ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ᠄ ᠠᠷᠠᠳ ᠤᠯᠠᠨ᠎ᠢ ᠭᠡᠷᠡᠴᠢᠯᠡᠬᠦ ᠤᠴᠢᠷ᠎ᠲᠤ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ
ᠨᠡᠶᠢᠲᠡᠯᠡᠭᠰᠡᠨ ᠴᠠᠭ᠄ 2018-07-17

           
      ᠯᠢ ᠺᠸ ᠴᠢᠶᠠᠩ 6 ᠳ᠋ᠤᠭ᠋ᠠᠷ ᠰᠠᠷ᠎ᠠ ᠵᠢᠨ 6᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ᠄ 《ᠦᠭᠡᠷᠡᠴᠢᠯᠡᠯᠳᠡ ᠵᠢ ᠠᠷᠠᠳ ᠤᠯᠠᠨ ᠪᠤᠯᠤᠨ ᠠᠵᠤ ᠠᠬᠤᠢ᠌ᠯᠠᠯ᠎ᠤᠨ ᠠ᠋ᠳᠤᠷ ᠳᠤᠳᠤᠮ᠎ᠤᠨ ᠬᠠᠮᠤᠭ᠎ᠠᠴᠠ ᠢᠯᠡᠬᠦᠤ ᠠᠩᠬᠠᠷᠴᠤ ᠪᠠᠢ᠌ᠳᠠᠭ ᠤᠴᠢᠷ ᠶᠠᠪᠤᠳᠠᠯ᠎ᠠᠴᠠ ᠠ᠋ᠬᠢᠯᠡᠬᠦᠯᠵᠤ ᠬᠢᠬᠦ ᠭᠡᠷᠡᠭᠳᠡᠢ᠃ ᠤᠳᠤᠬᠠᠨ᠎ᠤ ᠤᠯᠠᠨ ᠠᠷᠪᠢᠨ ᠶᠠᠷᠰᠢᠭ ᠪᠤᠳᠤᠯᠢᠶᠠᠨ᠎ᠲᠠᠢ ᠭᠡᠷᠡᠴᠢ ᠦᠨᠡᠮᠯᠡᠯ᠂ ᠴᠢᠨᠠᠭᠰᠢᠯᠠᠨ ᠬᠠᠴᠢᠨ ᠵᠢᠭᠳᠡᠢ ᠤᠴᠢᠷ ᠶᠠᠪᠤᠳᠠᠯ᠎ᠨᠢ ᠤᠯᠠᠨ ᠳᠦᠮᠡᠨ ᠪᠤᠯᠤᠨ ᠠᠵᠤ ᠠᠬᠤᠢ᠌ᠯᠠᠯ᠎ᠢ ᠬᠦᠴᠢᠷᠳᠡᠬᠦᠯᠦᠨ ᠵᠤᠪᠠᠭ᠋ᠠᠵᠤ ᠪᠠᠢ᠌ᠨ᠎ᠠ᠃ ᠠ᠋ᠷᠭᠡᠪᠰᠢ ᠵᠤᠷᠢᠭ ᠰᠢᠭᠤᠳᠴᠤ ᠪᠠᠢ᠌ᠭ᠋ᠠᠳ ᠡᠯ᠎ᠡ ᠳᠦᠷᠦᠯ᠎ᠤᠨ ᠬᠡᠷᠡᠭ ᠦᠭᠡᠢ ᠭᠡᠷᠡᠴᠢᠯᠡᠬᠦ ᠤᠴᠢᠷ ᠶᠠᠪᠤᠳᠠᠯ᠎ᠢ ᠪᠦᠬᠦ ᠳᠠᠯ᠎ᠠ᠎ᠪᠠᠷ ᠴᠡᠪᠡᠷᠯᠡᠵᠤ᠂ ᠤᠯᠠᠨ ᠳᠦᠮᠡᠨ ᠪᠤᠯᠤᠨ ᠠᠵᠤ ᠠᠬᠤᠢ᠌ᠯᠠᠯ᠎ᠢ ᠭᠡᠷᠡᠭ ᠦᠭᠡᠢ ᠤᠴᠢᠷ ᠶᠠᠪᠤᠳᠠᠯ᠎ᠳᠤ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ》 ᠭᠡᠵᠤ ᠭᠡᠯᠡᠪᠡ᠃
      ᠳᠤᠰ ᠠ᠋ᠳᠤᠷ᠎ᠤᠨ ᠬᠤᠷᠠᠯ ᠳᠡᠭᠡᠷ᠎ᠠ ᠡᠯ᠎ᠡ ᠳᠦᠷᠦᠯ᠎ᠤᠨ ᠭᠡᠷᠡᠴᠢᠯᠡᠬᠦ ᠤᠴᠢᠷ ᠶᠠᠪᠤᠳᠠᠯ᠎ᠢ ᠪᠦᠬᠦ ᠳᠠᠯ᠎ᠠ᠎ᠪᠠᠷ ᠴᠡᠪᠡᠷᠯᠡᠬᠦ᠎ᠪᠠᠷ ᠳᠣᠭᠲᠠᠪᠠ᠃ ᠯᠢ ᠺᠸ ᠴᠢᠶᠠᠩ ᠠ᠋ᠨᠡᠬᠦ ᠠᠵᠢᠯ᠎ᠤᠨ ᠨᠠᠷᠢᠨ ᠳᠦᠰᠦᠯ ᠪᠤᠯᠤᠨ ᠪᠡᠶᠡᠯᠡᠬᠦᠯᠬᠦ ᠴᠠᠭ ᠬᠤᠭᠤᠴᠠᠭ᠎ᠠ ᠵᠢ ᠳᠣᠭᠲᠠᠭ᠋ᠠᠬᠤ᠎ᠳᠤ᠎ᠪᠠᠨ᠄ ᠨᠢᠭᠡ᠎ᠳᠤ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠦᠴᠢᠷ᠎ᠤᠨ ᠳᠦᠷᠢᠮ ᠳᠤᠭᠳᠠᠭ᠋ᠠᠯ ᠪᠤᠯᠤᠨ ᠵᠢᠷᠤᠮᠵᠢᠭᠰᠠᠨ ᠪᠢᠴᠢᠭ ᠮᠠᠲᠸᠷᠢᠶᠠᠯ ᠵᠡᠷᠭᠡ᠎ᠳᠤ ᠳᠤᠭᠳᠠᠭ᠋ᠠᠭᠰᠠᠨ ᠭᠡᠷᠡᠴᠢᠯᠡᠬᠦ ᠤᠴᠢᠷ ᠶᠠᠪᠤᠳᠠᠯ᠎ᠢ ᠰᠢᠭᠤᠳ ᠬᠦᠴᠦᠨ ᠦᠭᠡᠢ ᠪᠤᠯᠭ᠋ᠠᠬᠤ ᠵᠢ᠎ᠨᠢ ᠳᠠᠷᠤᠢ᠌ᠬᠠᠨ ᠭᠦᠴᠤᠨ ᠦᠭᠡᠢ ᠪᠣᠯᠭ᠋ᠠᠵᠤ᠂ ᠳᠦᠷᠢᠮ ᠳᠤᠭᠳᠠᠭ᠋ᠠᠯ ᠪᠢᠴᠢᠭ ᠮᠠᠲᠸᠷᠢᠶᠠᠯ᠎ᠤᠨ ᠵᠠᠰᠠᠪᠤᠷᠢ ᠤᠷᠤᠭᠤᠯᠬᠤ᠎ᠳᠤ᠎ᠨᠢ ᠱᠠᠯᠠᠪᠳᠠᠨ ᠵᠠᠰᠠᠪᠤᠷᠢ ᠣᠷᠤᠭᠤᠯᠬᠤ ᠭᠡᠷᠡᠭᠳᠡᠢ; ᠬᠤᠶᠠᠷ᠎ᠲᠤ ᠬᠠᠤᠯᠢ ᠳᠦᠷᠢᠮ ᠬᠠᠤᠯᠢ ᠴᠠᠭ᠋ᠠᠵᠠ᠎ᠳᠤ ᠳᠤᠭᠳᠠᠭ᠋ᠠᠭᠰᠠᠨ ᠪᠤᠯᠪᠠᠴᠤ ᠬᠠᠤᠯᠢ᠎ᠳᠤ ᠳᠤᠭᠳᠠᠭ᠋ᠠᠭᠰᠠᠨ ᠭᠡᠷᠡᠴᠢ ᠦᠨᠡᠮᠯᠡᠯ᠂ ᠪᠢᠴᠢᠭ ᠵᠶ᠋ᠡᠷ ᠮᠡᠳᠡᠭᠳᠡᠭᠰᠡᠨ ᠠᠮᠠᠯᠠᠯᠳᠠ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠬᠤᠭᠤᠷᠤᠨᠳᠤᠬᠢ ᠰᠢᠯᠭ᠋ᠠᠨ ᠪᠠᠢ᠌ᠴᠠᠭ᠋ᠠᠬᠤ ᠵᠡᠷᠭᠡ᠎ᠳᠤ ᠪᠠᠭᠳᠠᠭᠰᠠᠨ ᠪᠤᠶᠤ ᠤᠷᠤᠯᠠᠭᠤᠯᠵᠤ ᠪᠤᠯᠬᠤ ᠭᠡᠷᠡᠴᠢᠯᠡᠬᠦ ᠤᠴᠢᠷ ᠶᠠᠪᠤᠳᠠᠯ᠎ᠢ ᠵᠠᠰᠠᠪᠤᠷᠢ ᠤᠷᠤᠭᠤᠯᠬᠤ᠎ᠪᠠᠷ ᠭᠤᠶᠤᠴᠢᠯᠠᠨ ᠮᠡᠳᠡᠬᠦᠯᠵᠤ᠂ ᠮᠡᠳᠡᠭᠡ ᠵᠠᠩᠬᠢ ᠵᠢ ᠬᠠᠮᠳᠤᠪᠠᠷ ᠠ᠋ᠳ᠋ᠯᠡᠬᠦ ᠪᠡ ᠢᠳᠡᠭᠡᠮᠵᠢ ᠵᠢᠨ ᠰᠢᠰᠲᠸᠮ᠎ᠳᠤ ᠨᠠᠢ᠌ᠳᠠᠨ ᠬᠦᠴᠦᠨ ᠦᠭᠡᠢ ᠪᠤᠯᠭ᠋ᠠᠬᠤ ᠭᠡᠷᠡᠭᠳᠡᠢ; ᠭᠤᠷᠪᠠ᠎ᠳᠤ ᠡᠯ᠎ᠡ ᠭᠠᠵᠠᠷ᠎ᠤᠨ ᠦᠪᠡᠰᠤᠪᠠᠨ ᠳᠤᠭᠳᠠᠭ᠋ᠠᠭᠰᠠᠨ ᠭᠡᠷᠡᠴᠢᠯᠡᠬᠦ ᠤᠴᠢᠷ ᠶᠠᠪᠤᠳᠠᠯ᠎ᠢ ᠤᠷᠤᠨ ᠨᠤᠳᠤᠭ᠎ᠤᠨ ᠴᠢᠨᠠᠷ᠎ᠲᠠᠢ ᠬᠠᠤᠯᠢ ᠳᠦᠷᠢᠮ᠎ᠳᠤ ᠳᠤᠭᠳᠠᠭ᠋ᠠᠭᠰᠠᠨ᠎ᠠᠴᠠ ᠪᠤᠰᠤᠳ᠎ᠢ ᠵᠢᠯ᠎ᠤᠨ ᠡᠴᠦᠰ᠎ᠠᠴᠠ ᠠ᠋ᠮᠤᠨ᠎ᠠ ᠬᠦᠴᠦᠨ ᠦᠭᠡᠢ ᠪᠤᠯᠭ᠋ᠠᠬᠤ ᠭᠡᠷᠡᠭᠳᠡᠢ; ᠳᠦᠷᠪᠡ᠎ᠳᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ᠎ᠬᠢᠨ ᠬᠦᠴᠦᠨ ᠦᠭᠡᠢ ᠪᠤᠯᠭ᠋ᠠᠭᠰᠠᠨ ᠪᠠ ᠦᠯᠡᠳᠡᠭᠡᠭᠰᠡᠨ ᠭᠡᠷᠡᠴᠢᠯᠡᠬᠦ ᠤᠴᠢᠷ ᠶᠠᠪᠤᠳᠠᠯ᠎ᠤᠨ ᠳᠤᠬᠠᠢ ᠲᠣᠳᠣᠷᠬᠠᠢ᠌ᠯᠠᠭᠰᠠᠨ ᠵᠤᠢ᠌ᠯ ᠵᠶ᠋ᠠᠨ ᠴᠠᠭ ᠳᠠᠷᠤᠢ᠎ᠳᠤ᠎ᠨᠢ ᠨᠡᠢ᠌ᠳᠡᠯᠡᠵᠤ᠂ ᠦᠯᠡᠳᠡᠭᠡᠬᠦ ᠴᠢᠬᠤᠯᠠ᠎ᠲᠠᠢ ᠵᠦᠢ᠍ᠯ᠎ᠳᠤ ᠭᠡᠷᠡᠴᠢ ᠪᠠᠷᠢᠮᠳᠠ᠂ ᠬᠦᠢ᠍ᠴᠡᠳᠭᠡᠬᠦ ᠵᠦᠭᠯᠡᠬᠦᠷ ᠵᠡᠷᠭᠡ᠎ᠪᠠᠨ ᠳᠤᠳᠤᠷᠬᠠᠢ᠌ᠯᠠᠨ ᠵᠢᠬᠰᠠᠭ᠋ᠠᠵᠤ ᠳᠤᠭᠳᠠᠭ᠋ᠠᠬᠤ ᠭᠡᠷᠡᠭᠳᠡᠢ ᠭᠡᠵᠡᠢ᠃
      ᠶᠡᠷᠦᠩᠭᠡᠢ ᠰᠠᠢ᠌ᠳ ᠯᠢ ᠺᠸ ᠴᠢᠶᠠᠩ ᠦᠨᠳᠦᠰᠤᠨ ᠱᠠᠳᠤᠨ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ ᠤᠯᠵᠤ ᠮᠡᠳᠡᠭᠰᠡᠨ ᠶᠠᠩᠵᠤ ᠪᠦᠷᠢ ᠵᠢᠨ ᠭᠡᠷᠡᠴᠢᠯᠡᠬᠦ ᠵᠤᠢ᠌ᠯ ᠤᠯᠠᠨ᠂ ᠤᠴᠢᠷ ᠶᠠᠪᠤᠳᠠᠯ ᠬᠦᠢ᠍ᠴᠡᠳᠭᠡᠬᠦ᠎ᠳᠤ ᠬᠦᠴᠢᠷ᠎ᠲᠠᠢ ᠪᠠᠢ᠌ᠬᠤ ᠵᠢᠱ᠌ᠢᠶ᠎ᠠ ᠵᠢ ᠶᠠᠷᠢᠯ᠎ᠠ᠄ 《ᠨᠢᠭᠡᠨ ᠰᠠᠭᠤᠭ᠋ᠠᠯᠢ ᠠᠷᠠᠳ᠎ᠤᠨ ᠵᠦᠪᠯᠡᠯ᠎ᠤᠨ ᠬᠠᠷᠢᠭᠤᠴᠠᠯᠭ᠋ᠠᠳᠠᠨ᠎ᠤ ᠳᠤᠰᠬᠠᠭᠰᠠᠨ ᠵᠶ᠋ᠡᠷ᠂ ᠡᠯ᠎ᠡ ᠰᠠᠯᠠᠭ᠎ᠠ ᠮᠦᠴᠢᠷ᠎ᠤᠨ ᠰᠠᠭᠤᠭ᠋ᠠᠯᠢ ᠠᠷᠠᠳ᠎ᠤᠨ ᠵᠦᠪᠯᠡᠯ ᠵᠶ᠋ᠡᠷ ᠬᠢᠯᠭᠡᠵᠤ ᠪᠠᠢ᠌ᠭ᠎ᠠ ᠭᠡᠷᠡᠴᠢᠯᠡᠯ᠎ᠨᠢ ᠵᠠᠭᠤ ᠭᠠᠷᠤᠢ ᠵᠦᠢ᠍ᠯ᠎ᠳᠤ ᠬᠦᠷᠴᠤ᠂ ᠠ᠋ᠳᠡᠭᠡᠷ᠎ᠤᠨ ᠵᠠᠷᠢᠮ᠎ᠢ᠎ᠨᠢ ᠭᠡᠷᠡᠴᠢᠯᠡᠬᠦ ᠵᠢᠨ ᠠᠷᠭ᠎ᠠ ᠦᠭᠡᠢ ᠪᠤᠯᠪᠠᠴᠤ ᠭᠡᠷᠡᠴᠢᠯᠡᠬᠦ ᠦᠭᠡᠢ ᠪᠠᠢ᠌ᠵᠤ ᠪᠤᠯᠬᠤ ᠦᠭᠡᠢ᠃ ᠭᠡᠷᠪᠡ ᠭᠡᠷᠡᠴᠢ ᠬᠢᠬᠦ ᠦᠭᠡᠢ ᠪᠤᠯ ᠰᠠᠭᠤᠭ᠋ᠠᠯᠢ ᠠᠷᠠᠳ ᠤᠴᠢᠷ ᠶᠠᠪᠤᠳᠠᠯ ᠬᠦᠢ᠍ᠴᠡᠳᠭᠡᠵᠤ ᠳᠡᠢ᠌ᠯᠬᠦ ᠦᠭᠡᠢ᠃ ᠵᠠᠷᠢᠮ ᠰᠠᠭᠤᠭ᠋ᠠᠯᠢ ᠠᠷᠠᠳ 〈ᠰᠦᠬᠦᠳᠴᠤ ᠭᠤᠶᠤᠨ〉 ᠭᠡᠷᠡᠴᠢ ᠬᠢᠯᠭᠡᠳᠡᠭ ᠪᠠᠢ᠌ᠨ᠎ᠠ》 ᠭᠡᠵᠡᠢ᠃
      ᠯᠢ ᠺᠸ ᠴᠢᠶᠠᠩ᠄ 《ᠰᠠᠭᠤᠭ᠋ᠠᠯᠢ ᠠᠷᠠᠳ᠎ᠤᠨ ᠵᠦᠪᠯᠡᠯ ᠪᠤᠯ ᠦᠨᠳᠦᠰᠤᠨ ᠱᠠᠳᠤᠨ᠎ᠤ ᠤᠯᠠᠨ ᠳᠦᠮᠡᠨᠴᠢ ᠴᠢᠨᠠᠷ᠎ᠲᠠᠢ ᠦᠪᠡᠷ᠎ᠲᠡᠭᠡᠨ ᠵᠠᠰᠠᠬᠤ ᠵᠤᠬᠢᠶᠠᠨ ᠪᠠᠢ᠌ᠭᠤᠯᠤᠯᠳᠠ ᠪᠤᠯᠬᠤᠷ ᠦᠨᠡᠨᠳᠡᠭᠡᠨ ᠳᠡᠬᠦᠨ᠎ᠤ ᠬᠢᠭᠰᠡᠨ ᠭᠡᠷᠡᠴᠢᠯᠡᠯ᠎ᠨᠢ ᠬᠦᠴᠦᠨ ᠦᠭᠡᠢ ᠶᠤᠮ》᠂ 《ᠠ᠋ᠳᠡᠭᠡᠷ ᠬᠠᠴᠢᠨ ᠰᠣᠨᠢᠨ ᠪᠠᠢ᠌ᠳᠠᠯ᠎ᠤᠨ ᠠᠷᠤ᠎ᠳᠤ ᠨᠢᠭᠡ ᠪᠦᠯᠦᠭ ᠰᠠᠯᠠᠭ᠎ᠠ ᠮᠦᠴᠢᠷ ᠪᠤᠯᠤᠨ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠬᠠᠷᠢᠭᠤᠴᠠᠯᠭ᠎ᠠ ᠳᠦᠯᠬᠢᠯᠴᠡᠬᠦ ᠪᠠᠢ᠌ᠳᠠᠯ ᠤᠷᠤᠰᠢᠵᠤ᠂ ᠠ᠋ᠨᠡ᠎ᠨᠢ ᠤᠯᠠᠨ ᠳᠦᠮᠡᠨ᠎ᠢ ᠭᠡᠷᠡᠴᠢᠯᠡᠬᠦ ᠤᠴᠢᠷ ᠶᠠᠪᠤᠳᠠᠯ᠎ᠤᠨ ᠳᠦᠯᠦᠭᠡ ᠨᠠᠭ᠋ᠠᠰᠢ ᠴᠠᠭ᠋ᠠᠰᠢ ᠬᠦᠶᠦᠯᠭᠡᠨ ᠵᠤᠪᠠᠭ᠋ᠠᠳᠠᠭ ᠪᠠᠢ᠌ᠨ᠎ᠠ》 ᠭᠡᠪᠡ᠃
