ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠶᠦᠩ᠎ᠲᠠᠢ ᠤᠯᠤᠰ᠎ᠲᠤ ᠬᠦᠷᠴᠤ ᠳᠤᠮᠳᠠᠳᠤ᠎ᠲᠠᠢ ᠤᠯᠤᠰ᠎ᠤᠨ ᠠᠵᠤ ᠠᠬᠤᠢ ᠠᠷᠠᠯᠵᠢᠶᠠᠨ᠎ᠤ ᠬᠤᠯᠪᠤᠭ᠋ᠠᠨ᠎ᠤ ᠵᠦᠪᠯᠡᠯ᠎ᠤᠨ ᠵᠢᠷᠭᠤᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠢᠪᠡ
ᠨᠡᠶᠢᠲᠡᠯᠡᠭᠰᠡᠨ ᠴᠠᠭ᠄ 2018-11-08

           
      ᠳᠦᠷᠦ ᠵᠢᠨ ᠶᠠᠪᠤᠳᠠᠯ᠎ᠤᠨ ᠭᠡᠰᠢᠬᠦᠨ ᠸᠠᠩ ᠶᠦᠩ 8 ᠳ᠋ᠤᠭ᠋ᠠᠷ ᠰᠠᠷ᠎ᠠ ᠵᠢᠨ 24᠎ᠤ ᠠ᠋ᠳᠤᠷ᠎ᠲᠠᠢ ᠤᠯᠤᠰ᠎ᠤᠨ ᠪᠠᠩᠺᠤᠺ᠎ᠳᠤ ᠬᠦᠷᠴᠤ᠂᠎ᠲᠠᠢ ᠤᠯᠤᠰ᠎ᠤᠨ ᠳᠡᠳ᠋ ᠶᠡᠷᠦᠩᠭᠡᠢ ᠰᠠᠢ᠌ᠳ ᠰᠦᠩᠴᠢ᠎ᠲᠠᠢ ᠬᠠᠮᠳᠤᠪᠠᠷ ᠳᠤᠮᠳᠠᠳᠤ᠎ᠲᠠᠢ ᠤᠯᠤᠰ᠎ᠤᠨ ᠠᠵᠤ ᠠᠬᠤᠢ ᠠᠷᠠᠯᠵᠢᠶᠠᠨ᠎ᠤ ᠬᠤᠯᠪᠤᠭ᠋ᠠᠨ᠎ᠤ ᠵᠦᠪᠯᠡᠯ᠎ᠤᠨ ᠵᠢᠷᠭᠤᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠢᠵᠠᠢ᠃
      ᠸᠠᠩ ᠶᠦᠩ᠂ ᠨᠢᠳᠤᠨᠤᠨ ᠳᠡᠷᠢᠬᠦᠯᠡᠭᠴᠢ ᠰᠢ ᠵᠢᠨ ᠫᠢᠩ ᠪᠤᠯᠤᠨ ᠶᠠᠷᠦᠩᠭᠡᠢ ᠰᠠᠢ᠌ᠳ ᠪᠠᠶᠢᠦᠢ ᠬᠤᠶᠠᠷᠳᠠ ᠠᠭᠤᠯᠵᠠᠨ᠂ ᠬᠤᠶᠠᠷ ᠤᠯᠤᠰ᠎ᠤᠨ ᠬᠠᠷᠢᠴᠠᠭ᠋ᠠᠨ᠎ᠤ ᠬᠦᠭᠵᠢᠯᠳᠡ ᠵᠢᠨ ᠰᠢᠨ᠎ᠠ ᠵᠠᠮ᠎ᠢ ᠵᠢᠭ᠋ᠠᠭᠰᠠᠨ ᠶᠤᠮ᠃ ᠬᠤᠶᠠᠷ ᠳᠠᠯ᠎ᠠ᠎ᠪᠠᠷ ᠵᠶ᠋ᠡᠨ ᠠ᠋ᠬᠦᠨ ᠵᠶ᠋ᠡᠷ ᠵᠢᠯᠤᠭᠤᠳᠤᠯᠭ᠎ᠠ ᠪᠤᠯᠭ᠋ᠠᠨ᠂ ᠬᠤᠶᠠᠷ ᠤᠯᠤᠰ᠎ᠤᠨ ᠤᠳᠤᠷᠢᠳᠬᠤ ᠬᠦᠮᠦᠨ᠎ᠤ ᠬᠠᠮᠳᠤ ᠵᠢᠨ ᠳᠠᠨᠢᠯᠳᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》᠎ᠤᠨ ᠳᠦᠰᠦᠪ᠎ᠤᠨ ᠳᠤᠭᠤᠷᠢᠨ᠎ᠳᠤ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ᠎ᠪᠠᠨ ᠠᠪᠴᠠᠯᠳᠤᠭᠤᠯᠬᠤ ᠵᠢ ᠴᠢᠩᠭ᠋ᠠᠳᠬᠠᠨ᠂ ᠬᠤᠶᠠᠷ ᠤᠯᠤᠰ᠎ᠤᠨ ᠡᠯ᠎ᠡ ᠬᠦᠷᠢᠶ᠎ᠡ ᠴᠠᠷᠠᠭ᠎ᠠ ᠵᠢᠨ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ᠎ᠪᠠᠨ ᠨᠡᠩ ᠶᠡᠭᠡ ᠭᠡᠪᠴᠢᠶᠠᠵᠢᠯ᠎ᠲᠠᠢ᠂ ᠨᠡᠩ ᠬᠦᠨᠵᠡᠭᠡᠢ᠌ᠷᠡᠬᠦᠯᠦᠨ ᠦᠷᠭᠡᠳᠭᠡᠬᠦ ᠵᠢ ᠠᠬᠢᠭᠤᠯᠤᠨ᠎ᠠ ᠭᠡᠵᠤ ᠭᠡᠯᠡᠪᠡ᠃
      ᠰᠦᠩᠴᠢ᠂᠎ᠲᠠᠢ ᠤᠯᠤᠰ᠎ᠤᠨ᠎ᠬᠢᠨ ᠬᠤᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠳᠤᠷᠠᠯᠴᠠᠭ᠎ᠠ ᠵᠢ ᠴᠢᠬᠤᠯᠠᠴᠢᠯᠠᠨ ᠦᠵᠡᠵᠤ᠂ ᠳᠤᠷᠠᠳᠠᠶ᠎ᠡ ᠳᠤᠮᠳᠠᠳᠤ ᠤᠯᠤᠰ᠎ᠤᠨ ᠬᠦᠭᠵᠢᠯᠳᠡ ᠵᠢᠨ ᠳᠤᠷᠰᠢᠯᠭ᠎ᠠ᠎ᠪᠠᠷ ᠳᠤᠯᠢ ᠪᠤᠯᠭ᠋ᠠᠨ᠂ 《ᠵᠡᠬᠦᠨ ᠪᠡᠶ᠎ᠡ ᠵᠢᠨ ᠠᠵᠤ ᠠᠬᠤᠢ ᠵᠢᠨ ᠬᠤᠩᠬᠢᠯ》 ᠪᠤᠯᠤᠨ 《ᠨᠢᠭᠡ ᠪᠦᠰᠡ ᠨᠢᠭᠡ ᠵᠡᠮ》᠎ᠤᠨ ᠪᠦᠳᠦᠭᠡᠨ ᠪᠠᠢ᠌ᠭᠤᠯᠤᠯᠳᠠ ᠵᠢᠨ ᠠᠪᠴᠠᠯᠳᠤᠯᠭ᠎ᠠ᠎ᠪᠠᠨ ᠴᠢᠩᠭ᠋ᠠᠳᠬᠠᠵᠤ᠂ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ᠎ᠲᠠᠢ ᠤᠯᠤᠰ᠎ᠲᠤ ᠢᠷᠡᠵᠤ ᠪᠡᠯᠡ ᠤᠷᠤᠭᠤᠯᠬᠤ᠎ᠳᠤ ᠳᠦᠬᠦᠮ ᠦᠵᠡᠬᠦᠯᠦᠨ᠂᠎ᠲᠠᠢ ᠤᠯᠤᠰ᠎ᠤᠨ ᠠᠵᠤ ᠠᠬᠤᠢ᠌ᠯᠠᠯ᠎ᠤᠨ ᠠᠩᠬᠠᠳᠠᠭᠴᠢ ᠤᠳᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ᠎ᠠᠴᠠ ᠣᠷᠤᠭᠤᠯᠬᠤ ᠴᠤᠭᠯᠠᠭ᠋ᠠᠨ᠎ᠳᠤ ᠢᠳᠡᠪᠬᠢᠳᠡᠢ ᠤᠷᠤᠯᠴᠠᠬᠤ ᠵᠢ ᠳᠡᠮᠵᠢᠨ᠎ᠡ ᠭᠡᠵᠤ ᠢᠯᠡᠷᠭᠡᠢ᠌ᠯᠡᠪᠡ᠃
      ᠬᠤᠶᠠᠷ ᠤᠯᠤᠰ ᠬᠠᠮᠳᠤᠷᠠᠨ ᠭᠠᠭᠴᠠ ᠳᠠᠯᠠᠳᠤ ᠦᠵᠡᠯ ᠪᠤᠯᠤᠨ ᠠᠷᠠᠯᠵᠢᠶᠠᠨ᠎ᠤ ᠬᠠᠮᠠᠭ᠋ᠠᠯᠠᠬᠤ ᠦᠵᠡᠯ᠎ᠢ ᠠ᠋ᠰᠡᠷᠬᠦᠴᠡᠵᠤ᠂ ᠠᠷᠠᠯᠵᠢᠶᠠᠨ᠎ᠤ ᠪᠡᠯᠡ ᠤᠷᠤᠭᠤᠯᠤᠯᠳᠠ ᠵᠢ ᠴᠢᠯᠦᠭᠡᠳᠡᠢ᠂ ᠳᠦᠬᠦᠮ ᠪᠤᠯᠭ᠋ᠠᠨ᠎ᠠ ᠭᠡᠵᠤ ᠰᠠᠨᠠᠯ ᠨᠢᠭᠡᠳᠡᠢ ᠦᠵᠡᠵᠡᠢ᠃ ᠬᠤᠶᠠᠷ ᠳᠠᠯ᠎ᠠ᠎ᠪᠠᠷ ᠵᠶ᠋ᠡᠨ ᠠᠵᠤ ᠠᠬᠤᠢ ᠵᠢ ᠬᠦᠭᠵᠢᠬᠦᠯᠬᠦ ᠪᠠᠢ᠌ᠯᠳᠤᠬᠤ ᠪᠤᠳᠤᠯᠭ᠎ᠠ ᠵᠢ ᠠᠪᠴᠠᠯᠳᠤᠭᠤᠯᠬᠤ ᠵᠢᠨ ᠳᠤᠭᠤᠷᠢᠨ᠎ᠳᠤ ᠠᠷᠠᠯᠵᠢᠶᠠᠨ᠎ᠤ ᠪᠡᠯᠡ ᠤᠷᠤᠭᠤᠯᠤᠯᠳᠠ ᠵᠢ ᠴᠢᠩᠭ᠋ᠠᠳᠬᠠᠬᠤ᠂ ᠬᠠᠷᠢᠯᠴᠠᠨ ᠬᠤᠯᠪᠤᠭ᠋ᠠᠯᠠᠵᠤ ᠬᠠᠷᠢᠯᠴᠠᠨ ᠤᠯᠤᠯᠴᠠᠬᠤ᠂ ᠳᠠᠷᠢᠶᠠᠯᠠᠩ᠂ ᠰᠢᠨᠵᠢᠯᠠᠬᠦ ᠤᠬᠠᠭ᠋ᠠᠨ ᠮᠡᠷᠭᠡᠵᠢᠯ᠂ ᠰᠠᠨᠰᠠᠷ᠎ᠤᠨ ᠠᠶᠠᠯᠠᠯ᠂ ᠵᠤᠭ᠋ᠠᠴᠠᠯ᠂ ᠮᠦᠩᠬᠦᠨ ᠬᠦᠢ᠍ᠯᠭᠡᠭᠡ ᠵᠡᠷᠭᠡ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠋ᠠᠨ᠎ᠤ ᠳᠤᠬᠠᠢ ᠬᠦᠨᠵᠡᠭᠡᠢ ᠶᠠᠷᠢᠯᠴᠠᠨ᠂ ᠤᠯᠠᠨ ᠵᠦᠢ᠍ᠯ᠎ᠤᠨ ᠵᠦᠪᠳᠡᠯᠴᠡᠭᠡᠷ ᠳᠤᠭᠳᠠᠵᠠᠢ᠃ ᠬᠤᠷᠠᠯ᠎ᠤᠨ ᠳᠠᠷᠠᠭ᠎ᠠ ᠬᠤᠶᠠᠷ ᠳᠠᠯ᠎ᠠ᠎ᠪᠠᠷ ᠵᠶ᠋ᠡᠨ ᠬᠤᠷᠠᠯ᠎ᠤᠨ ᠳᠤᠪᠴᠢ ᠪᠤᠯᠤᠨ ᠤᠯᠠᠨ ᠵᠦᠢ᠍ᠯ᠎ᠤᠨ ᠬᠠᠮᠳᠤᠷᠠᠯᠴᠠᠭ᠋ᠠᠨ᠎ᠤ ᠪᠢᠴᠢᠭ ᠮᠠᠲᠸᠷᠢᠶᠠᠯ᠎ᠳᠤ ᠭᠠᠷ᠎ᠤᠨ ᠦᠰᠦᠭ ᠵᠢᠷᠤᠭᠰᠠᠨ ᠪᠠᠢ᠌ᠨ᠎ᠠ᠃
