8 ᠳ᠋ᠤᠭ᠋ᠠᠷ ᠰᠠᠷ᠎ᠠ ᠵᠢᠨ 22᠎ᠤᠨ ᠠ᠋ᠳᠤᠷ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠬᠠᠨ ᠵᠸᠩ ᠴᠦᠩᠴᠢᠩ ᠬᠤᠳᠠ᠎ᠳᠤ ᠠᠩᠬᠠᠳᠠᠭᠴᠢ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠤᠶᠤᠨ ᠴᠢᠳᠠᠪᠤᠷᠢ᠎ᠳᠤ ᠠᠵᠤ ᠦᠢ᠍ᠯᠡᠰ᠎ᠤᠨ ᠦᠵᠡᠰᠬᠦᠯᠡᠩ᠎ᠳᠤ ᠤᠷᠤᠯᠴᠠᠬᠤ᠎ᠪᠠᠷ ᠢᠷᠡᠭᠰᠡᠨ ᠮᠤᠩᠭᠤᠯ ᠤᠯᠤᠰ᠎ᠤᠨ ᠳᠡᠳ᠋ ᠶᠠᠷᠦᠩᠭᠡᠢ ᠰᠠᠢ᠌ᠳ ᠠ᠋ᠩᠭᠡᠳᠦᠢ᠍ᠪᠰᠢᠨ᠂ ᠯᠠᠤᠰ᠎ᠤᠨ ᠳᠡᠳ᠋ ᠶᠡᠷᠦᠩᠭᠡᠢ ᠰᠠᠢ᠌ᠳ ᠰᠦᠩ ᠳ᠋ᠢ᠂ ᠰᠢᠩᠭ᠋ᠠᠫᠤᠷ᠎ᠤᠨ ᠨᠡᠷ᠎ᠡ ᠬᠦᠨᠳᠤᠳᠤ ᠳᠦᠷᠦ ᠵᠢᠨ ᠵᠦᠪᠯᠡᠭᠴᠢ ᠡᠣ ᠽᠦᠸᠸ ᠳ᠋ᠦᠩ᠎ᠲᠠᠢ ᠳᠤᠰ ᠳᠤᠰ ᠠᠭᠤᠯᠵᠠᠪᠠ᠃
ᠬᠠᠨ ᠵᠸᠩ ᠠ᠋ᠩᠭᠡᠳᠦᠢ᠍ᠪᠰᠢᠨᠲᠠᠢ ᠠᠭᠤᠯᠵᠠᠬᠤ᠎ᠳᠤ᠎ᠪᠠᠨ᠂ ᠳᠤᠮᠳᠠᠳᠤ ᠮᠤᠩᠭᠤᠯ ᠬᠤᠶᠠᠷ ᠤᠯᠤᠰ ᠪᠤᠯ ᠬᠦᠷᠰᠢ ᠵᠡᠷᠭᠡᠯᠡᠳᠡᠭᠡ ᠨᠦᠬᠦᠷᠰᠡᠭ ᠤᠯᠤᠰ ᠪᠤᠯᠤᠨ᠎ᠠ᠂ ᠬᠤᠶᠠᠷ ᠤᠯᠤᠰ ᠪᠦᠬᠦ ᠳᠠᠯ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠬᠤ᠎ᠨᠢ ᠬᠤᠶᠠᠷ ᠤᠯᠤᠰ᠎ᠤᠨ ᠠᠷᠠᠳ ᠳᠦᠮᠡᠨ᠎ᠤ ᠦᠨᠳᠦᠰᠤᠨ ᠠᠰᠢᠭ ᠳᠤᠰᠠ᠎ᠳᠤ ᠨᠡᠢ᠌ᠴᠠᠨᠠ᠃ ᠳᠤᠮᠳᠠᠳᠤ ᠵᠢᠨ᠎ᠬᠢᠨ ᠳᠤᠮᠳᠠᠳᠤ ᠮᠤᠩᠭᠤᠯ᠎ᠤᠨ ᠬᠠᠷᠢᠴᠠᠭ᠎ᠠ ᠵᠢ ᠬᠦᠷᠰᠢ ᠵᠡᠷᠭᠡᠯᠡᠳᠡᠭᠡ ᠵᠢᠨ ᠭᠠᠳᠠᠭ᠋ᠠᠳᠤ ᠬᠠᠷᠢᠴᠠᠭ᠋ᠠᠨ᠎ᠤ ᠴᠢᠬᠤᠯᠠ ᠪᠠᠢ᠌ᠷᠢᠨ᠎ᠳᠤ ᠳᠠᠯᠪᠢᠭᠰᠠᠭ᠋ᠠᠷ ᠢᠷᠡᠪᠡ᠃ ᠪᠢᠳᠠ ᠳᠤᠷᠠᠳᠠᠶ᠎ᠡ ᠳᠤᠮᠳᠠᠳᠤ ᠮᠤᠩᠭᠤᠯ᠎ᠤᠨ ᠬᠠᠷᠢᠴᠠᠭ᠎ᠠ ᠪᠠᠢ᠌ᠭᠤᠯᠤᠭᠰᠠᠨ 70 ᠵᠢᠯ᠎ᠤᠨ ᠤᠢ᠎ᠪᠠᠷ ᠠᠵᠠ ᠳᠤᠬᠢᠶᠠᠯ ᠪᠤᠯᠭ᠋ᠠᠵᠤ᠂ ᠬᠤᠶᠠᠷ ᠤᠯᠤᠰ᠎ᠤᠨ ᠤᠳᠤᠷᠢᠳᠬᠤ ᠬᠦᠮᠦᠨ᠎ᠤ ᠬᠠᠮᠳᠤ ᠵᠢᠨ ᠳᠠᠨᠢᠯᠳᠠ ᠵᠢ ᠨᠠᠢ᠌ᠳᠠᠪᠤᠷᠢᠵᠢᠭᠤᠯᠤᠨ᠂ ᠳᠡᠭᠡᠳᠤ ᠳᠠᠪᠬᠤᠷᠭ᠋ᠠᠨ᠎ᠤ ᠬᠠᠷᠢᠯᠴᠠᠭ᠎ᠠ ᠶᠠᠪᠤᠯᠴᠠᠭ᠎ᠠ᠎ᠪᠠᠨ ᠴᠢᠩᠭ᠋ᠠᠳᠬᠠᠵᠤ᠂ ᠪᠤᠳᠠᠳᠠᠢ ᠵᠢ ᠠ᠋ᠷᠭᠢᠮᠯᠡᠭᠰᠡᠨ ᠬᠠᠮᠳᠤᠷᠯᠠᠴᠠᠭᠠᠪᠠᠨ ᠬᠦᠨᠵᠡᠭᠡᠢ᠌ᠷᠡᠬᠦᠯᠦᠨ᠂ ᠬᠦᠮᠦᠨ ᠨᠡᠢ᠌ᠭᠡᠮ᠎ᠤᠨ ᠰᠤᠯᠢᠯᠴᠠᠭ᠎ᠠ᠎ᠪᠠᠨ ᠦᠷᠭᠡᠳᠭᠡᠵᠤ᠂ ᠬᠤᠶᠠᠷ ᠤᠯᠤᠰ᠎ᠤᠨ ᠨᠦᠬᠦᠷᠰᠡᠭ ᠬᠠᠮᠳᠤᠷᠠᠯᠴᠠᠭ᠎ᠠ ᠵᠢᠨ ᠰᠢᠨ᠎ᠠ ᠪᠠᠢ᠌ᠳᠠᠯ᠎ᠢ ᠪᠤᠢ ᠪᠤᠯᠭ᠋ᠠᠬᠤ᠎ᠪᠠᠷ ᠬᠠᠮᠳᠤ᠎ᠪᠠᠷ ᠴᠢᠷᠮᠠᠢ᠌ᠨ᠎ᠠ ᠭᠡᠵᠤ ᠢᠯᠡᠷᠭᠡᠢ᠌ᠯᠡᠪᠡ᠃
