ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢᠦ ᠠ᠋ᠾᠸ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠳ᠋ ᠳᠡᠷᠢᠬᠦᠯᠡᠭᠴᠢ ᠺᠠᠲ᠋ᠠᠢ᠌ᠨᠢᠩ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-08

           
     7 ᠳ᠋ᠤᠭ᠋ᠠᠷ ᠰᠠᠷ᠎ᠠ ᠵᠢᠨ 16᠎ᠤ ᠠ᠋ᠳᠤᠷ᠎ᠤᠨ ᠦᠳᠡ ᠵᠢᠨ ᠬᠤᠢ᠌ᠨ᠎ᠠ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠯᠢᠦ ᠠ᠋ᠾᠸ ᠬᠤᠷᠢᠳᠤᠭ᠋ᠠᠷ ᠤᠳᠠᠭ᠎ᠠ ᠵᠢᠨ ᠳᠤᠮᠳᠠᠳᠤ ᠤᠯᠤᠰ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠤᠳᠤᠷᠢᠳᠬᠤ ᠬᠦᠮᠦᠰ᠎ᠤᠨ ᠠᠭᠤᠯᠵᠠᠯᠳᠠ᠎ᠳᠤ ᠤᠷᠤᠯᠴᠠᠭᠰᠠᠨ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠳ᠋ ᠳᠡᠷᠢᠬᠦᠯᠡᠭᠴᠢ ᠺᠠᠲ᠋ᠠᠢ᠌ᠨᠢᠩ᠎ᠲᠠᠢ ᠠᠭᠤᠯᠵᠠᠪᠠ᠃
      ᠯᠢᠦ ᠠ᠋ᠾᠸ᠎ᠠᠴᠠ ᠳᠤᠮᠳᠠᠳᠤ ᠤᠯᠤᠰ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠤᠳᠤᠷᠢᠳᠬᠤ ᠬᠦᠮᠦᠰ᠎ᠤᠨ ᠠᠭᠤᠯᠵᠠᠯᠳᠠ ᠪᠤᠯᠤᠨ ᠳᠤᠮᠳᠠᠳᠤ ᠠ᠋ᠸᠦᠢ᠍ᠷᠦᠫᠠ ᠵᠢᠨ ᠠᠵᠤ ᠠᠬᠤᠢ ᠠᠷᠠᠯᠵᠢᠶᠠᠨ᠎ᠤ ᠳᠡᠭᠡᠳᠤ ᠳᠠᠪᠬᠤᠷᠭ᠋ᠠᠨ᠎ᠤ ᠶᠠᠷᠢᠯᠴᠠᠭ᠎ᠠ ᠠᠮᠵᠢᠯᠳᠠ᠎ᠲᠠᠢ ᠶᠠᠪᠤᠭᠳᠠᠪᠠ᠃ ᠳᠠᠷᠠᠭ᠎ᠠ᠎ᠪᠠᠷ ᠬᠤᠶᠠᠷ ᠳᠠᠯ᠎ᠠ᠎ᠪᠠᠷ ᠵᠶ᠋ᠡᠨ ᠵᠦᠪᠳᠡᠯᠴᠡᠨ ᠳᠤᠭᠳᠠᠭᠰᠠᠨ ᠠ᠋ᠯᠪᠡᠭ ᠪᠠᠶᠠᠯᠢᠭ ᠦᠷ᠎ᠡ ᠪᠦᠳᠦᠮᠵᠢᠳᠤ ᠬᠠᠮᠳᠤ ᠵᠢᠨ ᠳᠠᠨᠢᠯᠳᠠ᠎ᠪᠠᠨ ᠰᠠᠢ᠌ᠳᠤᠷ ᠨᠠᠢ᠌ᠳᠠᠪᠤᠷᠢᠵᠢᠭᠤᠯᠤᠨ᠂ ᠬᠤᠶᠠᠷ ᠳᠠᠯ᠎ᠠ ᠵᠢᠨ ᠠᠷᠠᠳ ᠳᠦᠮᠡᠨ ᠪᠤᠯᠤᠨ ᠠᠵᠤ ᠠᠬᠤᠢ᠌ᠯᠠᠯ᠎ᠳᠤ ᠦᠨᠡᠨᠬᠦ ᠠᠰᠢᠭ ᠬᠦᠷᠳᠡᠭᠡᠨ᠎ᠡ᠃ ᠤᠳᠤᠬᠠᠨ᠎ᠤ ᠭᠠᠭᠴᠠ ᠳᠠᠯᠠᠳᠤ ᠦᠵᠡᠯ ᠪᠤᠯᠤᠨ ᠠᠷᠠᠯᠵᠢᠶᠠᠨ᠎ᠤ ᠡᠵᠡᠷᠭᠡᠭᠯᠡᠨ ᠳᠠᠷᠤᠯᠠᠬᠤ ᠦᠵᠡᠯ᠎ᠨᠢ ᠳᠡᠯᠡᠭᠡᠢ᠎ᠳᠤ ᠬᠦᠨᠳᠤ ᠭᠡᠴᠡᠬᠦᠤ ᠬᠤᠤᠷ ᠨᠦᠯᠦᠭᠡ ᠦᠵᠡᠬᠦᠯᠵᠤ ᠪᠠᠢ᠌ᠨ᠎ᠠ᠂ ᠳᠤᠮᠳᠠᠳᠤ ᠵᠢᠨ᠎ᠬᠢᠨ ᠠ᠋ᠸᠦᠢ᠍ᠷᠦᠫᠠ ᠵᠢᠨ ᠬᠤᠯᠪᠤᠭ᠎ᠠ᠎ᠲᠠᠢ ᠬᠠᠮᠳᠤᠪᠠᠷ ᠴᠢᠯᠦᠭᠡᠳᠤ ᠠᠷᠠᠯᠵᠢᠶᠠᠨ᠎ᠤ ᠳᠦᠷᠢᠮ ᠪᠤᠯᠤᠨ ᠤᠯᠠᠨ ᠳᠠᠯᠠᠳᠤ ᠠᠷᠠᠯᠵᠢᠶᠠᠨ᠎ᠤ ᠪᠠᠢ᠌ᠭᠤᠯᠤᠮᠵᠢ ᠵᠢ ᠠ᠋ᠷᠡᠰ ᠬᠠᠮᠠᠭ᠋ᠠᠯᠠᠨ᠂ ᠴᠠᠭ ᠦᠶ᠎ᠠ᠎ᠲᠠᠢ ᠴᠤᠭ ᠵᠶ᠋ᠡᠷ ᠤᠷᠤᠭᠰᠢᠯᠠᠵᠤ ᠳᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠌ᠭᠤᠯᠤᠯᠳᠠ ᠵᠢ ᠳᠡᠬᠦᠯᠳᠡᠷᠵᠢᠬᠦᠯᠦᠨ᠎ᠠ ᠭᠡᠵᠤ ᠢᠯᠡᠷᠭᠡᠢ᠌ᠯᠡᠪᠡ᠃
      ᠺᠠᠲ᠋ᠠᠢ᠌ᠨᠢᠩ ᠴᠤ᠌ ᠠ᠋ᠸᠦᠢ᠍ᠷᠦᠫᠠ ᠵᠢᠨ ᠬᠤᠯᠪᠤᠭ᠋ᠠᠨ᠎ᠤ᠎ᠬᠢᠨ ᠳᠤᠷᠠᠳᠠᠶ᠎ᠠ ᠳᠤᠮᠳᠠᠳᠤ ᠵᠢᠨ᠎ᠬᠢᠨ᠎ᠲᠠᠢ ᠤᠯᠤᠯᠴᠠᠭ᠎ᠠ ᠳᠤᠬᠢᠷᠠᠯᠴᠠᠭ᠎ᠠ᠎ᠪᠠᠨ ᠴᠢᠩᠭ᠋ᠠᠳᠬᠠᠵᠤ᠂ ᠬᠠᠮᠳᠤᠪᠠᠷ ᠳᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠌ᠭᠤᠯᠤᠯᠳᠠ ᠵᠢᠨ ᠦᠭᠡᠷᠡᠴᠢᠯᠡᠯᠳᠡ ᠵᠢ ᠠᠬᠢᠭᠤᠯᠤᠨ᠂ ᠤᠯᠠᠨ ᠳᠠᠯᠠᠳᠤ ᠠᠷᠠᠯᠵᠢᠶᠠᠨ᠎ᠤ ᠪᠠᠢ᠌ᠭᠤᠯᠤᠮᠵᠢ ᠵᠢ ᠬᠠᠮᠠᠭ᠋ᠠᠯᠠᠨ᠎ᠠ ᠭᠡᠵᠤ ᠢᠯᠡᠷᠭᠡᠢ᠌ᠯᠡᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠳᠤᠮᠳᠠᠳᠤ ᠠ᠋ᠸᠦᠢ᠍ᠷᠦᠫᠠ ᠵᠢᠨ ᠪᠡᠯᠡ ᠤᠷᠤᠭᠤᠯᠤᠯᠳᠠ ᠵᠢᠨ ᠵᠦᠪᠳᠡᠯᠴᠡᠭᠡᠷ ᠰᠢᠨ᠎ᠠ ᠱᠠᠳᠤᠨ᠎ᠳᠤ ᠤᠷᠤᠪᠠ