      ᠸᠠᠩ ᠶᠦᠩ᠎ᠲᠠᠢ ᠤᠯᠤᠰ᠎ᠲᠤ ᠠᠢ᠌ᠯᠴᠢᠯᠠᠬᠤ ᠬᠤᠭᠤᠴᠠᠭ᠋ᠠᠨ᠎ᠳᠤ᠎ᠪᠠᠨ ᠪᠠᠰᠠ 2018 ᠤᠨ᠎ᠤ ᠳᠤᠮᠳᠠᠳᠤ᠎ᠲᠠᠢ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠳᠤᠷᠠᠯᠴᠠᠭ᠋ᠠᠨ᠎ᠤ ᠶᠠᠷᠢᠶᠠᠨ᠎ᠤ ᠳᠠᠪᠴᠠᠩ᠎ᠳᠤ ᠤᠷᠤᠯᠴᠠᠬᠤ ᠵᠢᠨ ᠬᠠᠮᠳᠤ᠎ᠲᠠᠢ ᠤᠯᠤᠰ᠎ᠤᠨ 《ᠵᠡᠬᠦᠨ ᠪᠡᠶ᠎ᠡ ᠵᠢᠨ ᠠᠵᠤ ᠠᠬᠤᠢ ᠵᠢᠨ ᠬᠤᠩᠬᠢᠯ》᠎ᠤᠨ ᠳᠦᠯᠦᠪᠵᠢᠬᠦᠯᠭᠡ ᠪᠦᠳᠦᠭᠡᠨ ᠪᠠᠢ᠌ᠭᠤᠯᠤᠯᠳᠠ ᠵᠢᠨ ᠪᠠᠢ᠌ᠳᠠᠯ᠎ᠢ ᠰᠢᠨᠵᠢᠯᠠᠨ ᠪᠠᠢ᠌ᠴᠠᠭ᠋ᠠᠵᠠᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠢᠨᠳᠦᠨ᠋ᠸᠰᠢᠶ᠎ᠠ ᠵᠢᠨ ᠶᠡᠷᠦᠩᠭᠡᠢ ᠰᠠᠢ᠌ᠳ ᠮᠦᠳᠢ ᠸᠸᠢ ᠹᠸᠩ ᠠ᠋ᠾᠸ᠎ᠲᠠᠢ ᠠᠭᠤᠯᠵᠠᠵᠠᠢ
ᠯᠢ ᠺᠸ ᠴᠢᠶᠠᠩ ᠮᠠᠯᠠᠢ᠌ᠰᠢᠶ᠎ᠠ ᠵᠢᠨ ᠶᠡᠷᠦᠩᠭᠡᠢ ᠰᠠᠢ᠌ᠳ ᠮᠠᠬᠠᠳᠢᠷ᠎ᠲᠠᠢ ᠬᠠᠮᠳᠤᠪᠠᠷ ᠰᠤᠷᠪᠤᠯᠵᠢᠯᠠᠭᠴᠢ᠎ᠲᠠᠢ ᠠᠭᠤᠯᠵᠠᠪᠠ
ᠸᠠᠩ ᠢ ᠳᠤᠮᠳᠠᠳᠤ ᠮᠤᠩᠭᠤᠯ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠭᠡᠯᠡᠯᠴᠡᠭᠡᠷ᠎ᠤᠨ ᠳᠤᠬᠠᠢ ᠳᠠᠨᠢᠯᠴᠠᠭᠤᠯᠪᠠ
ᠸᠠᠩ ᠢ᠄ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠪᠤᠯ 《ᠮᠠᠷᠱᠸᠯ᠎ᠤᠨ ᠳᠦᠯᠦᠪᠯᠡᠭᠡ》 ᠪᠢᠰᠢ ᠬᠠᠷᠢᠨ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠬᠠᠮᠳᠤᠪᠡᠷ ᠪᠠᠢ᠌ᠭᠤᠯᠬᠤ ᠠᠮᠢᠳᠤᠯᠢᠭ ᠦᠢ᠍ᠯᠡᠳᠦᠯᠭᠡ ᠪᠤᠯᠤᠨ᠎ᠠ
ᠬᠤ᠌ ᠴᠦᠨ ᠬᠤᠸᠠ ᠯᠢᠶᠤᠤᠨᠢᠩ ᠮᠤᠵᠢ ᠵᠢᠨ ᠭᠠᠳᠠᠭ᠋ᠠᠳᠤ ᠠᠷᠠᠯᠵᠢᠶᠠᠨ᠎ᠤ ᠠᠵᠢᠯ᠎ᠢ ᠪᠠᠢ᠌ᠴᠠᠭ᠋ᠠᠨ ᠰᠤᠳᠤᠯᠪᠠ
 
            