ᠳᠦᠪ᠎ᠤᠨ ᠪᠠᠢ᠌ᠭᠤᠯᠭ᠎ᠠ ᠨᠢᠭᠡᠴᠢ ᠵᠢᠨ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠠᠵᠢᠯ᠎ᠢ ᠠᠬᠢᠭᠤᠯᠬᠤ ᠬᠤᠷᠠᠯ 9 ᠳ᠋ᠤᠭᠡᠷ ᠰᠠᠷ᠎ᠠ ᠵᠢᠨ 17᠎ᠤ ᠠ᠋ᠳᠤᠷ ᠪᠡᠭᠡᠵᠢᠩ᠎ᠳᠤ ᠬᠤᠷᠠᠯᠳᠤᠵᠤ᠂ ᠶᠡᠷᠦᠩᠭᠡᠢ ᠱᠦᠵᠢ ᠰᠢ ᠵᠢᠨ ᠫᠢᠩ᠎ᠤᠨ ᠶᠠᠳᠠᠭᠤ ᠵᠢ ᠳᠡᠳᠬᠦᠬᠦ ᠳᠤᠬᠠᠢ ᠴᠢᠬᠤᠯᠠ ᠶᠡᠷᠢᠶ᠎ᠠ ᠦᠬᠦᠯᠡᠯᠢ ᠰᠤᠷᠤᠯᠴᠠᠵᠤ ᠳᠤᠤᠱᠯᠠᠭᠤᠯᠤᠨ᠂ 2018 ᠤᠨ᠎ᠤ ᠴᠡᠭ ᠵᠶ᠋ᠠᠷ ᠶᠠᠳᠠᠭᠤ ᠵᠢ ᠳᠡᠳᠬᠦᠬᠦ ᠬᠠᠷᠢᠭᠤᠴᠠᠯᠭ᠎ᠠ ᠵᠢᠨ ᠪᠢᠴᠢᠭ ᠳᠤᠭᠳᠠᠨ᠂ ᠳᠠᠷᠠᠭ᠋ᠠᠴᠢ ᠵᠢᠨ ᠭᠤᠤᠯᠳᠠᠯᠭ᠎ᠠ᠎ᠲᠠᠢ ᠠᠵᠢᠯ ᠵᠶ᠋ᠡᠨ ᠪᠠᠢ᠌ᠷᠢᠯᠠᠭᠤᠯᠵᠠᠢ᠃ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠠᠳᠠᠭᠤ ᠵᠢ ᠳᠡᠳᠬᠦᠵᠤ ᠬᠦᠭᠵᠢᠬᠦᠯᠬᠦ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠬᠤ᠌ ᠴᠦᠨ ᠬᠤᠸᠠ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ᠃
ᠬᠤ᠌ ᠴᠦᠨ ᠬᠤᠸᠠ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠨ᠎ᠠ ᠪᠠᠢ᠌ᠳᠠᠯ ᠳᠤᠤᠷ᠎ᠠ᠂ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠵᠢ ᠦᠨᠡᠨ ᠪᠤᠳᠠᠳᠠᠢ ᠠᠬᠢᠭᠤᠯᠬᠤ᠎ᠳᠤ᠎ᠪᠠᠨ ᠠ᠋ᠷᠭᠡᠪᠰᠢ ᠬᠠᠷᠠᠯᠳᠠ ᠱᠠᠭ᠋ᠠᠷᠳᠠᠯᠭ᠎ᠠ᠎ᠪᠠᠨ ᠳᠤᠳᠤᠷᠬᠠᠢ᠌ᠯᠠᠵᠤ᠂ ᠨᠠᠢ᠌ᠳᠠᠪᠤᠷᠢᠵᠢᠭᠤᠯᠤᠯᠳᠠ ᠵᠢ ᠴᠢᠩᠭ᠋ᠠᠳᠬᠠᠬᠤ ᠭᠡᠷᠡᠭᠳᠡᠢ᠃ ᠴᠢᠳᠠᠪᠤᠷᠢ᠎ᠲᠠᠢ ᠺᠠᠳ᠋ᠷ᠎ᠢ ᠰᠤᠩᠭᠤᠨ ᠳᠤᠮᠢᠯᠠᠵᠤ᠂ ᠪᠡᠯᠡ ᠤᠷᠤᠭᠤᠯᠤᠯᠳᠠ᠎ᠪᠠᠨ ᠨᠡᠮᠡᠭᠳᠡᠬᠦᠯᠦᠨ᠂ ᠨᠡᠢ᠌ᠭᠡᠮ᠎ᠤᠨ ᠬᠦᠴᠦᠨ᠎ᠢ ᠳᠠᠢ᠌ᠴᠢᠯᠠᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠎ᠳᠤ ᠤᠷᠤᠯᠴᠠᠭᠤᠯᠬᠤ ᠭᠡᠷᠡᠭᠳᠡᠢ᠃ ᠠᠵᠤ ᠦᠢ᠍ᠯᠡᠰ ᠵᠶ᠋ᠡᠷ ᠶᠠᠳᠠᠭᠤ ᠵᠢ ᠳᠡᠳᠬᠦᠬᠦ ᠪᠡ ᠠᠵᠢᠯ ᠤᠯᠭᠤᠵᠤ ᠶᠠᠳᠠᠭᠤ ᠵᠢ ᠳᠡᠳᠬᠦᠬᠦ ᠵᠢ ᠳᠤᠪᠤᠢ᠌ᠯᠠᠭ᠋ᠠᠨ᠂ ᠠᠵᠤ ᠠᠬᠤᠢ᠌ᠯᠠᠯ᠎ᠢ ᠵᠢᠯᠤᠭᠤᠳᠤᠨ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠰᠢᠶᠠᠨ᠎ᠤ ᠠᠵᠤ ᠦᠢ᠍ᠯᠡᠰ᠎ᠢ ᠬᠦᠭᠵᠢᠬᠦᠯᠵᠤ᠂ ᠠᠵᠢᠯ ᠤᠯᠭᠤᠯᠳᠠ ᠵᠢ ᠳᠠᠢ᠌ᠴᠢᠯᠠᠨ᠂ ᠯᠠᠪᠳᠠᠭᠤᠨ ᠵᠶ᠋ᠡᠷ ᠶᠠᠳᠠᠭᠤ᠎ᠠᠴᠠ ᠠᠩᠬᠢᠵᠢᠷᠠᠭᠤᠯᠬᠤ ᠵᠢ ᠠᠬᠢᠭᠤᠯᠵᠤ᠂ ᠶᠠᠳᠠᠭᠤ᠎ᠠᠴᠠ ᠠᠩᠬᠢᠵᠢᠷᠠᠭᠤᠯᠬᠤ ᠴᠢᠨᠠᠷ᠎ᠢ ᠳᠡᠭᠡᠭᠰᠢᠯᠡᠬᠦᠯᠬᠦ ᠭᠡᠷᠡᠭᠳᠡᠢ᠃ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠰᠢᠶᠠᠨ᠎ᠢ ᠬᠠᠪᠰᠤᠷᠤᠨ ᠵᠢᠯᠤᠭᠤᠳᠴᠤ ᠬᠦᠭᠵᠢᠯᠳᠡ ᠵᠢᠨ ᠰᠡᠳᠬᠢᠴᠡ ᠵᠢ᠎ᠨᠢ ᠳᠤᠳᠤᠷᠬᠠᠢ᠌ᠯᠠᠨ᠂ ᠶᠠᠳᠠᠭᠤ᠎ᠠᠴᠠ ᠠᠩᠬᠢᠵᠢᠷᠠᠬᠤ ᠳᠦᠯᠦᠪᠯᠡᠭᠡ ᠪᠤᠯᠤᠨ ᠳᠤᠰ ᠵᠢᠯ᠎ᠤᠨ ᠶᠠᠳᠠᠭᠤ ᠬᠦᠮᠦᠨ᠎ᠤ ᠳᠤᠭ᠎ᠠ ᠵᠢ ᠬᠠᠰᠤᠭᠳᠠᠭᠤᠯᠬᠤ ᠳᠦᠯᠦᠪᠯᠡᠭᠡ ᠵᠢ ᠳᠤᠭᠳᠠᠭ᠋ᠠᠵᠤ᠂ ᠦᠨᠳᠦᠰᠦᠨ ᠱᠠᠳᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠠᠭᠤᠷᠢ ᠵᠢ ᠪᠠᠳᠤᠳᠬᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
ᠬᠤ᠌ ᠴᠦᠨ ᠬᠤᠸᠠ᠂ ᠳᠦᠪ᠎ᠤᠨ ᠪᠠᠢ᠌ᠭᠤᠯᠭ᠎ᠠ ᠨᠢᠭᠡᠴᠢ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠠᠵᠢᠯ᠎ᠢ ᠤᠯᠤᠰ ᠳᠦᠷᠦ ᠵᠢᠨ ᠠ᠋ᠬᠦᠷᠭᠡ ᠪᠤᠯᠭ᠋ᠠᠵᠤ᠂ ᠠᠵᠢᠯ᠎ᠤᠨ ᠳᠤᠭᠳᠠᠴᠠ᠎ᠪᠠᠨ ᠳᠡᠬᠦᠯᠳᠡᠷᠵᠢᠬᠦᠯᠦᠨ᠂ ᠶᠠᠳᠠᠭᠤ ᠵᠢ ᠳᠡᠳᠬᠦᠬᠦ ᠠᠮᠠᠯᠠᠯᠳᠠ᠎ᠪᠠᠨ ᠬᠠᠰᠤᠵᠤ ᠨᠡᠮᠡᠬᠦ ᠦᠭᠡᠢ᠎ᠪᠠᠷ ᠨᠠᠢ᠌ᠳᠠᠪᠤᠷᠢᠵᠢᠭᠤᠯᠵᠤ᠂ ᠵᠢᠱ᠌ᠢᠶ᠎ᠠ ᠦᠵᠡᠬᠦᠯᠦᠨ ᠳᠠᠭ᠋ᠠᠭᠤᠯᠬᠤ ᠦᠢ᠍ᠯᠡᠳᠤᠯ ᠵᠶ᠋ᠡᠨ ᠦᠨᠡᠨᠬᠦ ᠪᠠᠳᠠᠷᠠᠭᠤᠯᠬᠤ ᠭᠡᠷᠡᠭᠳᠡᠢ᠃ ᠰᠢᠯᠭ᠋ᠠᠵᠤ ᠬᠢᠨᠠᠬᠤ ᠳᠦᠷᠢᠮ᠎ᠢ ᠴᠢᠩᠭ᠋ᠠᠳᠬᠠᠨ᠂ ᠴᠡᠭ ᠳᠤᠭᠳᠠᠭ᠋ᠠᠨ ᠶᠠᠳᠠᠭᠤ ᠵᠢ ᠳᠡᠳᠬᠦᠬᠦ ᠠᠵᠢᠯ᠎ᠤᠨ ᠪᠤᠳᠠᠳᠤ ᠠᠮᠵᠢᠯᠳᠠᠢ ᠤᠯᠬᠤ ᠭᠡᠷᠡᠭᠳᠡᠢ᠃ ᠪᠠᠢ᠌ᠭᠤᠯᠭ᠎ᠠ ᠨᠢᠭᠡᠴᠢ᠂ ᠠᠵᠢᠯ ᠳᠦᠷᠦᠯ᠎ᠤᠨ᠎ᠬᠢᠨ ᠳᠠᠪᠠᠭᠤᠯᠢᠭ ᠵᠶ᠋ᠡᠨ ᠪᠠᠳᠠᠷᠠᠭᠤᠯᠤᠨ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠢ ᠳᠡᠳᠬᠦᠨ ᠳᠡᠮᠵᠢᠬᠦ᠂ ᠶᠠᠳᠠᠭᠤ ᠵᠢ ᠳᠡᠳᠬᠦᠬᠦ ᠰᠢᠨ᠎ᠠ ᠠᠷᠭ᠎ᠠ ᠭᠡᠮᠵᠢᠶ᠎ᠡ ᠵᠢ ᠢᠳᠡᠪᠬᠢᠳᠡᠢ᠎ᠪᠠᠷ ᠰᠦᠪᠡᠭᠴᠢᠯᠡᠬᠦ᠂ ᠶᠠᠳᠠᠭᠤ ᠵᠢ ᠳᠡᠳᠬᠦᠬᠦ ᠠᠵᠢᠯ᠎ᠤᠨ ᠠᠭᠤᠯᠭ᠎ᠠ ᠵᠢ ᠪᠠᠶᠠᠯᠢᠬ᠍ᠵᠢᠭᠤᠬᠤ ᠳᠡᠭᠡᠷ᠎ᠡ ᠬᠦᠴᠦ ᠲᠠᠯᠪᠢᠬᠤ ᠭᠡᠷᠡᠭᠳᠡᠢ ᠭᠡᠵᠤ ᠱᠠᠭ᠋ᠠᠷᠳᠠᠪᠠ᠃