ᠯᠢ ᠺᠸ ᠴᠢᠶᠠᠩ ᠪᠤᠯᠤᠨ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠭᠡᠷᠡᠭ ᠠ᠋ᠷᠬᠢᠯᠡᠭᠴᠢᠳ᠎ᠤᠨ ᠬᠤᠷᠠᠯ᠎ᠤᠨ ᠳᠡᠷᠢᠬᠦᠯᠡᠭᠴᠢ ᠳᠦᠰᠺᠸ᠂ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠷᠢᠬᠦᠯᠡᠭᠴᠢ ᠷᠦᠩᠺᠸ ᠬᠠᠮᠳᠤᠪᠠᠷ ᠬᠤᠷᠢᠳᠤᠭ᠋ᠠᠷ ᠤᠳᠠᠭ᠎ᠠ ᠵᠢᠨ ᠳᠤᠮᠳᠠᠳᠤ ᠤᠯᠤᠰ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠤᠳᠤᠷᠢᠳᠬᠤ ᠬᠦᠮᠦᠰ᠎ᠤᠨ ᠠᠭᠤᠯᠵᠠᠯᠳᠠ ᠵᠢ ᠠ᠋ᠷᠬᠢᠯᠡᠪᠡ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ 《ᠬᠦᠮᠦᠨ᠎ᠤ ᠬᠦᠴᠦᠨ᠎ᠤ ᠠ᠋ᠬᠢ ᠪᠠᠶᠠᠯᠢᠭ᠎ᠤᠨ ᠵᠠᠬ᠎ᠠ ᠳᠡᠯᠭᠡᠬᠦᠷ᠎ᠤᠨ ᠳᠦᠷ ᠭᠡᠷᠡᠭᠵᠢᠬᠦᠯᠬᠦ ᠳᠦᠷᠢᠮ》᠎ᠢ ᠨᠡᠢ᠌ᠳᠡᠯᠡᠪᠡ
ᠯᠢ ᠺᠸ ᠴᠢᠶᠠᠩ 《ᠪᠢ ᠡᠮ᠎ᠤᠨ ᠰᠠᠬᠢᠭᠤᠯᠰᠤᠨ ᠪᠤᠰᠤ》 ᠭᠡᠬᠦ ᠺᠢᠨᠤ᠋ ᠵᠢᠨ ᠳᠤᠬᠠᠢ ᠬᠠᠯᠠᠮᠰᠢᠯ ᠶᠠᠷᠢᠯᠴᠠᠭ᠋ᠠᠨ᠎ᠳᠤ ᠴᠤᠬᠤᠯᠠᠪᠤᠷᠢ ᠬᠢᠪᠡ
ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ᠎ᠤᠨ ᠱᠠᠨ ᠰᠢ ᠮᠤᠵᠢ ᠵᠢᠨ᠎ᠲᠠᠢ ᠺᠤᠸᠠᠨ ᠠ᠋ᠾᠸ ᠭᠤᠤᠯ ᠵᠡᠷᠭᠡ ᠰᠢᠨ᠎ᠠ᠎ᠪᠠᠷ ᠪᠠᠢ᠌ᠭᠤᠯᠬᠤ ᠤᠯᠤᠰ᠎ᠤᠨ ᠳᠡᠰ᠎ᠤᠨ 5 ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠨᠡᠷᠡᠰ᠎ᠢ ᠨᠡᠢ᠌ᠳᠡᠯᠡᠬᠦ ᠳᠤᠬᠠᠢ ᠮᠡᠳᠡᠭᠳᠡᠯ
 
            