ᠠ᠋ᠩᠭᠡᠳᠦᠢ᠍ᠪᠰᠢᠨ᠂ ᠮᠤᠩᠭᠤᠯ ᠤᠯᠤᠰ᠎ᠤᠨ᠎ᠬᠢᠨ ᠳᠤᠮᠳᠠᠳᠤ ᠤᠯᠤᠰ᠎ᠤᠨ ᠬᠦᠭᠵᠢᠯᠳᠡ ᠵᠢᠨ ᠯᠤᠳᠤ ᠶᠡᠭᠡ ᠠᠮᠵᠢᠯᠳᠠ ᠪᠦᠳᠦᠮᠵᠢ ᠵᠢ ᠪᠢᠰᠢᠷᠡᠵᠤ ᠪᠠᠢ᠌ᠨ᠎ᠠ᠂ ᠮᠤᠩᠭᠤᠯ᠎ᠤᠨ᠎ᠬᠢᠨ ᠨᠢᠭᠡ ᠳᠤᠮᠳᠠᠳᠤ ᠤᠯᠤᠰ᠎ᠤᠨ ᠵᠠᠷᠴᠢᠮ᠎ᠢ ᠪᠠᠷᠢᠮᠳᠠᠯᠠᠵᠤ᠂ ᠳᠤᠷᠠᠳᠠᠶ᠎ᠡ ᠬᠠᠮᠳᠤ᠎ᠪᠠᠷ ᠴᠢᠷᠮᠠᠢ᠌ᠨ ᠬᠤᠶᠠᠷ ᠳᠠᠯ᠎ᠠ ᠵᠢᠨ ᠳᠡᠭᠡᠳᠤ ᠳᠠᠪᠬᠤᠷᠭ᠋ᠠᠨ᠎ᠤ ᠬᠠᠮᠳᠤ ᠵᠢᠨ ᠳᠠᠨᠢᠯᠳᠠ ᠵᠢ ᠨᠠᠢ᠌ᠳᠠᠪᠤᠷᠢᠵᠢᠭᠤᠯᠵᠤ᠂ 《ᠬᠦᠭᠵᠢᠯᠳᠡ ᠵᠢᠨ ᠵᠠᠮ》 ᠪᠤᠯᠤᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠰᠠᠢ᠌ᠳᠤᠷ ᠠᠪᠴᠠᠯᠳᠤᠭᠤᠯᠤᠨ᠂ ᠮᠤᠩᠭᠤᠯ ᠳᠤᠮᠳᠠᠳᠤ ᠵᠢᠨ ᠬᠠᠷᠢᠴᠠᠭ᠎ᠠ ᠵᠢ ᠬᠦᠷᠰᠢ ᠵᠡᠷᠭᠡᠯᠡᠳᠡᠭᠡ ᠤᠯᠤᠰ᠎ᠤᠨ ᠬᠠᠷᠢᠴᠠᠭ᠋ᠠᠨ᠎ᠤ ᠦᠯᠢᠭᠡᠷ ᠳᠠᠭᠤᠷᠢᠶᠠᠯ ᠪᠤᠯᠭ᠋ᠠᠨ᠎ᠠ ᠭᠡᠵᠤ ᠢᠯᠡᠷᠭᠡᠢ᠌ᠯᠡᠪᠡ᠃
