ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠶᠦᠩ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠪᠤᠶᠠᠨ᠎ᠤ ᠦᠢ᠍ᠯᠡᠰ᠎ᠤᠨ ᠰᠠᠢ᠌ᠰᠢᠶᠠᠯ ᠬᠦᠬᠢᠬᠦᠯᠦᠯ᠎ᠤᠨ ᠬᠤᠷᠠᠯ᠎ᠳᠤ ᠤᠷᠤᠯᠴᠠᠪᠠ
ᠨᠡᠶᠢᠲᠡᠯᠡᠭᠰᠡᠨ ᠴᠠᠭ᠄ 2018-11-27

               
     9 ᠳ᠋ᠤᠭᠡᠷ ᠰᠠᠷ᠎ᠠ ᠵᠢᠨ 13᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠸᠠᠩ ᠶᠦᠩ ᠪᠡᠭᠡᠵᠢᠩ᠎ᠳᠤ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠪᠤᠶᠠᠨ᠎ᠤ ᠦᠢ᠍ᠯᠡᠰ᠎ᠤᠨ ᠰᠠᠢ᠌ᠰᠢᠶᠠᠯ ᠬᠦᠬᠢᠬᠦᠯᠦᠯ᠎ᠤᠨ ᠬᠤᠷᠠᠯ᠎ᠳᠤ ᠤᠷᠤᠯᠴᠠᠪᠠ᠃
      ᠸᠠᠩ ᠶᠦᠩ᠂ ᠪᠤᠶᠠᠨ᠎ᠤ ᠦᠢ᠍ᠯᠡᠰ ᠪᠤᠯ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠢ᠍ᠯᠡᠰ᠎ᠤᠨ ᠴᠢᠬᠤᠯᠠ ᠪᠦᠷᠢᠯᠳᠦᠬᠦᠨ ᠭᠡᠰᠡᠭ ᠪᠤᠯᠤᠨ᠎ᠠ᠃ ᠤᠢ᠌ᠷ᠎ᠠ ᠵᠢᠨ ᠵᠢᠯ᠎ᠠᠴᠠ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠠ᠋ᠷᠡᠰ ᠪᠠᠳᠤ ᠤᠳᠤᠷᠢᠳᠤᠯᠭ᠎ᠠ ᠳᠤᠤᠷ᠎ᠠ ᠮᠠᠨ᠎ᠤ ᠤᠯᠤᠰ᠎ᠤᠨ ᠤᠳᠤ ᠦᠶ᠎ᠠ ᠵᠢᠨ ᠪᠤᠶᠠᠨ᠎ᠤ ᠦᠢ᠍ᠯᠡᠰ᠎ᠤᠨ ᠪᠦᠬᠦᠯᠢ ᠴᠤᠭᠴᠠ ᠵᠢᠨ ᠬᠦᠭᠵᠢᠯᠳᠡ ᠵᠢᠨ ᠭᠡᠪᠴᠢᠶ᠎ᠠ᠂ ᠨᠡᠢ᠌ᠭᠡᠮ᠎ᠤᠨ ᠤᠷᠤᠯᠴᠠᠯᠭ᠎ᠠ ᠵᠢᠨ ᠭᠡᠮᠵᠢᠶ᠎ᠠ᠂ ᠪᠤᠶᠠᠨ᠎ᠤ ᠦᠢ᠍ᠯᠡᠰ᠎ᠤᠨ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠯᠳᠠ ᠪᠤᠯᠤᠨ ᠬᠠᠤᠯᠢᠵᠢᠯ᠎ᠤᠨ ᠪᠦᠳᠦᠭᠡᠨ ᠪᠠᠢ᠌ᠭᠤᠯᠤᠯᠳᠠ ᠴᠦᠮ ᠰᠢᠨ᠎ᠠ ᠳᠡᠭᠳᠡᠷ᠎ᠲᠤ ᠠᠬᠢᠵᠤ᠂ ᠠᠵᠤ ᠠᠬᠤᠢ ᠨᠡᠢ᠌ᠭᠡᠮ᠎ᠤᠨ ᠬᠦᠭᠵᠢᠯᠳᠡ ᠵᠢ ᠠᠬᠢᠭᠤᠯᠬᠤ᠎ᠳᠤ ᠴᠢᠬᠤᠯᠠ ᠦᠢ᠍ᠯᠡᠳᠤᠯ ᠦᠵᠡᠬᠦᠯᠪᠡ᠃ ᠳᠠᠷᠠᠭ᠋ᠠᠴᠢ᠎ᠪᠠᠷ ᠨᠡᠩ ᠪᠦᠳᠦᠮᠵᠢᠳᠡᠢ ᠠᠷᠭ᠎ᠠ ᠭᠡᠮᠵᠢᠶ᠎ᠠ ᠠᠪᠴᠤ ᠪᠤᠶᠠᠨ᠎ᠤ ᠦᠢ᠍ᠯᠡᠰ᠎ᠢ ᠶᠡᠭᠡᠪᠡᠷ ᠬᠦᠭᠵᠢᠬᠦᠯᠦᠨ᠂ ᠪᠤᠶᠠᠨ᠎ᠤ ᠦᠢ᠍ᠯᠡᠰ᠎ᠤᠨ ᠬᠦᠴᠦᠨ᠎ᠢ ᠨᠢᠬᠳᠠᠷᠠᠭᠤᠯᠵᠤ᠂ ᠪᠤᠶᠠᠨ᠎ᠤ ᠦᠢ᠍ᠯᠡᠰ᠎ᠤᠨ ᠦᠢ᠍ᠯᠡᠳᠤᠯ᠎ᠢ ᠪᠠᠳᠠᠷᠠᠭᠤᠯᠤᠨ᠂ ᠶᠠᠳᠠᠭᠤ ᠵᠢ ᠤᠨᠤᠴᠢᠳᠠᠢ ᠳᠡᠳᠬᠦᠬᠦ ᠵᠢ ᠢᠳᠡᠪᠬᠢᠳᠡᠢ ᠳᠡᠮᠵᠢᠵᠤ᠂ ᠠᠷᠠᠳ᠎ᠲᠤ ᠠᠰᠢᠭ ᠬᠦᠷᠳᠡᠭᠡᠨ ᠪᠤᠶᠠᠨ ᠦᠢ᠍ᠯᠡᠳᠬᠦ ᠵᠢ ᠠᠬᠢᠭᠤᠯᠬᠤ ᠭᠡᠷᠡᠭᠳᠡᠢ᠃ ᠪᠤᠶᠠᠨ᠎ᠤ ᠦᠢ᠍ᠯᠡᠰ᠎ᠤᠨ ᠰᠤᠶᠤᠯ᠎ᠢ ᠤᠯᠠᠮ ᠵᠶ᠋ᠡᠷ ᠪᠠᠳᠠᠷᠠᠭᠤᠯᠤᠨ ᠬᠦᠭᠵᠢᠬᠦᠯᠵᠤ᠂ ᠪᠤᠶᠠᠨ᠎ᠤ ᠦᠢ᠍ᠯᠡᠰ᠎ᠤᠨ ᠰᠠᠢ᠌ᠨ ᠰᠠᠢ᠌ᠬᠠᠨ ᠤᠷᠴᠢᠨ ᠳᠤᠭᠤᠷᠢᠨ᠎ᠢ ᠪᠤᠢ ᠪᠤᠯᠭ᠋ᠠᠨ᠂ ᠨᠡᠢ᠌ᠭᠡᠮ ᠪᠤᠯᠤᠨ ᠠᠷᠠᠳ ᠤᠯᠠᠨ᠎ᠤ ᠪᠤᠶᠠᠨ᠎ᠤ ᠦᠢ᠍ᠯᠡᠰ᠎ᠲᠤ ᠤᠷᠤᠯᠴᠠᠬᠤ ᠵᠢ ᠵᠢᠯᠤᠭᠤᠳᠤᠨ ᠵᠤᠷᠢᠭᠵᠢᠭᠤᠯᠬᠤ ᠭᠡᠷᠡᠭᠳᠡᠢ᠃ ᠪᠤᠶᠠᠨ᠎ᠤ ᠦᠢ᠍ᠯᠡᠰ᠎ᠤᠨ ᠳᠦᠷᠢᠮ᠎ᠤᠨ ᠪᠠᠢ᠌ᠭᠤᠯᠤᠯᠳᠠ ᠪᠠ ᠪᠦᠳᠦᠮᠵᠢᠳᠡᠢ ᠬᠢᠨᠠᠨ ᠬᠠᠮᠢᠶᠠᠷᠤᠯᠳᠠ ᠵᠢ ᠴᠢᠩᠭ᠋ᠠᠳᠬᠠᠨ᠂ ᠤᠯᠠᠨ ᠨᠡᠢ᠌ᠳᠡ ᠵᠢᠨ ᠢᠳᠡᠭᠡᠯ᠎ᠢ ᠤᠯᠤᠭᠰᠠᠨ ᠪᠤᠶᠠᠨ᠎ᠤ ᠦᠢ᠍ᠯᠡᠰ᠎ᠢ ᠬᠦᠭᠵᠢᠬᠦᠯᠬᠦ ᠭᠡᠷᠡᠭᠳᠡᠢ᠃ ᠪᠤᠶᠠᠨ᠎ᠤ ᠦᠢ᠍ᠯᠡᠰ᠎ᠤᠨ ᠬᠠᠤᠯᠢ᠎ᠳᠤ ᠵᠤᠬᠢᠴᠠᠭᠰᠠᠨ ᠬᠤᠯᠪᠤᠭᠳᠠᠯ ᠪᠦᠬᠦᠢ ᠳᠦᠷᠢᠮ ᠳᠤᠭᠳᠠᠭ᠋ᠠᠯ᠎ᠢ ᠳᠡᠬᠦᠯᠳᠡᠷᠵᠢᠬᠦᠯᠦᠨ᠂ ᠨᠡᠩ ᠪᠦᠷᠢᠨ ᠳᠡᠬᠦᠯᠳᠡᠷ ᠪᠤᠶᠠᠨ᠎ᠤ ᠦᠢ᠍ᠯᠡᠰ᠎ᠤᠨ ᠬᠠᠤᠯᠢ ᠳᠦᠷᠢᠮ᠎ᠤᠨ ᠰᠢᠰᠲᠸᠮ᠎ᠢ ᠪᠤᠢ ᠪᠤᠯᠭ᠋ᠠᠵᠤ᠂ 《ᠬᠠᠤᠯᠢ ᠶᠤᠰᠤᠭ᠋ᠠᠷ ᠪᠤᠶᠠᠨ ᠦᠢ᠍ᠯᠡᠳᠬᠦ》᠂ 《ᠬᠠᠤᠯᠢ᠎ᠪᠠᠷ ᠪᠤᠶᠠᠨ᠎ᠤ ᠦᠢ᠍ᠯᠡᠰ᠎ᠢ ᠵᠠᠰᠠᠬᠤ》 ᠵᠢ ᠴᠢᠷᠮᠠᠢ᠌ᠨ ᠪᠡᠶᠡᠯᠡᠬᠦᠯᠬᠦ ᠭᠡᠷᠡᠭᠳᠡᠢ ᠭᠡᠵᠤ ᠴᠢᠬᠤᠯᠠᠴᠢᠯᠠᠵᠠᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠤᠤ ᠺᠸ ᡁᠢ ᠤᠤᠮᠸᠨ᠎ᠤ ᠴᠢᠭᠡᠴᠢ ᠵᠠᠰᠠᠭ᠎ᠤᠨ ᠳᠤᠰᠬᠠᠢ ᠳᠤᠰᠢᠶᠠᠯᠳᠠᠨ ᠵᠠᠩ ᠶᠦᠩ ᠴᠦᠨ᠎ᠲᠠᠢ ᠠᠭᠤᠯᠵᠠᠪᠠ
ᠰᠦᠨ ᠴᠦᠨ ᠯᠠᠨ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠳᠡᠯᠡᠭᠡᠢ ᠵᠢᠨ ᠵᠤᠭ᠋ᠠᠴᠠᠯ᠎ᠤᠨ ᠵᠤᠬᠢᠶᠠᠨ ᠪᠠᠢ᠌ᠭᠤᠯᠤᠯᠳᠠ ᠵᠢᠨ ᠨᠠᠷᠢᠨ ᠪᠢᠴᠢᠭ᠎ᠤᠨ ᠳᠠᠷᠤᠭ᠎ᠠ ᠫᠤᠯᠤᠯᠢᠺᠠᠱᠸᠢᠯᠢ᠎ᠲᠠᠢ ᠠᠭᠤᠯᠵᠠᠪᠠ
ᠬᠠᠨ ᠵᠸᠩ ᠭᠤᠸᠠᠩᠰᠢ᠎ᠳᠤ ᠪᠠᠢ᠌ᠴᠠᠭ᠋ᠠᠨ ᠰᠤᠳᠤᠯᠤᠯᠳᠠ ᠬᠢᠵᠠᠢ
ᠯᠢ ᠺᠸ ᠴᠢᠶᠠᠩ ᠤᠯᠤᠰ᠎ᠤᠨ ᠵᠠᠬ᠎ᠠ ᠳᠡᠯᠭᠡᠬᠦᠷ᠎ᠢ ᠬᠢᠨᠠᠨ ᠬᠠᠮᠢᠶᠠᠷᠬᠤ ᠶᠡᠷᠦᠩᠭᠡᠢ ᠳᠤᠪᠴᠢᠶᠠᠨ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠶᠠᠷᠢᠯᠴᠠᠬᠤ ᠬᠤᠷᠠᠯ᠎ᠢ ᠠ᠋ᠷᠬᠢᠯᠡᠨ ᠬᠢᠪᠠ
ᠯᠢ ᠺᠸ ᠴᠢᠶᠠᠩ ᠶᠠᠫᠤᠨ᠎ᠤ ᠠᠵᠤ ᠠᠬᠤᠢ ᠵᠢᠨ᠎ᠬᠢᠨ᠎ᠤ ᠳᠦᠯᠦᠭᠡᠯᠡᠭᠴᠢ ᠵᠢᠨ ᠪᠦᠯᠬᠦᠮ᠎ᠲᠠᠢ ᠠᠭᠤᠯᠵᠠᠬᠤ᠎ᠳᠤ᠎ᠪᠠᠨ ᠳᠤᠮᠳᠠᠳᠤ ᠶᠠᠫᠤᠨ ᠺᠤᠷᠢᠶᠠ ᠵᠢᠨ ᠴᠢᠯᠦᠭᠡᠳᠤ ᠠᠷᠠᠯᠵᠢᠶᠠᠨ᠎ᠤ ᠤᠷᠤᠨ ᠪᠤᠯᠤᠨ RCEP ᠵᠦᠪᠳᠡᠯᠴᠡᠭᠡᠷ᠎ᠢ ᠢᠳᠡᠪᠬᠢᠳᠡᠢ ᠠᠬᠢᠭᠤᠯᠤᠨ᠎ᠠ ᠭᠡᠪᠡ
 
            