      ᠯᠢ ᠺᠸ ᠴᠢᠶᠠᠩ᠄ 《ᠬᠦᠴᠦᠨ ᠦᠭᠡᠢ ᠪᠤᠯᠭ᠋ᠠᠬᠤ ᠭᠡᠳᠡᠭ᠎ᠨᠢ ᠨᠢᠭᠡᠮᠦᠰᠦᠨ ᠬᠠᠮᠢᠶᠠᠷᠬᠤ ᠦᠭᠡᠢ ᠭᠡᠰᠡᠨ ᠦᠭᠡ ᠪᠢᠰᠢ᠂ ᠬᠠᠷᠢᠨ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ ᠪᠤᠶᠤ ᠠᠵᠢᠯ ᠳᠦᠷᠦᠯ᠎ᠤᠨ ᠳᠤᠳᠤᠭ᠋ᠠᠳᠤ ᠵᠢᠨ ᠰᠢᠰᠲᠸᠮ ᠵᠶ᠋ᠡᠷ ᠳᠠᠮᠵᠢᠭᠤᠯᠤᠨ ᠬᠢᠨᠠᠨ ᠪᠠᠢ᠌ᠴᠠᠭ᠋ᠠᠵᠤ᠂ ᠤᠴᠢᠷ ᠶᠠᠪᠤᠳᠠᠯ ᠬᠦᠢ᠍ᠴᠡᠳᠭᠡᠭᠴᠢᠳ᠎ᠢ ᠭᠡᠷᠡᠴᠢᠯᠡᠯ᠎ᠤᠨ ᠳᠦᠯᠦᠭᠡ ᠳᠦᠷᠪᠡᠨ ᠵᠦᠭ᠎ᠲᠤ ᠬᠦᠶᠦᠯᠭᠡᠬᠦ ᠦᠭᠡᠢ ᠪᠤᠯᠭ᠋ᠠᠬᠤ ᠶᠠᠪᠤᠳᠠᠯ ᠪᠤᠯᠤᠨ᠎ᠠ》᠃ 《ᠡᠯ᠎ᠡ ᠰᠠᠯᠠᠭ᠎ᠠ ᠮᠦᠴᠢᠷ᠎ᠨᠢ ᠠᠳᠠᠯᠢ ᠨᠢᠭᠡᠨ ᠵᠠᠰᠠᠭ᠎ᠤᠨ ᠤᠷᠳᠤᠨ᠎ᠳᠤ ᠬᠠᠷᠢᠶᠠᠯᠠᠭᠳᠠᠵᠤ ᠪᠠᠢ᠌ᠪᠠᠯ ᠳᠠᠷᠤᠢ ᠨᠢᠭᠡ ᠴᠤᠩᠬᠤᠪᠴᠢ᠎ᠪᠠᠷ ᠤᠯᠠᠨ ᠳᠦᠮᠡᠨ ᠪᠤᠯᠤᠨ ᠠᠵᠤ ᠠᠬᠤᠢ᠌ᠯᠠᠯ᠎ᠳᠤ ᠤᠴᠢᠷ ᠶᠠᠪᠤᠳᠠᠯ ᠬᠦᠢ᠍ᠴᠡᠳᠭᠡᠬᠦ ᠭᠡᠷᠡᠭᠳᠡᠢ᠃ ᠵᠠᠰᠠᠭ᠎ᠤᠨ ᠤᠷᠳᠤᠨ ᠳᠤᠳᠤᠭ᠋ᠠᠳᠤ᠎ᠳᠤ᠎ᠪᠠᠨ ᠬᠠᠷᠢᠯᠴᠠᠨ ᠭᠡᠷᠡᠴᠢᠯᠡᠵᠤ ᠪᠤᠯᠬᠤ ᠤᠴᠢᠷ ᠶᠠᠪᠤᠳᠠᠯ᠎ᠢ ᠵᠠᠰᠠᠭ᠎ᠤᠨ ᠤᠷᠳᠤᠨ ᠦᠪᠡᠷ᠎ᠲᠡᠭᠡᠨ ᠬᠢᠨᠠᠨ ᠪᠠᠢ᠌ᠴᠠᠭ᠋ᠠᠬᠤ ᠬᠠᠷᠢᠭᠤᠴᠠᠯᠭ᠎ᠠ ᠵᠢ ᠬᠠᠷᠢᠭᠤᠴᠠᠬᠤ ᠭᠡᠷᠡᠭᠳᠡᠢ》 ᠭᠡᠵᠤ ᠭᠡᠯᠡᠪᠡ᠃