ᠬᠠᠨ ᠵᠸᠩ ᠰᠦᠩ ᠳ᠋ᠢᠲᠠᠢ ᠠᠭᠤᠯᠵᠠᠬᠤ᠎ᠳᠤ᠎ᠪᠠᠨ᠂ ᠤᠷᠢᠳᠠᠪᠠᠷ ᠯᠠᠣᠰ᠎ᠤᠨ ᠠ᠋ᠮᠤᠨ᠎ᠡ ᠪᠡᠶ᠎ᠡ ᠵᠢᠨ ᠤᠰᠤᠨ ᠴᠠᠬᠢᠯᠭ᠋ᠠᠨ ᠦᠷᠳᠡᠭᠡᠨ᠎ᠤ ᠬᠠᠰᠢᠯᠭ᠎ᠠ ᠰᠡᠳᠡᠷᠡᠵᠤ ᠭᠠᠮᠰᠢᠭᠳᠠᠭᠰᠠᠨ ᠭᠡᠷᠡᠭ᠎ᠢ ᠳᠤᠬᠤᠨᠢᠭᠤᠯᠵᠤ ᠪᠠᠢ᠌ᠬᠤ᠎ᠪᠠᠨ ᠢᠯᠡᠳᠭᠡᠪᠡ᠃ ᠬᠠᠨ ᠵᠸᠩ᠂ ᠬᠤᠶᠠᠷ ᠨᠠᠮ ᠬᠤᠶᠠᠷ ᠤᠯᠤᠰ᠎ᠤᠨ ᠬᠠᠮᠤᠭ᠎ᠤᠨ ᠳᠡᠭᠡᠳᠤ ᠤᠳᠤᠷᠢᠳᠬᠤ ᠬᠦᠮᠦᠨ᠎ᠤ ᠳᠠᠢ᠌ᠴᠢᠯᠠᠯ ᠳᠠᠭ᠋ᠠᠭᠤᠯᠤᠯ ᠵᠶ᠋ᠡᠷ ᠳᠤᠮᠳᠠᠳᠤ ᠯᠠᠣᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠮᠳᠤᠷᠠᠯᠴᠠᠭ᠋ᠠᠨ᠎ᠤ ᠬᠠᠨᠢᠳᠠᠨ᠎ᠤ ᠬᠠᠷᠢᠴᠠᠭ᠎ᠠ ᠳᠠᠰᠤᠷᠠᠯᠳᠠ ᠦᠭᠡᠢ ᠬᠦᠨᠵᠡᠭᠡᠢ᠌ᠷᠡᠵᠤ᠂ ᠬᠤᠶᠠᠷ ᠤᠯᠤᠰ᠎ᠤᠨ ᠠᠷᠠᠳ ᠳᠦᠮᠡᠨ ᠪᠤᠯᠤᠨ ᠳᠤᠬᠠᠢ ᠵᠢᠨ ᠭᠠᠵᠠᠷ᠎ᠤᠨ ᠬᠦᠭᠵᠢᠯᠳᠡ᠎ᠳᠤ ᠠᠰᠢᠭ ᠬᠦᠷᠳᠡᠭᠡᠪᠡ᠃ ᠳᠤᠮᠳᠠᠳᠤ ᠵᠢᠨ᠎ᠬᠢᠨ ᠯᠠᠣᠰ᠎ᠤᠨ ᠳᠠᠯ᠎ᠠ ᠵᠢ ᠢᠳᠡᠭᠡᠯ᠎ᠲᠠᠢ ᠰᠠᠢ᠌ᠨ ᠬᠦᠷᠰᠢ ᠵᠡᠷᠭᠡᠯᠡᠳᠡᠭᠡ ᠤᠯᠤᠰ᠂ ᠰᠠᠢ᠌ᠨ ᠨᠠᠢ᠌ᠵᠠ᠂ ᠰᠠᠢ᠌ᠨ ᠨᠦᠬᠦᠷ᠂ ᠰᠠᠢ᠌ᠨ ᠬᠠᠨᠢᠳᠠᠨ ᠵᠶ᠋ᠡᠷ ᠦᠵᠡᠳᠡᠭ᠃ ᠳᠤᠷᠠᠳᠠᠶ᠎ᠡ ᠯᠠᠤᠰᠤᠨᠬᠢᠨᠲᠠᠢ ᠤᠯᠤᠯᠴᠠᠭ᠎ᠠ ᠵᠤᠬᠢᠴᠠᠭᠤᠯᠭ᠎ᠠ᠎ᠪᠠᠨ ᠴᠢᠩᠭ᠋ᠠᠳᠬᠠᠵᠤ᠂ ᠬᠤᠶᠠᠷ ᠳᠠᠯ᠎ᠠ ᠵᠢᠨ ᠳᠡᠭᠡᠳᠤ ᠳᠠᠪᠬᠤᠷᠭ᠋ᠠᠨ᠎ᠤ ᠤᠳᠤᠷᠢᠳᠬᠤ ᠬᠦᠮᠦᠨ᠎ᠤ ᠴᠢᠬᠤᠯᠠ ᠶᠡᠭᠡ ᠬᠠᠮᠳᠤ ᠵᠢᠨ ᠳᠠᠨᠢᠯᠳᠠ ᠵᠢ ᠬᠠᠮᠳᠤ᠎ᠪᠠᠷ ᠨᠠᠢ᠌ᠳᠠᠪᠤᠷᠢᠵᠢᠭᠤᠯᠤᠨ᠂ ᠳᠡᠭᠡᠳᠤ ᠳᠠᠪᠬᠤᠷᠭ᠋ᠠᠨ᠎ᠤ ᠬᠠᠷᠢᠯᠴᠠᠭ᠎ᠠ ᠶᠠᠪᠤᠯᠴᠠᠭ᠎ᠠ᠎ᠪᠠᠨ ᠪᠠᠷᠢᠮᠳᠠᠯᠠᠵᠤ᠂ ᠪᠠᠢ᠌ᠯᠳᠤᠬᠤ ᠪᠤᠳᠤᠯᠭ᠎ᠠ ᠵᠢᠨ ᠠᠴᠢ ᠬᠤᠯᠪᠤᠭᠳᠠᠯ ᠪᠦᠬᠦᠢ ᠳᠤᠮᠳᠠᠳᠤ ᠯᠠᠣᠰ᠎ᠤᠨ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠪᠠᠢ᠌ᠭᠤᠯᠤᠨ᠎ᠠ ᠭᠡᠵᠤ ᠢᠯᠡᠷᠭᠡᠢ᠌ᠯᠡᠪᠡ᠃
ᠰᠦᠩ ᠳ᠋ᠢ᠂ ᠯᠠᠣᠰ᠎ᠤᠨ ᠠ᠋ᠮᠤᠨᠡᠳᠤ ᠪᠡᠶ᠎ᠡ ᠵᠢᠨ ᠤᠰᠤᠨ ᠴᠠᠬᠢᠯᠭ᠋ᠠᠨ ᠦᠷᠳᠡᠭᠡᠨ᠎ᠤ ᠬᠠᠰᠢᠯᠭ᠎ᠠ ᠰᠡᠳᠡᠷᠡᠵᠤ ᠭᠠᠮᠰᠢᠭᠳᠠᠭᠰᠠᠨ᠎ᠳᠤ ᠳᠤᠮᠳᠠᠳᠤ ᠵᠢᠨ ᠳᠠᠯ᠎ᠠ᠎ᠠᠴᠠ ᠠ᠋ᠷᠭᠢᠮ ᠨᠡᠨᠳᠢᠨ ᠬᠠᠪᠰᠤᠷᠤᠯᠭ᠎ᠠ ᠳᠡᠮᠵᠢᠯᠭᠡ ᠦᠵᠡᠬᠦᠯᠦᠭᠰᠡᠨ᠎ᠳᠤ ᠳᠠᠯᠠᠷᠬᠠᠵᠤ ᠪᠠᠢ᠌ᠬᠤ᠎ᠪᠠᠨ ᠢᠯᠡᠳᠭᠡᠬᠦ ᠵᠢᠨ ᠬᠠᠮᠳᠤ ᠯᠠᠤᠰ ᠳᠤᠮᠳᠠᠳᠤ ᠵᠢᠨ ᠬᠠᠷᠢᠴᠠᠭ᠎ᠠ ᠳᠠᠰᠤᠷᠠᠯᠳᠠ ᠦᠭᠡᠢ ᠪᠡᠬᠢᠵᠢᠨ ᠬᠦᠨᠵᠡᠭᠡᠢ᠌ᠷᠡᠵᠤ ᠪᠠᠢ᠌ᠭ᠎ᠠ ᠵᠢ ᠳᠡᠭᠡᠳᠤ ᠭᠡᠮᠵᠢᠶ᠎ᠡ᠎ᠪᠠᠷ ᠦᠨᠡᠯᠡᠵᠤ᠂ ᠯᠠᠤᠰ᠎ᠤᠨ᠎ᠬᠢᠨ ᠳᠤᠷᠠᠳᠠᠶ᠎ᠡ ᠳᠤᠮᠳᠠᠳᠤ ᠵᠢᠨ ᠳᠠᠯ᠎ᠠ᠎ᠲᠠᠢ ᠬᠠᠮᠳᠤ᠎ᠪᠠᠷ ᠳᠡᠭᠡᠳᠤ ᠳᠠᠪᠬᠤᠷᠭ᠋ᠠᠨ᠎ᠤ ᠬᠠᠷᠢᠯᠴᠠᠭ᠎ᠠ ᠶᠠᠪᠤᠯᠴᠠᠭ᠎ᠠ᠎ᠪᠠᠨ ᠨᠢᠬᠳᠠᠷᠠᠭᠤᠯᠤᠨ᠂ ᠪᠤᠳᠠᠳᠠᠢ ᠵᠢ ᠠ᠋ᠷᠭᠢᠮᠯᠡᠭᠰᠡᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠵᠤ᠂ ᠪᠠᠳᠤ ᠪᠡᠬᠢ ᠯᠠᠤᠰ ᠳᠤᠮᠳᠠᠳᠤ ᠵᠢᠨ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠪᠠᠢ᠌ᠭᠤᠯᠤᠨ᠎ᠠ ᠭᠡᠵᠤ ᠢᠯᠡᠷᠭᠡᠢ᠌ᠯᠡᠪᠡ᠃
ᠬᠠᠨ ᠵᠸᠩ ᠰᠢᠩᠭ᠋ᠠᠫᠤᠷ᠎ᠤᠨ ᠡᠤ ᠽᠦᠸᠸ ᠳ᠋ᠦᠩ᠎ᠲᠠᠢ ᠠᠭᠤᠯᠵᠠᠬᠤ᠎ᠳᠤ᠎ᠪᠠᠨ᠂ ᠳᠤᠮᠳᠠᠳᠤ ᠰᠢᠩᠭ᠋ᠠᠫᠤᠷ ᠪᠤᠯ ᠨᠦᠬᠦᠷᠰᠡᠭ ᠳᠤᠳᠤᠨᠤ ᠬᠦᠷᠰᠢ ᠵᠡᠷᠭᠡᠯᠡᠳᠡᠭᠡ ᠤᠯᠤᠰ ᠪᠤᠯᠤᠨ᠎ᠠ᠂ ᠬᠤᠶᠠᠷ ᠤᠯᠤᠰ᠎ᠤᠨ ᠤᠯᠠᠨ ᠬᠤᠭᠤᠴᠠᠭ᠋ᠠᠨ᠎ᠤ ᠤᠳᠤᠷᠢᠳᠬᠤ ᠬᠦᠮᠦᠨ᠎ᠤ ᠬᠠᠯᠠᠮᠵᠢᠯᠠᠯ ᠵᠶ᠋ᠡᠷ ᠬᠠᠷᠢᠯᠴᠠᠨ ᠰᠤᠷᠤᠯᠴᠠᠵᠤ ᠬᠠᠷᠢᠯᠴᠠᠨ ᠳᠤᠯᠢ ᠪᠤᠯᠭ᠋ᠠᠬᠤ᠂ ᠬᠠᠷᠢᠯᠴᠠᠨ ᠠᠰᠢᠭᠲᠠᠢ ᠬᠠᠮᠳᠤ᠎ᠪᠠᠷ ᠠᠰᠢᠭ ᠤᠯᠬᠤ ᠬᠠᠮᠳᠤᠷᠠᠯᠴᠠᠭ᠋ᠠᠨ᠎ᠤ ᠵᠠᠮ᠎ᠢ ᠪᠦᠳᠦᠭᠡᠯᠴᠢ᠎ᠪᠠᠷ ᠨᠡᠭᠡᠭᠡᠭᠰᠡᠨ ᠶᠤᠮ᠃ ᠳᠤᠮᠳᠠᠳᠤ ᠵᠢᠨ᠎ᠬᠢᠨ ᠳᠤᠷᠠᠳᠠᠶ᠎ᠡ ᠰᠢᠩᠭ᠋ᠠᠫᠤᠷ᠎ᠤᠨ ᠳᠠᠯ᠎ᠠ᠎ᠲᠠᠢ ᠬᠠᠮᠳᠤ᠎ᠪᠠᠷ ᠰᠢᠨ᠎ᠠ ᠨᠢᠭᠡᠨ ᠠ᠋ᠭᠡᠯᠵᠢ ᠵᠢᠨ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠤ ᠳᠤᠭᠳᠠᠴᠠ ᠵᠢᠨ ᠬᠤᠷᠠᠯ᠎ᠢ ᠰᠠᠢ᠌ᠳᠤᠷ ᠬᠢᠵᠤ᠂ ᠳᠦᠷᠢᠮ ᠵᠶ᠋ᠡᠷ ᠰᠠᠭᠤᠷᠢ ᠪᠤᠯᠭ᠋ᠠᠭᠰᠠᠨ ᠤᠯᠠᠨ ᠳᠠᠯᠠᠳᠤ ᠠᠷᠠᠯᠵᠢᠶᠠᠨ᠎ᠤ ᠳᠦᠷᠢᠮ᠎ᠢ ᠬᠠᠮᠳᠤ᠎ᠪᠠᠷ ᠬᠠᠮᠠᠭ᠋ᠠᠯᠠᠵᠤ᠂ ᠠᠵᠤ ᠠᠬᠤᠢ ᠵᠢ ᠳᠡᠯᠡᠭᠡᠢ᠌ᠵᠢᠬᠦᠯᠵᠤ᠂ ᠤᠯᠠᠮ ᠴᠢᠯᠦᠭᠡᠳᠡᠢ᠂ ᠪᠠᠭᠳᠠᠭ᠋ᠠᠮᠵᠢᠳᠠᠢ᠂ ᠨᠡᠢ᠌ᠳᠡᠮ ᠠᠰᠢᠭ ᠬᠦᠷᠳᠡᠬᠦ᠂ ᠳᠡᠩᠴᠡᠬᠦᠷᠢᠳᠡᠢ᠂ ᠬᠠᠮᠳᠤ᠎ᠪᠠᠷ ᠠᠰᠢᠭ ᠤᠯᠬᠤ ᠳᠡᠰ᠎ᠢ ᠬᠦᠭᠵᠢᠬᠦᠯᠦᠨ᠎ᠡ ᠭᠡᠵᠤ ᠢᠯᠡᠷᠭᠡᠢ᠌ᠯᠡᠪᠡ᠃
