠ
ᠬᠤ᠌ ᠴᠦᠨ ᠬᠤᠸᠠ 2019 ᠤᠨ᠎ᠤ ᠪᠡᠭᠡᠵᠢᠩ᠎ᠤᠨ ᠳᠡᠯᠡᠭᠡᠢ ᠵᠢᠨ ᠴᠡᠴᠡᠷᠯᠢᠭ᠎ᠤᠨ ᠦᠵᠡᠰᠬᠦᠯᠡᠩ᠎ᠤᠨ ᠴᠤᠭᠯᠠᠭ᠋ᠠᠨ᠎ᠢ ᠵᠤᠬᠢᠶᠠᠨ ᠪᠠᠢ᠌ᠭᠤᠯᠬᠤ ᠵᠦᠪᠯᠡᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠭᠡᠪᠡ
ᠯᠢ ᠺᠸ ᠴᠢᠶᠠᠩ᠄ ᠠᠷᠠᠳ᠎ᠤᠨ ᠪᠡᠯᠡ ᠬᠦᠷᠦᠩᠭᠡ ᠵᠢᠨ ᠰᠲ᠋ᠤᠺ ᠡᠵᠡᠮᠳᠡᠯ᠎ᠢ ᠢᠳᠡᠪᠬᠢᠳᠡᠢ ᠵᠤᠷᠢᠭᠵᠢᠭᠤᠯᠤᠨ᠎ᠠ
ᠢᠨᠳᠦᠨ᠋ᠸᠰᠢᠶ᠎ᠠ ᠵᠢᠨ ᠶᠡᠷᠦᠩᠭᠡᠢ᠌ᠯᠡᠭᠴᠢ ᠽᠦᠸᠸᠺᠸ ᠰᠦᠨ ᠴᠦᠨ ᠯᠠᠨ᠎ᠲᠠᠢ ᠠᠭᠤᠯᠵᠠᠪᠠ
ᠸᠠᠩ ᠢ ᠦᠷᠦᠢ᠍ᠭᠤᠸᠠᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠨᠢᠡᠸᠨ᠎ᠲᠠᠢ ᠠᠭᠤᠯᠵᠠᠨ ᠶᠠᠷᠢᠯᠴᠠᠪᠠ
 
            