     6 ᠳ᠋ᠤᠭ᠋ᠠᠷ ᠰᠠᠷ᠎ᠠ ᠵᠢᠨ 6᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷᠡᠬᠢ ᠪᠠᠰᠠ ᠨᠢᠭᠡ ᠳᠤᠷᠠᠳᠤᠯᠭ᠎ᠠ᠎ᠨᠢ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠤᠯᠠᠮ ᠵᠶ᠋ᠡᠷ ᠳᠡᠬᠦᠯᠳᠡᠷᠵᠢᠬᠦᠯᠬᠦ ᠪᠤᠯᠤᠨ᠎ᠠ᠃ ᠯᠢ ᠺᠸ ᠴᠢᠶᠠᠩ᠂ ᠠ᠋ᠨᠡ ᠬᠤᠶᠠᠷ ᠳᠤᠷᠠᠳᠤᠯᠭ᠎ᠠ ᠬᠠᠷᠢᠯᠴᠠᠨ ᠰᠢᠯᠳᠠᠭ᠋ᠠᠨ ᠳ᠋ᠦᠩ᠎ᠤᠨ ᠬᠠᠷᠢᠴᠠᠭ᠎ᠠ᠎ᠲᠠᠢ ᠭᠡᠰᠡᠨ ᠪᠦᠭᠡᠳ ᠡᠯ᠎ᠡ ᠰᠠᠯᠠᠭ᠎ᠠ ᠮᠦᠴᠢᠷ᠎ᠤᠨ᠎ᠬᠢᠨ ᠬᠠᠷᠢᠶᠠᠨ᠎ᠤ᠎ᠪᠠᠨ ᠡᠯ᠎ᠡ ᠳᠦᠷᠦᠯ᠎ᠤᠨ ᠭᠡᠷᠡᠴᠢᠯᠡᠯ᠎ᠤᠨ ᠤᠴᠢᠷ ᠶᠠᠪᠤᠳᠠᠯ᠎ᠢ ᠪᠦᠬᠦ ᠳᠠᠯ᠎ᠠ᠎ᠪᠠᠷ ᠴᠡᠪᠡᠷᠯᠡᠬᠦ ᠵᠢᠨ ᠬᠠᠮᠳᠤ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠪᠠ ᠮᠡᠳᠡᠭᠡ ᠵᠠᠩᠬᠢ ᠵᠢ ᠬᠠᠮᠳᠤᠪᠠᠷ ᠠ᠋ᠳ᠋ᠯᠡᠬᠦ ᠵᠢ ᠠᠬᠢᠭᠤᠯᠤᠨ ᠵᠢ ᠳᠦᠷᠭᠡᠳᠭᠡᠬᠦ ᠭᠡᠷᠡᠭᠳᠡᠢ ᠭᠡᠵᠤ ᠳᠤᠳᠤᠷᠬᠠᠢ ᠱᠠᠭ᠋ᠠᠷᠳᠠᠪᠠ᠃
      ᠯᠢ ᠺᠸ ᠴᠢᠶᠠᠩ ᠭᠦᠨ ᠦᠨᠡᠨᠴᠢ ᠰᠡᠳᠬᠢᠯᠭᠡ᠎ᠪᠠᠷ᠄ 《ᠤᠯᠠᠨ ᠵᠶ᠋ᠡᠷ ᠵᠶ᠋ᠡᠨ ᠤᠯᠠᠨ ᠳᠦᠮᠡᠨ᠎ᠢ ᠦᠪᠡᠷ᠎ᠤᠨ ᠪᠡᠶ᠎ᠡ᠎ᠲᠠᠢ᠎ᠪᠠᠨ ᠠᠳᠠᠯᠢᠳᠬᠠᠨ᠂ ᠰᠢᠭᠤᠳ ᠬᠦᠴᠦᠨ ᠦᠭᠡᠢ ᠪᠤᠯᠭ᠋ᠠᠵᠤ ᠪᠤᠯᠬᠤ ᠵᠢ᠎ᠨᠢ ᠳᠠᠷᠤᠢ᠌ᠬᠠᠨ ᠵᠤᠬᠰᠤᠭ᠋ᠠᠵᠤ᠂ ᠬᠢᠨᠠᠨ ᠪᠠᠢ᠌ᠴᠠᠭ᠋ᠠᠬᠤ ᠴᠢᠬᠤᠯᠠ᠎ᠲᠠᠢ ᠵᠢ᠎ᠨᠢ ᠵᠠᠰᠠᠭ᠎ᠤᠨ ᠤᠷᠳᠤᠨ᠎ᠤ ᠳᠤᠳᠤᠭ᠋ᠠᠳᠤ ᠵᠢᠨ ᠮᠡᠳᠡᠭᠡ ᠵᠠᠩᠬᠢ ᠵᠢ ᠬᠠᠮᠳᠤᠪᠠᠷ ᠠ᠋ᠳ᠋ᠯᠡᠬᠦ᠎ᠪᠠᠷ ᠳᠠᠮᠵᠢᠭᠤᠯᠤᠨ ᠰᠢᠢ᠍ᠳᠪᠤᠷᠢᠯᠡᠵᠤ᠂ ᠤᠯᠠᠨ ᠳᠦᠮᠡᠨ᠎ᠢ ᠭᠡᠷᠡᠴᠢᠯᠡᠯ᠎ᠤᠨ ᠳᠦᠯᠦᠭᠡ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ》 ᠭᠡᠵᠤ ᠭᠡᠯᠡᠪᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠢᠳᠡᠭᠡᠮᠵᠢ᠎ᠪᠠᠨ ᠠᠯᠳᠠᠭᠰᠠᠳ᠎ᠢ ᠨᠡᠢ᠌ᠭᠡᠮ ᠳᠡᠭᠡᠷ᠎ᠠ ᠶᠠᠪᠤᠬᠤ ᠵᠢᠨ ᠠᠷᠭ᠎ᠠ ᠦᠭᠡᠢ ᠪᠤᠯᠭ᠋ᠠᠬᠤ ᠭᠡᠷᠡᠭᠳᠡᠢ
ᠵᠤᠭᠤᠰᠤᠨ᠎ᠳᠤ ᠠᠷᠪᠢᠳᠠᠢ ᠴᠠᠭ᠎ᠲᠤ ᠭᠠᠮᠳᠠᠢ ᠬᠦᠴᠦᠨ᠎ᠳᠤ ᠠᠷᠪᠢᠳᠠᠢ ᠠᠷᠠᠳ᠎ᠤᠨ ᠠᠮᠢᠳᠤᠷᠠᠯ᠎ᠳᠤ ᠬᠤᠯᠪᠤᠭᠳᠠᠬᠤ ᠵᠦᠢ᠍ᠯ᠎ᠤᠳ
ᠵᠤᠭᠤᠰᠤᠨ᠎ᠳᠤ ᠠᠷᠪᠢᠳᠠᠢ ᠴᠠᠭ᠎ᠲᠤ ᠭᠠᠮᠳᠠᠢ ᠬᠦᠴᠦᠨ᠎ᠳᠤ ᠠᠷᠪᠢᠳᠠᠢ ᠠᠷᠠᠳ᠎ᠤᠨ ᠠᠮᠢᠳᠤᠷᠠᠯ᠎ᠳᠤ ᠬᠤᠯᠪᠤᠭᠳᠠᠬᠤ ᠵᠦᠢ᠍ᠯ᠎ᠤᠳ
ᠬᠠᠨ ᠵᠸᠩ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠠ᠋ᠷᠬᠢᠯᠡᠨ ᠬᠤᠷᠠᠯᠳᠤᠭᠤᠯᠪᠠ
ᠠᠺᠸᠨᠲ᠋ᠢᠨ᠎ᠤ ᠶᠡᠷᠦᠩᠭᠡᠢ᠌ᠯᠡᠭᠴᠢ ᠮᠠᠷᠺᠸᠯᠢ ᠸᠠᠩ ᠢ ᠵᠢ ᠬᠦᠯᠢᠶᠠᠨ ᠠᠪᠴᠤ ᠠᠭᠤᠯᠵᠠᠪᠠ
 
            