ᠡᠤ ᠽᠦᠸᠸ ᠳ᠋ᠦᠩ᠂ ᠰᠢᠩᠭ᠋ᠠᠫᠤᠷ᠎ᠤᠨ᠎ᠬᠢᠨ ᠰᠢᠩᠭ᠋ᠠᠫᠤᠷ ᠳᠤᠮᠳᠠᠳᠤ ᠵᠢᠨ ᠬᠠᠷᠢᠴᠠᠭ᠎ᠠ ᠵᠢ ᠴᠢᠬᠤᠯᠠᠴᠢᠯᠠᠭᠰᠠᠭ᠋ᠠᠷ ᠢᠷᠡᠪᠡ᠃ ᠤᠳᠤᠬᠠᠨ᠎ᠳᠤ ᠰᠢᠩᠭ᠋ᠠᠫᠤᠷ ᠳᠤᠮᠳᠠᠳᠤ ᠵᠢᠨ ᠬᠠᠷᠢᠴᠠᠭ᠎ᠠ ᠦᠷᠬᠦᠯᠵᠢᠯᠡᠨ ᠳᠤᠭᠳᠠᠭᠤᠨ ᠵᠶ᠋ᠡᠷ ᠬᠦᠭᠵᠢᠵᠤ᠂ ᠬᠠᠮᠳᠤᠷᠠᠯᠴᠠᠭ᠎ᠠ᠎ᠨᠢ ᠪᠦᠬᠦ ᠳᠠᠯ᠎ᠠ ᠵᠢᠨ᠂ ᠤᠯᠠᠨ ᠠ᠋ᠰᠢᠵᠢᠭ᠌ᠰᠡᠨ ᠪᠤᠯᠵᠤ ᠪᠠᠢ᠌ᠨ᠎ᠠ᠃ ᠰᠢᠩᠭ᠋ᠠᠫᠤᠷ᠎ᠤᠨ᠎ᠬᠢᠨ ᠭᠠᠭᠴᠠ ᠳᠠᠯᠠᠳᠤ ᠦᠵᠡᠯ ᠪᠠ ᠬᠠᠮᠠᠭ᠋ᠠᠯᠠᠬᠤ ᠦᠵᠡᠯ᠎ᠢ ᠠ᠋ᠰᠡᠷᠬᠦᠴᠡᠵᠤ᠂ ᠬᠠᠮᠳᠤ᠎ᠪᠠᠷ ᠠᠰᠢᠭ ᠤᠯᠬᠤ᠂ ᠤᠯᠠᠨ ᠠᠰᠢᠭ ᠤᠯᠬᠤ ᠵᠢ ᠠ᠋ᠷᠬᠢᠮᠯᠡᠨᠡ᠃ ᠰᠢᠩᠭ᠋ᠠᠫᠤᠷ᠎ᠤᠨ᠎ᠬᠢᠨ ᠳᠤᠷᠠᠳᠠᠶ᠎ᠡ ᠳᠤᠮᠳᠠᠳᠤ ᠵᠢᠨ ᠳᠠᠯ᠎ᠠ᠎ᠲᠠᠢ ᠬᠠᠷᠢᠯᠴᠠᠨ ᠬᠤᠯᠪᠤᠭ᠋ᠠᠯᠠᠵᠤ ᠬᠠᠷᠢᠯᠴᠠᠨ ᠨᠡᠪᠳᠡᠷᠡᠯᠴᠡᠬᠦ᠎ᠪᠠᠨ ᠴᠢᠩᠭ᠋ᠠᠳᠬᠠᠵᠤ᠂ ᠨᠡᠭᠡᠭᠡᠯᠳᠡᠳᠤ ᠴᠢᠨᠠᠷ ᠪᠦᠬᠦᠢ ᠳᠡᠯᠡᠭᠡᠢ ᠵᠢᠨ ᠠᠵᠤ ᠠᠬᠤᠢ ᠵᠢ ᠠᠬᠢᠭᠤᠯᠤᠨ᠂ ᠰᠢᠩᠭ᠋ᠠᠫᠤᠷ ᠳᠤᠮᠳᠠᠳᠤ ᠵᠢᠨ ᠬᠠᠷᠢᠴᠠᠭ᠎ᠠ ᠵᠢ ᠳᠠᠰᠤᠷᠠᠯᠳᠠ ᠦᠭᠡᠢ ᠬᠦᠭᠵᠢᠬᠦᠯᠦᠨ᠎ᠡ ᠭᠡᠵᠤ ᠢᠯᠡᠷᠭᠡᠢ᠌ᠯᠡᠪᠡ᠃


