ᠰᠢᠨᠬᠤᠸᠠ ᠬᠤᠷᠢᠶᠠᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 23᠎ᠤ ᠠ᠋ᠳᠤᠷ᠎ᠤᠨ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠮᠸᠢ ᠬᠠᠢ ᠸᠸᠢ) ᠳᠦᠷᠦ ᠵᠢᠨ ᠶᠠᠪᠤᠳᠠᠯ᠎ᠤᠨ ᠬᠤᠷᠢᠶᠠᠨ᠎ᠤ ᠭᠡᠰᠢᠬᠦᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠳᠠᠷᠤᠭ᠎ᠠ ᠸᠸᠢ ᠹᠸᠩ ᠠ᠋ᠾᠸ 23᠎ᠤ ᠠ᠋ᠳᠤᠷ ᠪᠡᠭᠡᠵᠢᠩ᠎ᠳᠤ ᠳᠠᠨᠽᠠᠨᠢᠶᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠴᠡᠷᠢᠭ᠎ᠤᠨ ᠰᠸᠯᠢᠩ ᠮᠠᠪᠸᠶᠦᠸᠸᠲᠠᠢ ᠠᠭᠤᠯᠵᠠᠪᠠ᠃
ᠸᠸᠢ ᠹᠸᠩ ᠠ᠋ᠾᠸ᠂ ᠳᠤᠮᠳᠠᠳᠤ ᠤᠯᠤᠰ ᠪᠤᠯᠤᠨ ᠳᠠᠨᠽᠠᠨᠢᠶᠠ ᠪᠤᠯ ᠪᠠᠳᠤ ᠪᠡᠬᠢ ᠤᠯᠠᠮᠵᠢᠯᠠᠯᠳᠤ ᠨᠦᠬᠦᠷᠯᠡᠯ᠎ᠤᠨ ᠬᠠᠷᠢᠴᠠᠭ᠎ᠠ᠎ᠲᠠᠢ ᠤᠯᠤᠰ ᠪᠤᠯᠤᠨ᠎ᠠ᠃ ᠳᠤᠮᠳᠠᠳᠤ ᠤᠯᠤᠰ ᠪᠤᠯᠤᠨ ᠳᠠᠨᠽᠠᠨᠢᠶᠠ ᠵᠢᠨ ᠴᠡᠷᠢᠭ ᠠᠩᠬᠢ ᠤᠨᠴᠠᠭ᠋ᠠᠢ ᠨᠦᠬᠦᠷᠯᠡᠯ᠎ᠤᠨ ᠬᠠᠷᠢᠴᠠᠭ᠎ᠠ᠎ᠪᠠᠨ ᠤᠷᠳᠤ ᠬᠤᠭᠤᠴᠠᠭ᠎ᠠ᠎ᠪᠠᠷ ᠪᠠᠷᠢᠮᠳᠠᠯᠠᠵᠤ᠂ ᠡᠯ᠎ᠡ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠋ᠠᠨᠳᠤ ᠠ᠋ᠯᠪᠡᠭ ᠦᠷ᠎ᠡ ᠪᠦᠳᠦᠮᠵᠢ ᠤᠯᠤᠭᠰᠠᠨ ᠶᠤᠮ᠃ ᠳᠤᠮᠳᠠᠳᠤ ᠤᠯᠤᠰ᠎ᠤᠨ ᠴᠡᠷᠢᠭ ᠠᠩᠬᠢ ᠳᠤᠷᠠᠳᠠᠶ᠎ᠠ ᠳᠠᠨᠽᠠᠨᠢᠶᠠ ᠵᠢᠨ ᠴᠡᠷᠢᠭ ᠠᠩᠬᠢ᠎ᠲᠠᠢ ᠬᠠᠮᠳᠤ᠎ᠪᠠᠷ ᠳᠤᠮᠳᠠᠳᠤ ᠳᠠᠨᠽᠠᠨᠢᠶᠠ ᠵᠢᠨ ᠤᠯᠠᠮᠵᠢᠯᠠᠯᠳᠤ ᠨᠦᠬᠦᠷᠯᠡᠯ᠎ᠢ ᠵᠠᠯᠭ᠋ᠠᠮᠵᠢᠯᠠᠨ᠂ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢᠨ ᠪᠦᠳᠦᠭᠡᠨ ᠪᠠᠢ᠌ᠭᠤᠯᠤᠯᠳᠠ ᠪᠠ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠢ᠌ᠭᠤᠯᠤᠯᠳᠠ ᠵᠢ ᠠᠬᠢᠭᠤᠯᠵᠤ᠂ ᠬᠠᠮᠳᠤᠷᠠᠯᠴᠠᠭ᠎ᠠ᠎ᠪᠠᠨ ᠳᠠᠰᠤᠷᠠᠯᠳᠠ ᠦᠭᠡᠢ ᠭᠦᠨᠵᠡᠭᠡᠢ᠌ᠷᠡᠭᠦᠯᠤᠨᠡ ᠭᠡᠵᠤ ᠭᠡᠯᠡᠪᠡ᠃