ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ ᠠᠩᠭᠤᠯᠠ ᠵᠢᠨ ᠶᠡᠷᠦᠩᠭᠡᠢ᠌ᠯᠡᠭᠴᠢ ᠯᠦᠸᠸᠯᠦᠢ᠍ᠨᠰᠦᠢ᠍ᠸᠸ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-27


      ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 10 ᠳ᠋ᠤᠭ᠋ᠠᠷ ᠰᠠᠷ᠎ᠠ ᠵᠢᠨ 9᠎ᠤ ᠠ᠋ᠳᠤᠷ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠳᠤᠮᠳᠠᠳᠤ ᠤᠯᠤᠰ᠎ᠲᠤ ᠳᠦᠷᠦ ᠵᠢᠨ ᠶᠠᠪᠤᠳᠠᠯ᠎ᠤᠨ ᠠᠢ᠌ᠯᠴᠢᠯᠠᠯᠳᠠ ᠬᠢᠬᠦ᠎ᠪᠠᠷ ᠢᠷᠡᠭᠰᠡᠨ ᠠᠩᠭᠤᠯᠠ ᠵᠢᠨ ᠶᠡᠷᠦᠩᠭᠡᠢ᠌ᠯᠡᠭᠴᠢ ᠯᠦᠸᠸᠯᠦᠢ᠍ᠨᠰᠦᠢ᠍ᠸᠸ᠎ᠲᠠᠢ ᠠᠭᠤᠯᠵᠠᠪᠠ᠃
      ᠯᠢ ᠺᠸ ᠴᠢᠶᠠᠩ᠂ ᠳᠤᠮᠳᠠᠳᠤ ᠠᠩᠭᠤᠯᠠ ᠵᠢᠨ ᠪᠤᠳᠠᠳᠠᠢ ᠵᠢ ᠠ᠋ᠷᠬᠢᠮᠯᠡᠬᠦ ᠬᠠᠮᠳᠤᠷᠠᠯᠴᠠᠭ᠋ᠠᠨ᠎ᠤ ᠠᠯᠤᠰ ᠢᠷᠡᠭᠡᠳᠦᠢ ᠦᠷᠭᠡᠨ ᠠᠭᠤᠳᠠᠮ ᠶᠤᠮ᠃ ᠳᠠᠷᠠᠭ᠎ᠠ ᠠᠯᠬᠤᠮ᠎ᠳᠤ ᠬᠤᠶᠠᠷ ᠳᠠᠯ᠎ᠠ᠎ᠪᠠᠷ ᠵᠶ᠋ᠡᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ ᠵᠢᠨ ᠠᠪᠴᠠᠯᠳᠤᠭ᠎ᠠ᠎ᠪᠠᠨ ᠴᠢᠩᠭ᠋ᠠᠳᠬᠠᠨ᠂ ᠳᠤᠮᠳᠠᠳᠤ ᠠᠹᠷᠢᠺᠠ ᠵᠢᠨ ᠬᠠᠮᠳᠤᠷᠠᠯᠴᠠᠭ᠋ᠠᠨ᠎ᠤ ᠶᠠᠷᠢᠶᠠᠨ᠎ᠤ ᠳᠠᠪᠴᠠᠩ᠎ᠤᠨ ᠪᠡᠭᠡᠵᠢᠩ᠎ᠤᠨ ᠳᠦᠷᠦᠬᠦᠴᠤᠳ᠎ᠤᠨ ᠬᠤᠷᠠᠯ᠎ᠤᠨ ᠦᠷ᠎ᠡ ᠪᠦᠳᠦᠮᠵᠢ ᠵᠢ ᠨᠠᠢ᠌ᠳᠠᠪᠤᠷᠢᠵᠢᠭᠤᠯᠵᠤ᠂ ᠬᠠᠮᠳᠤᠷᠠᠯᠴᠠᠬᠤ ᠭᠡᠪ ᠵᠠᠭᠪᠤᠷ᠎ᠤᠨ ᠰᠢᠨ᠎ᠠ ᠵᠢ ᠠ᠋ᠬᠦᠳᠤᠨ᠂ ᠪᠡᠯᠡ ᠤᠷᠤᠭᠤᠯᠤᠯᠥᠳᠠ ᠵᠢ ᠬᠠᠮᠠᠭ᠋ᠠᠯᠠᠬᠤ ᠵᠦᠪᠳᠡᠯᠴᠡᠭᠡᠷ᠎ᠢ ᠳᠦᠷᠭᠡᠨ ᠵᠦᠪᠳᠡᠨ ᠳᠤᠭᠳᠠᠭ᠋ᠠᠵᠤ᠂ ᠠᠵᠤ ᠦᠢ᠍ᠯᠡᠰ᠂ ᠠᠷᠠᠯᠵᠢᠶ᠎ᠠ᠂ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠡᠷᠭᠡ ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠠᠬᠢᠭᠤᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠦᠢ᠍ᠯᠡᠳᠤᠯ᠎ᠢ ᠤᠯᠠᠮ ᠴᠢᠨᠠᠭᠰᠢᠳᠠ ᠪᠠᠳᠠᠷᠠᠭᠤᠯᠵᠤ᠂ ᠳᠤᠮᠳᠠᠳᠤ ᠠᠩᠭᠤᠯᠠ ᠵᠢᠨ ᠬᠠᠷᠢᠯᠴᠠᠨ ᠠᠰᠢᠭ᠎ᠲᠠᠢ ᠬᠠᠮᠳᠤᠷᠠᠯᠴᠠᠭ᠎ᠠ ᠵᠢ ᠳᠡᠰ ᠳᠡᠪᠰᠢᠬᠦᠯᠦᠨ᠂ ᠬᠤᠶᠠᠷ ᠤᠯᠤᠰ᠎ᠤᠨ ᠠᠷᠠᠳ ᠳᠦᠮᠡᠨ᠎ᠳᠤ ᠠᠰᠢᠭ ᠬᠦᠷᠳᠡᠭᠡᠨ᠎ᠡ᠃ ᠳᠤᠮᠳᠠᠳᠤ ᠵᠢᠨ᠎ᠬᠢᠨ ᠳᠤᠮᠳᠠᠳᠤ ᠤᠯᠤᠰ᠎ᠤᠨ ᠠᠵᠤ ᠠᠬᠤᠢ᠌ᠯᠠᠯ ᠠᠩᠭᠤᠯᠠ᠎ᠳᠤ ᠤᠴᠢᠵᠤ ᠪᠡᠯᠡ ᠤᠷᠤᠭᠤᠯᠬᠤ᠂ ᠠᠩᠭᠤᠯᠠ ᠵᠢᠨ ᠬᠠᠤᠯᠢ ᠳᠦᠷᠢᠮ᠎ᠢ ᠰᠠᠬᠢᠨ ᠵᠢᠷᠤᠮᠯᠠᠬᠤ ᠵᠢ ᠵᠤᠷᠢᠭᠵᠢᠭᠤᠯᠤᠨ᠎ᠠ᠃ ᠠᠩᠭᠤᠯᠠ ᠵᠢᠨ᠎ᠬᠢᠨ ᠠᠷᠠᠯᠵᠢᠶ᠎ᠠ ᠬᠤᠳᠠᠯᠳᠤᠭ᠋ᠠᠨ᠎ᠤ ᠶᠠᠪᠤᠳᠠᠯ᠎ᠳᠤ ᠳᠦᠬᠦᠮ ᠦᠵᠡᠬᠦᠯᠵᠤ᠂ ᠨᠡᠩ ᠤᠯᠠᠨ ᠪᠦᠳᠦᠮᠵᠢᠳᠡᠢ ᠠᠷᠭ᠎ᠠ ᠭᠡᠮᠵᠢᠶ᠎ᠡ ᠠᠪᠴᠤ ᠳᠤᠮᠳᠠᠳᠤ ᠵᠢᠨ ᠠ᠋ᠷᠭᠡᠳᠤ ᠠᠷᠠᠳ᠎ᠤᠨ ᠠᠮᠤᠷ ᠳᠦᠪᠰᠢᠨ᠎ᠢ ᠪᠠᠳᠤᠯᠠᠬᠤ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠯᠦᠸᠸᠯᠦᠢ᠍ᠨᠰᠦᠢ᠍ᠸᠸ᠂ ᠪᠢ ᠳᠤᠮᠳᠠᠳᠤ ᠠᠹᠷᠢᠺᠠ ᠵᠢᠨ ᠬᠠᠮᠳᠤᠷᠠᠯᠴᠠᠭ᠋ᠠᠨ᠎ᠤ ᠶᠠᠷᠢᠶᠠᠨ᠎ᠤ ᠳᠠᠪᠴᠠᠩ᠎ᠤᠨ ᠪᠡᠭᠡᠵᠢᠩ᠎ᠤᠨ ᠳᠦᠷᠦᠬᠦᠴᠤᠳ᠎ᠤᠨ ᠬᠤᠷᠠᠯ᠎ᠤᠨ ᠳᠠᠷᠠᠭ᠎ᠠ ᠳᠤᠮᠳᠠᠳᠤ ᠤᠯᠤᠰ᠎ᠲᠤ ᠳᠠᠬᠢᠨ ᠠᠢ᠌ᠯᠴᠢᠯᠠᠵᠤ ᠪᠠᠢ᠌ᠨ᠎ᠠ᠂ ᠠ᠋ᠨᠡ᠎ᠨᠢ ᠠᠩᠭᠤᠯᠠ ᠳᠤᠮᠳᠠᠳᠤ ᠵᠢᠨ ᠬᠠᠷᠢᠴᠠᠭ᠋ᠠᠨ᠎ᠤ ᠴᠢᠬᠤᠯᠠ ᠴᠢᠨᠠᠷ᠎ᠢ ᠬᠠᠷᠠᠭᠤᠯᠵᠤ ᠪᠠᠢ᠌ᠭ᠎ᠠ ᠶᠤᠮ᠃ ᠠᠩᠭᠤᠯᠠ ᠳᠤᠮᠳᠠᠳᠤ ᠬᠤᠶᠠᠷ ᠤᠯᠤᠰ ᠤᠷᠳᠤ ᠬᠤᠭᠤᠴᠠᠭ᠎ᠠ᠎ᠪᠠᠷ ᠨᠦᠬᠦᠷᠰᠡᠭ᠂ ᠬᠠᠷᠢᠯᠴᠠᠨ ᠠᠰᠢᠭ᠎ᠲᠠᠢ ᠬᠠᠮᠳᠤᠪᠠᠷ ᠠᠰᠢᠭ ᠤᠯᠬᠤ ᠵᠢ ᠪᠠᠷᠢᠮᠳᠠᠯᠠᠵᠤ ᠳᠤᠮᠳᠠᠳᠤ ᠠᠹᠷᠢᠺᠠ ᠵᠢᠨ ᠦᠯᠢᠭᠡᠷ ᠳᠠᠭᠤᠷᠢᠶᠠᠯ ᠪᠤᠯᠪᠠ᠃ ᠠᠩᠭᠤᠯᠠ ᠵᠢᠨ᠎ᠬᠢᠨ ᠳᠤᠮᠳᠠᠳᠤ ᠠᠹᠷᠢᠺᠠ ᠵᠢᠨ ᠬᠠᠮᠳᠤᠷᠠᠯᠴᠠᠭ᠋ᠠᠨ᠎ᠤ ᠶᠠᠷᠢᠶᠠᠨ᠎ᠤ ᠳᠠᠪᠴᠠᠩ᠎ᠤᠨ ᠪᠡᠭᠡᠵᠢᠩ᠎ᠤᠨ ᠳᠦᠷᠦᠬᠦᠴᠤᠳ᠎ᠤᠨ ᠬᠤᠷᠠᠯ᠎ᠤᠨ ᠢᠳᠡᠪᠬᠢᠳᠡᠢ ᠠᠮᠵᠢᠯᠳᠠ ᠵᠢ ᠳᠡᠭᠡᠳᠤ ᠭᠡᠮᠵᠢᠶ᠎ᠡ᠎ᠪᠠᠷ ᠮᠠᠭᠳᠠᠨ ᠰᠠᠢ᠌ᠰᠢᠶᠠᠵᠤ ᠪᠠᠢ᠌ᠨ᠎ᠠ᠃ ᠪᠢᠳᠠ ᠳᠤᠷᠠᠳᠠᠶ᠎ᠠ ᠳᠤᠮᠳᠠᠳᠤ ᠵᠢᠨ᠎ᠬᠢᠨ᠎ᠲᠠᠢ ᠤᠰᠤᠨ ᠴᠠᠬᠢᠯᠭ᠋ᠠᠨ ᠦᠷᠳᠡᠭᠡ᠂ ᠴᠠᠬᠢᠯᠭ᠋ᠠᠨ ᠳᠤᠤᠷ᠂ ᠵᠠᠰᠠᠮᠠᠯ ᠵᠠᠮ᠂ ᠲᠡᠮᠤᠷ ᠵᠠᠮ ᠵᠡᠷᠭᠡ ᠰᠠᠭᠤᠷᠢ ᠳᠦᠬᠦᠭᠡᠷᠦᠮᠵᠢ ᠵᠢᠨ ᠬᠦᠷᠢᠶ᠎ᠠ ᠴᠠᠷᠠᠭ᠎ᠠ᠎ᠳᠤ ᠬᠠᠮᠳᠤᠷᠠᠨ ᠠᠵᠢᠯᠯᠠᠵᠤ᠂ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠠᠩᠭᠤᠯᠠ᠎ᠳᠤ ᠪᠡᠯᠡ ᠤᠷᠤᠭᠤᠯᠤᠨ ᠠᠳᠠᠯ ᠦᠢ᠍ᠯᠡᠰ ᠵᠶ᠋ᠡᠨ ᠬᠦᠭᠵᠢᠬᠦᠯᠬᠦ᠎ᠳᠤ ᠰᠠᠢ᠌ᠨ ᠰᠠᠢ᠌ᠬᠠᠨ ᠤᠷᠴᠢᠨ ᠳᠤᠭᠤᠷᠢᠨ ᠬᠠᠩᠭ᠋ᠠᠨ᠎ᠠ ᠭᠡᠵᠤ ᠢᠯᠡᠷᠭᠡᠢ᠌ᠯᠡᠪᠡ᠃
ᠸᠠᠩ ᠢ ᠠᠭᠤᠯᠵᠠᠯᠳᠠ᠎ᠳᠤ ᠤᠷᠤᠯᠴᠠᠪᠠ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ 2018 ᠤᠨ᠎ᠤ ᠪᠦᠬᠦ ᠤᠯᠤᠰ᠎ᠤᠨ ᠤᠯᠠᠨ ᠵᠶ᠋ᠡᠷ ᠵᠶ᠋ᠡᠨ ᠦᠢ᠍ᠯᠡᠰ ᠪᠤᠰᠬᠠᠵᠤ ᠨᠡᠢ᠌ᠳᠡ᠎ᠪᠠᠷ ᠵᠶ᠋ᠡᠨ ᠰᠢᠨ᠎ᠠ ᠵᠢ ᠠ᠋ᠬᠦᠳᠬᠦ ᠭᠠᠷᠠᠭ᠎ᠤᠨ ᠠᠵᠢᠯᠯᠠᠭ᠎ᠠ᠎ᠳᠤ ᠴᠤᠬᠤᠯᠠᠪᠤᠷᠢ ᠬᠢᠵᠠᠢ
ᠯᠢᠦ ᠠ᠋ᠾᠸ ᠪᠦᠬᠦ ᠤᠯᠤᠰ᠎ᠤᠨ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢᠨ ᠶᠠᠷᠢᠯᠴᠠᠬᠤ ᠬᠤᠷᠠᠯ᠎ᠳᠤ ᠤᠷᠤᠯᠴᠠᠵᠤ ᠶᠠᠷᠢᠶ᠎ᠠ ᠳᠠᠯᠪᠢᠪᠠ
ᠸᠠᠩ ᠢ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠨᠫᠸᠡᠤᠤ᠎ᠲᠠᠢ ᠠᠭᠤᠯᠵᠠᠪᠠ᠃
ᠯᠢ ᠺᠸ ᠴᠢᠶᠠᠩ ᠪᠤᠯᠤᠨ ᠯᠢ ᠰᠢᠶᠠᠨ ᠯᠦᠩ ᠬᠠᠷᠢᠯᠴᠠᠨ ᠪᠠᠶᠠᠷ᠎ᠤᠨ ᠴᠠᠬᠢᠯᠭ᠋ᠠᠨ ᠮᠡᠳᠡᠭᠡ ᠢᠯᠡᠭᠡᠵᠤ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠪᠠᠢ᠌ᠭᠤᠯᠤᠭᠰᠠᠨ 15 ᠵᠢᠯ᠎ᠤᠨ ᠤᠢ ᠵᠢ ᠪᠡᠯᠭᠡᠯᠡᠪᠡ
ᠵᠤᠤ ᠺᠸ ᡁᠢ ᠠ᠋ᠾᠸᠨᠠᠨ᠎ᠳᠤ ᠬᠦᠷᠴᠤ ᠤᠯᠤᠰ᠎ᠤᠨ ᠪᠠᠶᠠᠷ᠎ᠤᠨ ᠬᠤᠭᠤᠴᠠᠭ᠋ᠠᠨ᠎ᠤ ᠠᠮᠤᠷ ᠳᠦᠪᠰᠢᠨ᠎ᠤ ᠠᠵᠢᠯ᠎ᠢ ᠪᠠᠢ᠌ᠴᠠᠭ᠋ᠠᠨ ᠵᠢᠯᠤᠭᠤᠳᠪᠠ
 
            