ᠭᠠᠳᠠᠭ᠋ᠠᠳᠤ ᠶᠠᠪᠤᠳᠠᠯ᠎ᠤᠨ ᠶᠠᠮᠤᠨ᠎ᠤ ᠠ᠋ᠷᠬᠢᠯᠡᠭᠰᠡᠨ 《ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠄ ᠬᠤᠪᠸᠢ ᠮᠤᠵᠢ ᠬᠦᠬᠡᠮᠦᠢ᠍ᠷᠡᠨ᠎ᠠᠴᠠ ᠳᠡᠯᠡᠭᠡᠢ ᠳᠡᠰ᠎ᠢ ᠤᠷᠤᠭᠰᠢᠯᠠᠨ᠎ᠠ》 ᠭᠡᠬᠦ ᠭᠤᠤᠯ ᠰᠡᠳᠤᠪᠳᠤ ᠠᠷᠪᠠᠨ ᠳᠦᠷᠪᠡᠳᠡᠬᠢ ᠮᠤᠵᠢ ᠤᠷᠤᠨ ᠬᠤᠳᠠ ᠵᠢ ᠳᠡᠯᠡᠭᠡᠢ᠎ᠳᠤ ᠳᠠᠨᠢᠯᠴᠠᠭᠤᠯᠬᠤ ᠠᠵᠢᠯᠯᠠᠭ᠎ᠠ 7 ᠳ᠋ᠤᠭ᠋ᠠᠷ ᠰᠠᠷ᠎ᠠ ᠵᠢᠨ 12᠎ᠤᠨ ᠠ᠋ᠳᠤᠷ ᠭᠠᠳᠠᠭ᠋ᠠᠳᠤ ᠶᠠᠪᠤᠳᠠᠯ᠎ᠤᠨ ᠶᠠᠮᠤᠨ᠎ᠳᠤ ᠶᠠᠪᠤᠭᠳᠠᠪᠠ᠃
ᠳᠦᠷᠦ ᠵᠢᠨ ᠶᠠᠪᠤᠳᠠᠯ᠎ᠤᠨ ᠬᠤᠷᠢᠶᠠᠨ᠎ᠤ ᠭᠡᠰᠢᠬᠦᠨ᠂ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠶᠠᠷᠢᠶᠠᠨ᠎ᠳᠤ᠎ᠪᠠᠨ᠂ ᠳᠡᠤᠭᠡ᠎ᠠᠴᠠ ᠦᠵᠡᠪᠡᠯ ᠬᠤᠪᠸᠢ ᠪᠤᠯ ᠳᠤᠮᠳᠠᠳᠤ ᠵᠢᠨ ᠪᠤᠯᠪᠠᠰᠤᠨ᠎ᠤ ᠭᠤᠯᠤᠮᠳᠠ ᠪᠤᠯᠤᠨ᠎ᠠ᠃ ᠤᠷᠴᠢᠨ ᠦᠶ᠎ᠡ ᠵᠢᠨ ᠬᠤᠪᠸᠢ᠎ᠨᠢ ᠳᠤᠮᠳᠠᠳᠤ ᠤᠯᠤᠰ᠎ᠤᠨ ᠬᠤᠪᠢᠰᠬᠠᠯ ᠪᠤᠯᠤᠨ ᠪᠦᠳᠦᠭᠡᠨ ᠪᠠᠢ᠌ᠭᠤᠯᠤᠯᠳᠠ ᠵᠢᠨ ᠲᠦᠷᠤᠭᠦᠯᠡᠭᠴᠢ ᠪᠠᠢ᠌ᠵᠤ᠂ ᠰᠢᠨ᠎ᠠ ᠴᠠᠭ ᠦᠶ᠎ᠠ ᠵᠢᠨ ᠬᠤᠪᠸᠢ᠎ᠨᠢ ᠳᠤᠮᠳᠠ ᠪᠡᠶ᠎ᠡ ᠵᠢᠨ ᠭᠠᠵᠠᠷ ᠤᠷᠤᠨ᠎ᠤ ᠬᠦᠭᠵᠢᠯᠳᠡ ᠵᠢᠨ ᠭᠤᠤᠯ ᠭᠠᠵᠠᠷ ᠤᠷᠤᠨ ᠪᠤᠯᠤᠭᠰᠠᠨ ᠪᠠᠢ᠌ᠨ᠎ᠠ᠃ ᠤᠳᠤᠬᠠᠨ᠎ᠳᠤ ᠬᠤᠪᠸᠢ᠎ᠨᠢ 《ᠨᠢᠭᠡ ᠪᠦᠰᠡ ᠨᠢᠭᠡ ᠵᠡᠮ》᠎ᠤᠨ ᠬᠠᠮᠳᠤᠷᠠᠯᠴᠠᠭ᠎ᠠ᠎ᠳᠤ ᠢᠳᠡᠪᠬᠢᠳᠡᠢ ᠤᠷᠤᠯᠴᠠᠨ᠂ 《ᠵᠢᠶᠠᠩ ᠬᠠᠢ ᠰᠢᠭᠤᠳ ᠬᠦᠷᠬᠦ》 ᠠᠭ᠋ᠠᠷ᠎ᠤᠨ ᠱᠤᠭᠤᠮ᠎ᠨᠢ ᠵᠡᠬᠦᠨᠰᠢ᠎ᠪᠠᠨ ᠨᠤᠮᠤᠬᠠᠨ ᠳᠠᠯᠠᠢ ᠵᠢ ᠬᠣᠯᠪᠤᠨ᠂ ᠳᠤᠮᠳᠠᠳᠤ ᠠ᠋ᠸᠦᠢ᠍ᠷᠦᠫᠠ ᠵᠢᠨ ᠭᠠᠯᠳᠤ ᠳᠡᠷᠭᠡ᠎ᠨᠢ ᠪᠠᠷᠠᠭᠤᠨᠰᠢ᠎ᠪᠠᠨ ᠠ᠋ᠸᠦᠢ᠍ᠷᠦᠫᠠ ᠳᠢᠪ᠎ᠲᠤ ᠨᠡᠪᠳᠡᠷᠡᠨ᠂ ᠠᠭ᠋ᠠᠷ᠎ᠤᠨ ᠠᠶᠠᠯᠠᠯ᠎ᠤᠨ ᠵᠠᠮ᠎ᠨᠢ ᠪᠦᠬᠦ ᠳᠡᠯᠡᠭᠡᠢ ᠵᠢᠨ ᠳᠦᠷᠪᠡᠨ ᠶᠡᠭᠡ ᠳᠢᠪ᠎ᠲᠤ ᠨᠡᠪᠳᠡᠷᠡᠭᠡᠳ ᠪᠤᠢ᠃ ᠰᠢᠨ᠎ᠠ ᠴᠠᠭ ᠦᠶ᠎ᠡ᠎ᠳᠤ ᠤᠷᠤᠭᠰᠠᠨ ᠬᠤᠪᠸᠢ ᠮᠤᠵᠢ᠎ᠨᠢ ᠬᠦᠬᠡᠮᠦᠢ᠍ᠷᠡᠨ᠎ᠤ ᠳᠡᠯᠡᠭᠡᠢ ᠳᠡᠰ᠎ᠢ ᠤᠷᠤᠭᠰᠢᠯᠠᠵᠤ᠂ ᠳᠤᠮᠳᠠᠳᠤ ᠤᠯᠤᠰ᠎ᠤᠨ ᠪᠦᠬᠦ ᠳᠡᠯ᠎ᠡ᠎ᠪᠠᠷ ᠴᠢᠯᠦᠭᠡᠳᠡᠢ ᠶᠠᠪᠤᠯᠴᠠᠭᠰᠠᠨ ᠰᠢᠨ᠎ᠠ ᠴᠤᠩᠬᠤ ᠪᠤᠯᠬᠤ᠎ᠨᠢ ᠭᠠᠷᠴᠠᠭ᠎ᠠ ᠦᠭᠡᠢ ᠭᠡᠰᠡᠨ ᠪᠠᠢ᠌ᠨ᠎ᠠ᠃
ᠬᠤᠪᠸᠢ ᠮᠤᠵᠢ ᠵᠢᠨ ᠨᠠᠮ᠎ᠤᠨ ᠬᠤᠷᠢᠶᠠᠨ᠎ᠤ ᠱᠦᠵᠢ ᠵᠢᠶᠠᠩ ᠴᠣᠣ ᠯᠢᠶᠠᠩ᠂ ᠣᠢ᠌ᠷ᠎ᠠ ᠵᠢᠨ ᠵᠢᠯ᠎ᠠᠴᠠ ᠬᠤᠪᠸᠢ ᠮᠤᠵᠢ ᠵᠢᠨ᠎ᠬᠢᠨ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ ᠵᠢ ᠨᠠᠷᠢᠨ ᠬᠢᠨᠠᠮᠠᠭ᠋ᠠᠢ ᠳᠤᠤᠱᠯᠠᠭᠤᠯᠤᠨ ᠭᠡᠷᠡᠭᠵᠢᠬᠦᠯᠵᠤ᠂ ᠠᠵᠤ ᠠᠬᠤᠢ ᠵᠢᠨ ᠭᠡᠯᠪᠡᠷᠢ ᠵᠢ ᠬᠤᠪᠢᠷᠠᠭᠤᠯᠤᠨ ᠳᠡᠰ ᠳᠡᠪᠰᠢᠬᠦᠯᠬᠦ ᠵᠢ ᠳᠦᠷᠭᠡᠳᠭᠡᠨ᠂ ᠠᠮᠢ ᠠᠬᠤᠢ ᠵᠢ ᠳᠡᠷᠢᠬᠦᠨ᠎ᠳᠤ ᠳᠠᠯᠪᠢᠬᠤ ᠪᠠ ᠪᠣᠬᠢᠷᠳᠤᠯ ᠦᠭᠡᠢ ᠬᠦᠭᠵᠢᠯᠳᠡ ᠵᠢ ᠪᠠᠷᠢᠮᠳᠠᠯᠠᠵᠤ᠂ 《ᠨᠢᠭᠡ ᠪᠦᠰᠡ ᠨᠢᠭᠡ ᠵᠡᠮ》᠎ᠤᠨ ᠪᠦᠳᠦᠭᠡᠨ ᠪᠠᠢ᠌ᠭᠤᠯᠤᠯᠳᠠ᠎ᠳᠤ ᠢᠳᠡᠪᠬᠢᠳᠡᠢ ᠤᠷᠤᠯᠴᠠᠪᠠ᠃ ᠳᠡᠯᠡᠭᠡᠢ ᠵᠢᠨ ᠡᠯ᠎ᠡ ᠤᠯᠤᠰ᠎ᠲᠠᠢ ᠠᠵᠤ ᠦᠢ᠍ᠯᠡᠰ᠂ ᠠᠵᠤ ᠠᠬᠤᠢ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭ᠋ᠠᠨ ᠰᠤᠷᠭ᠋ᠠᠨ ᠬᠦᠮᠦᠵᠢᠯ᠂ ᠬᠦᠮᠦᠨ ᠨᠡᠢ᠌ᠭᠡᠮ᠂ ᠵᠤᠭ᠋ᠠᠴᠠᠯ ᠵᠡᠷᠭᠡ ᠤᠯᠠᠨ ᠳᠠᠯ᠎ᠠ ᠵᠢᠨ ᠬᠠᠮᠳᠤᠷᠠᠯᠴᠠᠭ᠎ᠠ᠎ᠪᠠᠨ ᠭᠦᠨᠵᠡᠭᠡᠢ᠌ᠷᠡᠭᠦᠯᠵᠤ᠂ ᠬᠠᠷᠢᠯᠴᠠᠨ ᠠᠰᠢᠭ ᠬᠦᠷᠳᠡᠬᠦ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃ ᠬᠤᠪᠸᠢ ᠮᠤᠵᠢ ᠵᠢᠨ ᠳᠠᠷᠤᠭ᠎ᠠ ᠸᠠᠩ ᠰᠢᠶᠤᠤ ᠳ᠋ᠦᠩ ᠰᠢᠨᠡᠴᠢᠯᠡᠯᠲᠡ ᠬᠦᠭᠵᠢᠯᠳᠡ᠂ ᠠᠮᠢ ᠠᠬᠤᠢ᠂ ᠴᠢᠯᠦᠭᠡᠳᠡᠢ ᠶᠠᠪᠤᠯᠴᠠᠬᠤ ᠵᠢᠨ ᠳᠠᠪᠠᠭᠤᠯᠢᠭ᠂ ᠵᠤᠯ ᠵᠢᠷᠭ᠋ᠠᠯᠳᠤ ᠠᠷᠠᠳ᠎ᠤᠨ ᠠᠮᠢᠳᠤᠷᠠᠯ ᠵᠡᠷᠭᠡ ᠳᠡᠯ᠎ᠡ᠎ᠪᠠᠨ ᠳᠠᠨᠢᠯᠴᠠᠭᠤᠯᠵᠤ᠂ ᠡᠯ᠎ᠡ ᠤᠯᠤᠰ᠎ᠤᠨ ᠨᠠᠢ᠌ᠵᠠ ᠨᠦᠬᠦᠳᠢ ᠬᠠᠮᠳᠤ᠎ᠪᠠᠷ ᠰᠢᠨ᠎ᠠ ᠴᠠᠭ ᠦᠶ᠎ᠠ ᠵᠢᠨ ᠬᠠᠮᠳᠤᠷᠠᠯᠴᠠᠭ᠎ᠠ᠂ ᠬᠦᠭᠵᠢᠯᠳᠡ ᠪᠤᠯᠤᠨ ᠬᠠᠮᠳᠤ᠎ᠪᠠᠷ ᠠᠰᠢᠭ ᠬᠦᠷᠳᠡᠬᠦ ᠵᠢ ᠬᠠᠢ᠌ᠨ ᠰᠦᠪᠡᠭᠴᠢᠯᠡᠬᠦ ᠵᠢ ᠬᠦᠰᠠᠵᠠᠢ᠃
140 ᠭᠠᠷᠤᠢ ᠤᠯᠤᠰ᠎ᠤᠨ ᠳᠤᠮᠳᠠᠳᠤ᠎ᠳᠤ ᠰᠠᠭᠤᠭ᠎ᠠ ᠠ᠋ᠯᠴᠢᠨ᠂ ᠤᠯᠠᠨ ᠤᠯᠤᠰ᠎ᠤᠨ ᠵᠤᠬᠢᠶᠠᠨ ᠪᠠᠢ᠌ᠭᠤᠯᠤᠯᠳᠠ ᠵᠢᠨ ᠳᠤᠮᠳᠠᠳᠤ᠎ᠳᠤ ᠰᠠᠭᠤᠭ᠎ᠠ ᠳᠦᠯᠦᠭᠡᠯᠡᠭᠴᠢ ᠵᠢᠴᠢ ᠦᠢ᠍ᠯᠡᠳᠪᠤᠷᠢ ᠬᠤᠳᠠᠯᠳᠤᠭ᠋ᠠᠨᠤᠬᠢᠨᠤ ᠳᠦᠯᠦᠭᠡᠯᠡᠭᠴᠢ᠂ ᠳᠤᠮᠳᠠᠳᠤ ᠭᠠᠳᠠᠭ᠋ᠠᠳᠤ ᠵᠢᠨ ᠠ᠋ᠷᠳᠡᠮᠳᠡᠨ ᠮᠡᠷᠭᠡᠵᠢᠯᠳᠡᠨ ᠪᠤᠯᠤᠨ ᠰᠤᠨᠢᠨ ᠮᠡᠳᠡᠭᠡᠨ᠎ᠤ ᠰᠤᠷᠪᠤᠯᠵᠢᠯᠠᠭᠴᠢ ᠨᠡᠢ᠌ᠳᠡ 500 ᠭᠠᠷᠤᠢ ᠬᠦᠮᠦᠨ ᠳᠤᠰ ᠠᠵᠢᠯᠯᠠᠭ᠎ᠠ᠎ᠳᠤ ᠤᠷᠤᠯᠴᠠᠵᠠᠢ᠃