ᠣᠢ᠌ᠷ᠎ᠠ᠎ᠳᠤ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠠ᠋ᠳ᠋᠎ᠤᠨ ᠵᠠᠰᠠᠭ᠎ᠤᠨ ᠳᠢᠩᠬᠢᠮ ᠪᠤᠯᠤᠨ ᠶᠠᠳᠠᠭᠤ ᠵᠢ ᠳᠡᠳᠬᠦᠬᠦ ᠠᠯᠪᠠᠨ ᠭᠡᠷ ᠬᠠᠮᠳᠤᠷᠠᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠳᠠ ᠬᠢᠭᠡᠳ ᠶᠠᠳᠠᠭᠤ ᠵᠢ ᠳᠡᠳᠬᠦᠵᠤ ᠬᠦᠭᠵᠢᠬᠦᠯᠬᠦ ᠳᠦᠷᠦ ᠵᠢᠨ ᠪᠤᠳᠤᠯᠭ᠎ᠠ ᠵᠢ ᠠᠪᠴᠠᠯᠳᠤᠭᠤᠯᠬᠤ ᠳᠤᠬᠠᠢ ᠳᠦᠰᠦᠯ》 ᠳᠤᠭᠳᠠᠭ᠋ᠠᠨ ᠪᠠᠭᠤᠯᠭ᠋ᠠᠵᠤ᠂ ᠳᠦᠷᠪᠡᠨ ᠵᠦᠢ᠍ᠯ᠎ᠤᠨ ᠠᠪᠴᠠᠯᠳᠤᠭᠤᠯᠬᠤ ᠠᠷᠭ᠎ᠠ᠎ᠪᠠᠷ ᠳᠠᠮᠵᠢᠭᠤᠯᠤᠨ ᠨᠡᠢ᠌ᠭᠡᠮ᠎ᠤᠨ ᠠᠪᠤᠷᠠᠨ ᠳᠤᠰᠠᠯᠠᠯᠳᠠ ᠪᠠ ᠶᠠᠳᠠᠭᠤ᠎ᠠᠴᠠ ᠪᠦᠬᠦᠨ᠎ᠢ ᠠᠩᠬᠢᠵᠢᠷᠠᠭᠤᠯᠬᠤ ᠵᠢ ᠪᠠᠳᠤᠯᠠᠬᠤ ᠭᠡᠷᠡᠭᠳᠡᠢ ᠭᠡᠵᠡᠢ᠃
ᠨᠢᠭᠡ᠂ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠪᠠ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠬᠤ ᠠᠰᠠᠷᠠᠮᠵᠢ ᠵᠢᠨ ᠳᠦᠷᠦ ᠵᠢᠨ ᠪᠤᠳᠤᠯᠭ᠎ᠠ᠎ᠳᠤ ᠨᠡᠢ᠌ᠴᠡᠬᠦ ᠬᠦᠮᠦᠰ᠎ᠲᠤ ᠳᠠᠩᠰᠠ ᠡᠪᠭᠡᠮᠡᠯ ᠺᠠᠷᠲ ᠭᠠᠷᠭ᠋ᠠᠨ᠂ ᠶᠠᠳᠠᠭᠤ᠎ᠠᠴᠠ ᠪᠦᠬᠦᠨ᠎ᠢ ᠠᠩᠬᠢᠵᠢᠷᠠᠭᠤᠯᠬᠤ ᠠᠵᠢᠯ ᠵᠶ᠋ᠠᠨ ᠰᠠᠢ᠌ᠳᠤᠷ ᠬᠢᠬᠦ ᠭᠡᠷᠡᠭᠳᠡᠢ
ᠦᠪᠡᠷᠳᠡᠭᠡᠨ ᠵᠠᠰᠠᠬᠤ ᠤᠷᠤᠨ᠎ᠠᠴᠠ ᠳᠠᠪᠤ ᠵᠢ ᠠᠪᠴᠠᠯᠳᠤᠭᠤᠯᠤᠨ᠎ᠠ᠄ ᠨᠢᠭᠡ᠎ᠳᠤ᠂ ᠪᠠᠷᠢᠮᠵᠢᠶ᠎ᠠ᠎ᠪᠠᠨ ᠠᠪᠴᠠᠯᠳᠤᠭᠤᠯᠤᠨ᠎ᠠ᠃ 《ᠠᠷᠪᠠᠨ ᠭᠤᠷᠪᠠᠳᠤᠭ᠋ᠠᠷ ᠳᠠᠪᠤᠨ ᠵᠢᠯ᠎ᠤᠨ ᠳᠦᠯᠦᠪᠵᠢᠬᠦᠯᠭᠡ》 ᠵᠢᠨ ᠬᠤᠭᠤᠴᠠᠭ᠋ᠠᠨ᠎ᠳᠤ᠂ ᠦᠪᠡᠷᠳᠡᠭᠡᠨ ᠵᠠᠰᠠᠬᠤ ᠤᠷᠤᠨ᠎ᠠᠴᠠ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢ ᠵᠢᠯ ᠪᠦᠷᠢ 6 %᠎ᠪᠠᠷ ᠳᠡᠭᠡᠭᠰᠢᠯᠡᠬᠦᠯᠦᠨ᠂ ᠦᠪᠡᠷᠳᠡᠭᠡᠨ ᠵᠠᠰᠠᠬᠤ ᠤᠷᠤᠨ᠎ᠤ ᠶᠠᠳᠠᠭᠤ ᠵᠢ ᠳᠡᠳᠬᠦᠬᠦ ᠪᠠᠷᠢᠮᠵᠢᠶ᠎ᠠ᠎ᠠᠴᠠ ᠦᠨᠳᠦᠷ ᠪᠠᠢ᠌ᠯᠭ᠋ᠠᠬᠤ ᠵᠢ ᠦᠷᠬᠦᠯᠵᠢᠯᠡᠨ ᠪᠠᠳᠤᠯᠠᠵᠤ᠂ 2019 ᠤᠨ ᠪᠤᠯᠬᠤ᠎ᠳᠤ ᠡᠯ᠎ᠡ ᠬᠤᠰᠢᠭᠤ ᠰᠢᠶᠠᠨ (ᠬᠤᠳᠠ ᠳᠤᠭᠤᠷᠢᠭ)᠎ᠤ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢ ᠬᠦᠮᠦᠨ ᠳᠤᠳᠤᠮ ᠵᠢᠯ ᠪᠦᠷᠢ 4000 ᠳᠦᠬᠦᠷᠢᠭ᠎ᠲᠤ ᠬᠦᠷᠭᠡᠬᠦ ᠵᠢ ᠪᠠᠳᠤᠯᠠᠨ᠎ᠠ᠃ ᠬᠤᠶᠠᠷ᠎ᠲᠤ᠂ ᠳᠦᠷᠦ ᠵᠢᠨ ᠪᠤᠳᠤᠯᠭ᠎ᠠ ᠵᠢ ᠠᠪᠴᠠᠯᠳᠤᠭᠤᠯᠤᠨ᠎ᠠ᠃ ᠶᠠᠳᠠᠭᠤ ᠵᠢ ᠳᠡᠳᠬᠦᠬᠦ ᠨᠦᠬᠦᠴᠡᠯ᠎ᠳᠤ ᠳᠤᠬᠢᠷᠠᠬᠤ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠠ᠋ᠷᠦᠭᠡ ᠪᠡ ᠤᠨᠴᠠ ᠬᠦᠴᠢᠷᠳᠡᠯ᠎ᠲᠠᠢ ᠬᠦᠮᠦᠰ᠎ᠤᠨ ᠶᠠᠳᠠᠭᠤᠷᠠᠭᠰᠠᠨ ᠰᠢᠯᠳᠠᠭ᠋ᠠᠨ᠎ᠢ᠎ᠨᠢ ᠦᠨᠳᠦᠰᠦᠯᠡᠵᠤ ᠪᠠᠢ᠌ᠭ᠋ᠠᠳ ᠤᠨᠤᠪᠴᠢᠳᠠᠢ ᠳᠡᠳᠬᠦᠨ᠎ᠡ᠃ ᠶᠠᠳᠠᠭᠤ᠎ᠠᠴᠠ ᠠᠩᠬᠢᠵᠢᠷᠠᠭᠰᠠᠨᠤ ᠳᠠᠷᠠᠭ᠎ᠠ ᠳᠠᠬᠢᠨ ᠶᠠᠳᠠᠭᠤᠷᠠᠭᠰᠠᠨ ᠭᠡᠷ ᠪᠦᠯᠢ ᠵᠢ ᠳᠦᠷᠦ ᠵᠢᠨ ᠪᠤᠳᠤᠯᠭ᠎ᠠ ᠵᠢᠨ ᠳᠤᠭᠳᠠᠭ᠋ᠠᠯ ᠶᠤᠰᠤᠭ᠋ᠠᠷ ᠠ᠋ᠮᠬᠢ ᠳᠠᠷᠠᠭ᠎ᠠ᠎ᠲᠠᠢ᠎ᠪᠠᠷ ᠬᠢᠨᠠᠨ ᠵᠦᠪᠰᠢᠶᠡᠷᠡᠭᠦᠯᠤᠭᠡᠳ ᠨᠡᠢ᠌ᠭᠡᠮ᠎ᠤᠨ ᠠᠪᠤᠷᠠᠨ ᠳᠤᠰᠠᠯᠠᠯᠳᠠ ᠵᠢᠨ ᠭᠡᠪᠴᠢᠶᠠᠨ᠎ᠳᠤ ᠤᠷᠤᠭᠤᠯᠤᠨ ᠳᠠᠩᠰᠠ ᠡᠪᠭᠡᠮᠡᠯ ᠺᠠᠷᠲ ᠪᠠᠢ᠌ᠭᠤᠯᠤᠨ᠎ᠠ᠃ ᠶᠠᠳᠠᠭᠤ ᠵᠢ ᠳᠡᠳᠬᠦᠬᠦ ᠬᠦᠷᠢᠶ᠎ᠠ ᠭᠡᠪᠴᠢᠶᠠᠨ᠎ᠤ ᠳᠠᠩᠰᠠ ᠡᠪᠭᠡᠮᠡᠯ ᠺᠠᠷᠲ ᠦᠭᠡᠢ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ ᠪᠠ ᠣᠨᠴᠠ ᠬᠦᠴᠢᠷᠳᠡᠯ᠎ᠲᠠᠢ ᠬᠦᠮᠦᠰ᠎ᠢ ᠪᠦᠳᠦᠮᠵᠢᠳᠡᠢ ᠠᠷᠭ᠎ᠠ ᠭᠡᠮᠵᠢᠶ᠎ᠡ᠎ᠪᠠᠷ ᠳᠡᠳᠬᠦᠨ ᠳᠡᠮᠵᠢᠵᠤ᠂ ᠳᠡᠳᠬᠦᠪᠡᠰᠤ ᠵᠤᠬᠢᠬᠤ ᠵᠢ᠎ᠨᠢ ᠠ᠋ᠷᠭᠡᠪᠰᠢ ᠳᠡᠳᠬᠦᠨ᠎ᠡ᠃ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠠ᠋ᠷᠦᠭᠡ ᠵᠢᠨ ᠨᠠᠰᠤᠨ᠎ᠳᠤ ᠦᠯᠦ ᠬᠦᠷᠦᠭᠰᠡᠳ᠂ ᠨᠠᠰᠤᠳᠠᠢ᠌ᠴᠤᠳ᠂ ᠬᠦᠨᠳᠤ ᠭᠡᠴᠡᠬᠦᠤ ᠵᠡᠮᠳᠡᠭ ᠬᠦᠮᠦᠨ ᠪᠣᠯᠤᠨ ᠬᠦᠨᠳᠤ ᠡᠪᠡᠳᠴᠢᠳᠠᠨ᠎ᠲᠠᠢ ᠬᠦᠮᠦᠰ᠎ᠲᠤ ᠳᠤᠬᠠᠢ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢᠨ 5 — 10%᠎ᠤᠨ ᠬᠠᠷᠢᠴᠠᠯ ᠵᠶ᠋ᠡᠷ ᠨᠦᠬᠦᠪᠤᠷᠢ ᠨᠡᠮᠡᠨ ᠦᠭᠴᠤ᠂ ᠦᠨᠳᠦᠰᠤᠨ ᠠᠮᠢᠳᠤᠷᠠᠯ᠎ᠢ᠎ᠨᠢ ᠰᠠᠢ᠌ᠵᠢᠷᠠᠭᠤᠯᠤᠨ᠎ᠠ᠃ ᠭᠤᠷᠪᠠ᠎ᠳᠤ᠂ ᠳᠡᠳᠬᠦᠨ ᠳᠤᠰᠠᠯᠠᠬᠤ ᠬᠦᠮᠦᠰ᠎ᠢ ᠨᠣᠲᠠᠯᠠᠨ ᠳᠤᠭᠳᠠᠭ᠋ᠠᠬᠤ ᠵᠢ ᠠᠪᠴᠠᠯᠳᠤᠭᠤᠯᠤᠨ᠎ᠠ᠃ ᠬᠠᠷᠢᠴᠠᠩᠭᠤᠢ ᠨᠢᠭᠡᠳᠤᠯᠳᠠᠢ᠎ᠪᠠᠷ ᠭᠡᠷ ᠪᠦᠯᠢ ᠵᠢᠨ ᠶᠠᠳᠠᠭᠤ ᠬᠦᠴᠢᠷᠳᠡᠯ᠎ᠳᠤ ᠪᠠᠢ᠌ᠳᠠᠯ᠎ᠢ ᠳᠦᠰᠦᠭᠡᠯᠡᠨ ᠪᠤᠳᠤᠵᠤ ᠨᠣᠲᠠᠯᠠᠬᠤ ᠪᠠᠷᠢᠮᠵᠢᠶᠠᠨ᠎ᠤ ᠰᠢᠰᠲᠸᠮ᠎ᠢ ᠰᠦᠪᠡᠭᠴᠢᠯᠠᠨ ᠪᠠᠢ᠌ᠭᠤᠯᠵᠤ᠂ ᠨᠣᠲᠠᠯᠠᠵᠤ ᠳᠤᠭᠳᠠᠭ᠋ᠠᠭᠰᠠᠨ ᠦᠷ᠎ᠡ ᠳ᠋ᠦᠩ᠎ᠢ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠮᠡᠳᠡᠭᠡ ᠵᠠᠩᠬᠢᠲᠠᠢᠨᠢ ᠬᠠᠷᠭᠤᠭᠤᠯᠵᠤ᠂ ᠠ᠋ᠷᠦᠭᠡ᠎ᠳᠤᠨᠢ ᠬᠦᠷᠴᠣ ᠪᠠᠢ᠌ᠴᠠᠭ᠋ᠠᠭᠰᠠᠨ᠂ ᠵᠡᠷᠭᠡᠯᠡᠳᠡᠭᠡ ᠠ᠋ᠷᠦᠭᠡᠠᠴᠠᠨᠢ ᠠᠰᠠᠭᠤᠵᠤ ᠰᠤᠷᠪᠤᠯᠵᠢᠯᠠᠭᠰᠠᠨ᠂ ᠠᠷᠠᠳᠴᠢᠯᠠᠯ ᠵᠶ᠋ᠡᠷ ᠬᠢᠨᠠᠭᠤᠯᠤᠭᠰᠠᠨ ᠵᠡᠷᠭᠡ ᠪᠠᠢ᠌ᠳᠠᠯ᠎ᠤᠨ ᠦᠷ᠎ᠡ ᠳ᠋ᠦᠩ᠎ᠲᠠᠢ᠎ᠨᠢ ᠤᠶᠠᠯᠳᠤᠭᠤᠯᠵᠤ᠂ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠦᠰ᠂ ᠤᠨᠴᠠ ᠬᠦᠴᠢᠷᠳᠡᠯ᠎ᠲᠠᠢ ᠬᠦᠮᠦᠰ ᠪᠠ ᠳᠠᠩᠰᠠ ᠡᠪᠭᠡᠮᠡᠯ ᠺᠠᠷᠲ ᠪᠠᠢ᠌ᠭᠤᠯᠵᠤ ᠦᠭᠪᠡᠰᠤ ᠵᠤᠬᠢᠬᠤ ᠶᠠᠳᠠᠭᠤ ᠬᠦᠴᠢᠷᠳᠡᠯ᠎ᠲᠠᠢ ᠬᠦᠮᠦᠰ᠎ᠢ ᠤᠨᠤᠪᠴᠢᠳᠠᠢ ᠦᠨᠡᠯᠡᠨ ᠳᠤᠭᠳᠠᠭ᠋ᠠᠬᠤ ᠭᠡᠷᠡᠭᠳᠡᠢ᠃ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠦᠰ ᠪᠠ ᠨᠡᠢ᠌ᠭᠡᠮ᠎ᠤᠨ ᠠᠪᠤᠷᠠᠨ ᠳᠤᠰᠠᠯᠠᠯᠳᠠ ᠵᠢᠨ ᠭᠡᠪᠴᠢᠶᠠᠨ᠎ᠳᠤ ᠤᠷᠤᠭᠤᠯᠤᠨ ᠳᠠᠩᠰᠠ ᠡᠪᠭᠡᠮᠡᠯ ᠺᠠᠷᠲ ᠪᠠᠢ᠌ᠭᠤᠯᠵᠤ ᠦᠭᠬᠦ ᠴᠢᠬᠤᠯᠠᠲᠠᠢ ᠤᠨᠴᠠ ᠬᠦᠴᠢᠷᠳᠡᠯ᠎ᠲᠠᠢ ᠬᠦᠮᠦᠰ᠎ᠤᠨ ᠠᠪᠤᠷᠠᠨ ᠳᠤᠰᠠᠯᠠᠭᠤᠯᠬᠤ ᠭᠤᠶᠤᠴᠢᠯᠠᠯᠳᠠ ᠵᠢ ᠠ᠋ᠷᠬᠡᠪᠰᠢ ᠬᠢᠨᠠᠨ ᠵᠦᠪᠰᠢᠶᠡᠷᠡᠬᠦ 《ᠭᠤᠷᠪᠠᠨ ᠭᠤᠭᠴᠤᠭ᠎ᠠ᠂ ᠠᠷᠪᠠᠨ ᠬᠤᠶᠠᠷ ᠠᠯᠬᠤᠮ》᠎ᠤᠨ ᠠᠵᠢᠯ᠎ᠤᠨ ᠳᠡᠰ ᠳᠠᠷᠠᠭ᠋ᠠᠯᠠᠯ ᠵᠶ᠋ᠡᠷ ᠴᠢᠩᠭ᠎ᠠ ᠬᠢᠨᠠᠨ ᠵᠦᠪᠰᠢᠶᠡᠷᠡᠵᠤ᠂ ᠠ᠋ᠷᠦᠭᠡ᠎ᠪᠠᠷ ᠨᠢᠭᠡᠴᠢᠯᠠᠨ ᠤᠨᠤᠪᠴᠢᠳᠠᠢ ᠦᠨᠡᠯᠡᠨ ᠳᠤᠭᠳᠠᠭ᠋ᠠᠬᠤ ᠭᠡᠷᠡᠭᠳᠡᠢ᠃ ᠳᠦᠷᠪᠡ᠎ᠳᠤ᠂ ᠬᠠᠮᠢᠶᠠᠷᠤᠯᠳᠠ ᠵᠢ ᠠᠪᠴᠠᠯᠳᠤᠭᠤᠯᠤᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ ᠪᠤᠯᠤᠨ ᠤᠨᠴᠠ ᠬᠦᠴᠢᠷᠳᠡᠯ᠎ᠲᠠᠢ ᠬᠦᠮᠦᠰ᠎ᠤᠨ ᠨᠡᠷᠡᠰ᠎ᠢ ᠶᠠᠳᠠᠭᠤ ᠵᠢ ᠳᠡᠳᠬᠦᠬᠦ ᠰᠠᠯᠠᠭ᠎ᠠ ᠮᠦᠴᠢᠷ᠎ᠲᠤ ᠴᠠᠭ ᠳᠤᠬᠠᠢ᠎ᠳᠤᠨᠢ ᠬᠠᠩᠭ᠋ᠠᠨ ᠦᠭᠴᠤ᠂ ᠶᠠᠳᠠᠭᠤ ᠵᠢ ᠳᠡᠳᠬᠦᠬᠦ ᠰᠠᠯᠠᠭ᠎ᠠ ᠮᠦᠴᠢᠷ᠎ᠨᠢ ᠨᠦᠬᠦᠴᠡᠯ᠎ᠳᠤ ᠨᠡᠢ᠌ᠴᠡᠬᠦ ᠶᠠᠳᠠᠭᠤ ᠬᠦᠴᠢᠷᠳᠡᠯ᠎ᠲᠠᠢ ᠬᠦᠮᠦᠰ᠎ᠢ ᠭᠤᠤᠯᠳᠠᠯᠭ᠎ᠠ᠎ᠲᠠᠢ᠎ᠪᠠᠷ ᠳᠡᠳᠬᠦᠬᠦ ᠬᠦᠷᠢᠶ᠎ᠡ ᠭᠡᠪᠴᠢᠶᠠᠨ᠎ᠳᠤ ᠤᠷᠤᠭᠤᠯᠤᠨ ᠳᠦᠷᠦ ᠵᠢᠨ ᠪᠤᠳᠤᠯᠭ᠎ᠠ ᠵᠢᠨ ᠳᠠᠯ᠎ᠠ᠎ᠪᠠᠷ ᠳᠡᠮᠵᠢᠨ ᠳᠡᠳᠬᠦᠬᠦ ᠭᠡᠷᠡᠭᠳᠡᠢ᠃ ᠶᠠᠳᠠᠭᠤ ᠵᠢ ᠳᠡᠳᠬᠦᠬᠦ ᠰᠠᠯᠠᠭ᠎ᠠ ᠮᠦᠴᠢᠷ᠎ᠨᠢ ᠳᠡᠳᠬᠦᠨ ᠳᠤᠰᠠᠯᠠᠭᠰᠠᠨ ᠨᠠᠷᠡᠰ᠂ ᠳᠡᠳᠬᠦᠨ ᠳᠤᠰᠠᠯᠠᠭᠰᠠᠨ ᠠᠷᠭ᠎ᠠ ᠭᠡᠮᠵᠢᠶ᠎ᠡ᠂ ᠶᠠᠳᠠᠭᠤ᠎ᠠᠴᠠ ᠠᠩᠬᠢᠵᠢᠷᠠᠭᠤᠯᠤᠭᠰᠠᠨ ᠨᠠᠷᠡᠰ᠂ ᠶᠠᠳᠠᠭᠤ᠎ᠠᠴᠠ ᠠᠩᠬᠢᠵᠢᠷᠠᠭᠤᠯᠤᠭᠰᠠᠨ ᠭᠡᠷ ᠪᠦᠯᠢ ᠵᠢᠨ ᠤᠷᠤᠯᠭ᠎ᠠ ᠵᠢᠨ ᠪᠠᠢ᠌ᠳᠠᠯ᠎ᠢ ᠴᠠᠭ ᠳᠠᠷᠤᠢ᠎ᠳᠤ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠮᠡᠳᠡᠭᠳᠡᠬᠦ ᠭᠡᠷᠡᠭᠳᠡᠢ᠃ ᠮᠡᠳᠡᠭᠡ ᠵᠠᠩᠬᠢ ᠵᠢ ᠤᠯᠠᠮ ᠢᠯᠡ ᠳᠤᠳᠤ ᠪᠤᠯᠭ᠋ᠠᠬᠤ ᠳᠤᠭᠳᠠᠴᠠ᠎ᠪᠠᠨ ᠴᠢᠨᠠᠭᠰᠢᠳᠠ ᠳᠡᠬᠦᠯᠳᠡᠷᠵᠢᠬᠦᠯᠵᠤ᠂ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ᠂ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠬᠠᠷᠠᠭ᠋ᠠᠯᠵᠠᠭᠰᠠᠨ ᠪᠠ ᠶᠠᠳᠠᠭᠤ ᠵᠢ ᠳᠡᠳᠬᠦᠨ ᠬᠦᠭᠵᠢᠬᠦᠯᠦᠭᠰᠡᠨ ᠪᠠᠢ᠌ᠳᠠᠯ᠎ᠢ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ (ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ)᠎ᠤ ᠮᠡᠳᠡᠭᠡ ᠵᠠᠩᠬᠢ ᠵᠢ ᠢᠯᠡ ᠪᠤᠯᠭ᠋ᠠᠬᠤ ᠬᠦᠷᠢᠶ᠎ᠠ ᠭᠡᠪᠴᠢᠶᠠᠨ᠎ᠳᠤ ᠤᠷᠤᠭᠤᠯᠤᠨ᠂ ᠳᠠᠩᠰᠠ ᠡᠪᠭᠡᠮᠡᠯ ᠺᠠᠷᠲ ᠪᠠᠢ᠌ᠭᠤᠯᠤᠭᠰᠠᠨ ᠶᠠᠳᠠᠭᠤ ᠬᠦᠴᠢᠷᠳᠡᠯ᠎ᠲᠠᠢ ᠬᠦᠮᠦᠰ ᠪᠤᠯᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠦᠰ᠂ ᠤᠨᠴᠠ ᠬᠦᠴᠢᠷᠳᠡᠯ᠎ᠲᠠᠢ ᠬᠦᠮᠦᠰ᠎ᠤᠨ ᠨᠡᠷᠡᠰ᠎ᠢ ᠳᠤᠬᠠᠢ ᠵᠢᠨ ᠰᠠᠭᠤᠭ᠎ᠠ ᠭᠠᠵᠠᠷ᠎ᠲᠤᠨᠢ ᠤᠷᠳᠤ ᠬᠤᠭᠤᠴᠠᠭ᠎ᠠ᠎ᠪᠠᠷ ᠵᠠᠷᠯᠠᠵᠤ ᠨᠡᠢ᠌ᠳᠡᠯᠡᠨ᠂ ᠨᠡᠢ᠌ᠭᠡᠮ ᠪᠤᠯᠤᠨ ᠤᠯᠠᠨ ᠳᠦᠮᠡᠨ᠎ᠤ ᠬᠢᠨᠠᠯᠳᠠ ᠵᠢ ᠬᠦᠯᠢᠶᠡᠬᠦ ᠭᠡᠷᠡᠭᠳᠡᠢ᠃ ᠳᠠᠪᠤ᠎ᠳᠤ᠂ ᠮᠡᠳᠡᠭᠡ ᠵᠠᠩᠬᠢ ᠵᠢ ᠠᠪᠴᠠᠯᠳᠤᠭᠤᠯᠤᠨ᠎ᠠ᠃ ᠦᠪᠡᠷᠳᠡᠭᠡᠨ ᠵᠠᠰᠠᠬᠤ ᠤᠷᠤᠨ᠎ᠠᠴᠠ ᠮᠡᠳᠡᠭᠡ ᠵᠠᠩᠬᠢ ᠵᠢᠨ ᠪᠦᠳᠦᠭᠡᠨ ᠪᠠᠢ᠌ᠭᠤᠯᠤᠯᠳᠠ ᠵᠢ ᠤᠯᠠᠮ ᠵᠶ᠋ᠡᠷ ᠴᠢᠩᠭ᠋ᠠᠳᠬᠠᠵᠤ᠂ ᠳᠤᠬᠠᠢ᠌ᠯᠠᠬᠰᠠᠨ ᠠᠵᠢᠯ᠎ᠤᠨ ᠱᠠᠭ᠋ᠠᠷᠳᠠᠯᠭ᠎ᠠ᠎ᠳᠤ ᠵᠤᠬᠢᠴᠠᠭᠤᠯᠤᠨ ᠰᠢᠰᠲᠸᠮ᠎ᠤᠨ ᠠᠪᠴᠠᠯᠳᠤᠯ᠎ᠤᠨ ᠴᠢᠳᠠᠪᠤᠷᠢ ᠵᠢᠨ ᠮᠤᠳ᠋ᠸᠯ ᠭᠡᠰᠡᠭ ᠪᠤᠯᠤᠨ ᠳᠤᠭ᠎ᠠ ᠪᠠᠷᠢᠮᠳᠠ ᠵᠢᠨ ᠳᠦᠷᠦᠯ᠎ᠢ ᠨᠡᠮᠡᠭᠳᠡᠬᠦᠯᠤᠨ᠂ ᠬᠤᠰᠢᠭᠤ ᠰᠢᠶᠠᠨ᠎ᠤ ᠱᠠᠳᠤᠨ᠎ᠤ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠦᠰ᠂ ᠤᠨᠴᠠ ᠬᠦᠴᠢᠷᠳᠡᠯ᠎ᠲᠠᠢ ᠬᠦᠮᠦᠰ ᠪᠤᠯᠤᠨ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠤᠨ ᠳᠤᠭ᠎ᠠ ᠮᠠᠭ᠋ᠠᠳᠢ ᠬᠠᠷᠢᠯᠴᠠᠨ ᠨᠡᠪᠲᠡᠷᠡᠯᠴᠡᠭᠦᠯᠤᠨ᠂ ᠠ᠋ᠬᠢ ᠪᠠᠶᠠᠯᠢᠭ᠎ᠢ ᠬᠠᠮᠳᠤ᠎ᠪᠠᠷ ᠠ᠋ᠳ᠋ᠯᠡᠨ᠂ ᠴᠠᠭ ᠳᠤᠬᠠᠢ᠎ᠳᠤᠨᠢ ᠬᠢᠨᠠᠨ ᠪᠠᠢ᠌ᠴᠠᠭ᠋ᠠᠬᠤ᠎ᠳᠤ ᠳᠦᠬᠦᠮ ᠪᠤᠯᠭ᠋ᠠᠬᠤ ᠭᠡᠷᠡᠭᠳᠡᠢ᠃
ᠬᠤᠶᠠᠷ᠂ ᠡᠪᠡᠳᠴᠢᠨ᠎ᠠᠴᠠ ᠪᠤᠯᠵᠤ ᠶᠠᠳᠠᠭᠤᠷᠠᠭᠰᠠᠨ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠬᠤ ᠵᠢ ᠪᠠᠳᠤᠯᠠᠬᠤ ᠭᠡᠷᠡᠭᠳᠡᠢ
ᠨᠢᠭᠡ᠎ᠳᠤ᠂ ᠠ᠋ᠬᠦᠳᠡᠨ ᠠ᠋ᠮᠨᠡᠯᠭᠡ ᠵᠢᠨ ᠵᠠᠷᠤᠳᠠᠯ᠎ᠢ ᠨᠢᠭᠡᠳᠦᠯᠳᠡᠢ ᠳᠦᠯᠦᠪᠯᠡᠨ ᠳᠠᠩᠰᠠᠨ᠎ᠠᠴᠠ ᠳᠠᠢ᠌ᠯᠬᠤ ᠬᠠᠷᠢᠴᠠᠯ᠎ᠢ ᠳᠡᠭᠡᠭᠰᠢᠯᠡᠬᠦᠯᠦᠨ᠎ᠠ᠃ 2016 ᠤᠨ᠎ᠠᠴᠠ ᠠ᠋ᠬᠢᠯᠡᠨ ᠠ᠋ᠬᠦᠳᠡᠨ ᠠ᠋ᠮᠨᠡᠯᠭᠡ ᠵᠢᠨ ᠵᠠᠷᠤᠳᠠᠯ᠎ᠢ ᠨᠢᠭᠡᠳᠦᠯᠳᠡᠢ ᠳᠦᠯᠦᠪᠵᠢᠬᠦᠯᠬᠦ ᠵᠢ ᠪᠤᠢ ᠪᠦᠬᠦᠢ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠳᠤ ᠭᠡᠷᠡᠭᠵᠢᠬᠦᠯᠦᠨ᠎ᠠ᠃ ᠠ᠋ᠮᠨᠡᠯᠭᠡ ᠵᠢᠨ ᠠᠪᠤᠷᠠᠨ ᠳᠤᠰᠠᠯᠠᠯᠳᠠ ᠬᠦᠷᠳᠡᠬᠦ ᠬᠦᠮᠦᠰ ᠪᠡ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ ᠬᠤᠰᠢᠭᠤ ᠰᠢᠶᠠᠨ ᠵᠢᠴᠢ ᠳᠡᠬᠦᠨ᠎ᠠᠴᠠ ᠳᠤᠷᠤᠭᠰᠢᠬᠢ ᠠ᠋ᠮᠨᠡᠯᠭᠡ ᠵᠢᠨ ᠰᠠᠯᠠᠭ᠎ᠠ ᠮᠦᠴᠢᠷ᠎ᠤᠨ ᠠ᠋ᠬᠦᠳᠡᠨ ᠠ᠋ᠮᠨᠡᠯᠭᠡ᠎ᠳᠤ ᠡᠪᠡᠳᠴᠢᠨ ᠦᠵᠡᠬᠦᠯᠪᠡᠯ ᠮᠠᠯᠵᠢᠬᠤ ᠳᠠᠷᠢᠶᠠᠯᠠᠬᠤ ᠤᠷᠤᠨ᠎ᠤ ᠰᠢᠨ᠎ᠠ ᠮᠠᠶᠢᠭ᠎ᠤᠨ ᠬᠤᠷᠰᠢᠭᠰᠠᠨ ᠠ᠋ᠮᠨᠡᠯᠭᠡ ᠵᠢᠨ ᠳᠠᠩᠰᠠᠨ᠎ᠠᠴᠠ ᠳᠠᠢ᠌ᠯᠬᠤ ᠬᠠᠷᠢᠴᠠᠯ᠎ᠢ ᠵᠠᠭᠤᠨ᠎ᠤ ᠬᠠᠷᠢᠴᠠᠯ ᠵᠶ᠋ᠡᠷ 10 ᠬᠤᠪᠢ ᠤᠷᠴᠢᠮ ᠳᠡᠭᠡᠭᠰᠢᠯᠡᠬᠦᠯᠦᠨ᠎ᠡ᠃ ᠬᠤᠶᠠᠷ᠎ᠲᠤ᠂ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ ᠡᠯ᠎ᠡ ᠱᠠᠳᠤᠨ᠎ᠤ ᠳᠤᠭᠳᠠᠭᠰᠠᠨ ᠠ᠋ᠮᠨᠡᠯᠭᠡ ᠵᠢᠨ ᠬᠤᠷᠢᠶᠠᠨ᠎ᠳᠤ ᠰᠠᠭᠤᠵᠤ ᠡᠪᠡᠳᠴᠢᠨ ᠦᠵᠡᠬᠦᠯᠪᠡᠯ ᠳᠠᠩᠰᠠᠨ᠎ᠠᠴᠠ ᠳᠠᠢ᠌ᠯᠬᠤ ᠠ᠋ᠬᠢᠨ᠎ᠤ ᠱᠤᠭᠤᠮ᠎ᠢ 50% ᠵᠶ᠋ᠡᠷ ᠳᠤᠷᠤᠭᠰᠢᠯᠡᠭᠤᠯᠵᠤ᠂ ᠳᠠᠩᠰᠠᠨ᠎ᠠᠴᠠ ᠳᠠᠢ᠌ᠯᠬᠤ ᠬᠠᠷᠢᠴᠠᠯ᠎ᠢ ᠵᠠᠭᠤᠨ᠎ᠤ ᠬᠠᠷᠢᠴᠠᠯ ᠵᠶ᠋ᠡᠷ 5 ᠬᠤᠪᠢ ᠳᠡᠭᠡᠭᠰᠢᠯᠡᠬᠦᠯᠦᠨ᠎ᠡ; ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ ᠳᠤᠰ ᠵᠢᠯ᠎ᠳᠤ ᠠᠳᠠᠯᠢ ᠱᠠᠳᠤᠨ᠎ᠤ ᠠ᠋ᠮᠨᠡᠯᠭᠡ ᠵᠢᠨ ᠬᠤᠷᠢᠶᠠᠨ᠎ᠳᠤ ᠳᠠᠬᠢᠨᠳᠠ ᠰᠠᠭᠤᠵᠤ ᠡᠪᠡᠳᠴᠢᠨ ᠦᠵᠡᠬᠦᠯᠪᠡᠯ ᠳᠠᠩᠰᠠᠨ᠎ᠠᠴᠠ ᠳᠠᠢ᠌ᠯᠬᠤ ᠠ᠋ᠬᠢᠨ᠎ᠤ ᠱᠤᠭᠤᠮ ᠦᠭᠡᠢ᠌ᠰᠭᠡᠨᠠ᠃ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠦᠰ᠂ ᠠᠪᠤᠷᠠᠨ ᠳᠤᠰᠠᠯᠠᠬᠤ ᠭᠡᠪᠴᠢᠶᠠᠨ᠎ᠳᠤ ᠤᠷᠤᠭᠰᠠᠨ ᠳᠠᠩᠰᠠ ᠡᠪᠭᠡᠮᠡᠯ ᠺᠠᠷᠲ᠎ᠲᠠᠢ ᠤᠨᠴᠠ ᠬᠦᠴᠢᠷᠳᠡᠯ᠎ᠲᠠᠢ ᠬᠦᠮᠦᠰ ᠳᠤᠭᠳᠠᠭᠰᠠᠨ ᠠ᠋ᠮᠨᠡᠯᠭᠡ ᠵᠢᠨ ᠬᠤᠷᠢᠶᠠᠨ᠎ᠳᠤ ᠰᠠᠭᠤᠵᠤ ᠡᠪᠡᠳᠴᠢᠨ ᠦᠵᠡᠬᠦᠯᠪᠡᠯ ᠮᠠᠯᠵᠢᠬᠤ ᠳᠠᠷᠢᠶᠠᠯᠠᠬᠤ ᠤᠷᠤᠨ᠎ᠤ ᠰᠢᠨ᠎ᠠ ᠮᠠᠶᠢᠭ᠎ᠤᠨ ᠬᠤᠷᠰᠢᠭᠰᠠᠨ ᠠ᠋ᠮᠨᠡᠯᠭᠡ ᠵᠢᠨ ᠳᠠᠭ᠋ᠠᠳᠬᠠᠯ᠂ ᠶᠡᠭᠡ ᠡᠪᠡᠳᠴᠢᠨ᠎ᠤ ᠳᠠᠭ᠋ᠠᠳᠬᠠᠯ᠂ ᠠ᠋ᠮᠨᠡᠯᠭᠡ ᠵᠢᠨ ᠬᠤᠳᠠᠯᠳᠤᠭ᠋ᠠᠨ᠎ᠤ ᠳᠠᠭ᠋ᠠᠳᠬᠠᠯ ᠵᠶ᠋ᠡᠷ ᠠ᠋ᠮᠨᠡᠯᠭᠡ ᠵᠢᠨ ᠵᠠᠷᠤᠳᠠᠯ᠎ᠢ ᠳᠠᠩᠰᠠᠨ᠎ᠠᠴᠠ ᠳᠠᠢ᠌ᠯᠵᠤ᠂ ᠦᠯᠡᠳᠡᠭᠰᠡᠨ ᠬᠤᠪᠢ ᠬᠦᠮᠦᠨ᠎ᠤ ᠬᠠᠷᠢᠭᠤᠴᠠᠬᠤ ᠭᠡᠰᠡᠭ᠎ᠤᠨ 70% ᠵᠢ ᠠ᠋ᠮᠨᠡᠯᠭᠡ ᠵᠢᠨ ᠠᠪᠤᠷᠠᠨ ᠳᠤᠰᠠᠯᠠᠯᠳᠠ᠎ᠪᠠᠷ ᠰᠢᠢ᠍ᠳᠪᠤᠷᠢᠯᠡᠨ᠎ᠡ᠃ ᠭᠤᠷᠪᠠ᠎ᠳᠤ᠂ ᠬᠦᠨᠳᠤ ᠤᠨᠴᠠ ᠶᠡᠭᠡ ᠡᠪᠡᠳᠴᠢᠳᠠᠨ᠎ᠤ ᠠ᠋ᠮᠨᠡᠯᠭᠡ ᠵᠢᠨ ᠠᠪᠤᠷᠠᠨ ᠳᠤᠰᠠᠯᠠᠯᠳᠠ ᠵᠢᠨ ᠭᠡᠮᠵᠢᠶ᠎ᠡ ᠵᠢ ᠤᠯᠠᠮ ᠳᠡᠭᠡᠭᠰᠢᠯᠡᠬᠦᠯᠦᠨ᠎ᠠ᠃ 2016 ᠤᠨ᠎ᠠᠴᠠ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠤᠨ ᠶᠡᠭᠡ ᠡᠪᠡᠳᠴᠢᠨ᠎ᠤ ᠳᠠᠭ᠋ᠠᠳᠬᠠᠯ᠎ᠤᠨ ᠳᠠᠩᠰᠠᠨ᠎ᠠᠴᠠ ᠳᠠᠢ᠌ᠯᠬᠤ ᠠ᠋ᠬᠢᠨ᠎ᠤ ᠱᠤᠭᠤᠮ᠎ᠢ 50%᠎ᠪᠠᠷ ᠳᠤᠷᠤᠭᠰᠢᠯᠠᠭᠤᠯᠵᠤ᠂ ᠬᠤᠭᠤᠴᠠᠭ᠎ᠠ ᠪᠦᠷᠢ ᠵᠢᠨ ᠳᠠᠩᠰᠠᠨ᠎ᠠᠴᠠ ᠳᠠᠢ᠌ᠯᠬᠤ ᠬᠠᠷᠢᠴᠠᠯ᠎ᠢ 5 %᠎ᠪᠠᠷ ᠳᠡᠭᠡᠭᠰᠢᠯᠡᠬᠦᠯᠦᠨ᠎ᠠ᠃ 2016 ᠤᠨ᠎ᠠᠴᠠ ᠶᠠᠳᠠᠭᠤ ᠵᠢ ᠳᠡᠳᠬᠦᠬᠦ ᠰᠠᠯᠠᠭ᠎ᠠ ᠮᠦᠴᠢᠷ᠎ᠨᠢ ᠶᠠᠳᠠᠭᠤᠢ ᠳᠡᠳᠬᠦᠬᠦ ᠪᠡᠯᠡ ᠮᠦᠩᠭᠦ᠎ᠪᠠᠷ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠢ ᠶᠡᠭᠡ ᠡᠪᠡᠳᠴᠢᠨ᠎ᠤ ᠠ᠋ᠮᠨᠡᠯᠭᠡ ᠵᠢᠨ ᠬᠤᠳᠠᠯᠳᠤᠭ᠋ᠠᠨ᠎ᠤ ᠳᠠᠭ᠋ᠠᠳᠬᠠᠯ᠎ᠳᠤ ᠤᠷᠤᠭᠤᠯᠬᠤ ᠵᠢ ᠳᠤᠷᠰᠢᠨ ᠬᠢᠵᠤ᠂ 2017 ᠤᠨ᠎ᠳᠤ ᠳᠤᠷᠰᠢᠯᠲᠠ ᠵᠢᠨ ᠪᠤᠳᠠᠳᠤ ᠪᠠᠢ᠌ᠳᠠᠯ ᠵᠶ᠋ᠠᠨ ᠦᠨᠳᠦᠰᠦᠯᠡᠨ ᠠᠯᠬᠤᠮ ᠠᠯᠬᠤᠮ ᠵᠶ᠋ᠡᠷ ᠳᠦᠯᠬᠢᠨ ᠠᠬᠢᠭᠤᠯᠤᠨ᠎ᠠ᠃ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠤᠨ ᠳᠤᠰ ᠵᠢᠯ᠎ᠳᠤ ᠬᠦᠨᠳᠤ ᠤᠨᠴᠠ ᠶᠡᠭᠡ ᠡᠪᠡᠳᠴᠢᠨ᠎ᠳᠤ ᠨᠡᠷᠪᠡᠭᠳᠡᠵᠤ ᠠ᠋ᠮᠨᠡᠬᠦᠯᠦᠭᠰᠡᠨ ᠵᠠᠷᠤᠳᠠᠯ᠎ᠢ ᠮᠠᠯᠵᠢᠬᠤ ᠳᠠᠷᠢᠶᠠᠯᠠᠬᠤ ᠤᠷᠤᠨ᠎ᠤ ᠰᠢᠨ᠎ᠠ ᠮᠠᠶᠢᠭ᠎ᠤᠨ ᠬᠤᠷᠰᠢᠭᠰᠠᠨ ᠠ᠋ᠮᠨᠡᠯᠭᠡ ᠵᠢᠨ ᠳᠠᠭ᠋ᠠᠳᠬᠠᠯ᠂ ᠶᠡᠭᠡ ᠡᠪᠡᠳᠴᠢᠨ᠎ᠤ ᠳᠠᠭ᠋ᠠᠳᠬᠠᠯ᠂ ᠠ᠋ᠮᠨᠡᠯᠭᠡ ᠵᠢᠨ ᠬᠤᠳᠠᠯᠳᠤᠭ᠋ᠠᠨ᠎ᠤ ᠳᠠᠭ᠋ᠠᠳᠬᠠᠯ ᠵᠶ᠋ᠡᠷ ᠠ᠋ᠮᠨᠡᠯᠭᠡ ᠵᠢᠨ ᠵᠠᠷᠤᠳᠠᠯ᠎ᠢ ᠳᠠᠩᠰᠠᠨ᠎ᠠᠴᠠ ᠳᠠᠢ᠌ᠯᠤᠭᠰᠠᠨᠤ ᠳᠠᠷᠠᠭ᠎ᠠ ᠮᠦᠨ ᠬᠦᠴᠢᠷᠳᠡᠯ᠎ᠲᠠᠢ ᠪᠠᠢ᠌ᠪᠠᠯ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠠᠴᠠ ᠠ᠋ᠮᠨᠡᠯᠭᠡ ᠵᠢᠨ ᠠᠪᠤᠷᠠᠨ ᠳᠤᠰᠠᠯᠠᠯᠳᠠ ᠬᠢᠬᠦ ᠭᠡᠷᠡᠭᠳᠡᠢ᠃ ᠳᠦᠷᠪᠡ᠎ᠳᠤ᠂ ᠪᠤᠶᠠᠨ᠎ᠤ ᠦᠢ᠍ᠯᠡᠰ᠎ᠤᠨ ᠠ᠋ᠮᠨᠡᠯᠭᠡ ᠵᠢᠨ ᠠᠪᠤᠷᠠᠨ ᠳᠤᠰᠠᠯᠠᠯᠳᠠ ᠪᠠ ᠨᠡᠢ᠌ᠭᠡᠮ᠎ᠤᠨ ᠬᠠᠪᠰᠤᠷᠤᠨ ᠳᠡᠮᠵᠢᠬᠦ ᠬᠦᠴᠤᠨ᠎ᠢ ᠴᠢᠩᠭ᠋ᠠᠳᠬᠠᠨ᠎ᠠ᠃
ᠭᠤᠷᠪᠠ᠂ ᠭᠡᠷ ᠪᠦᠯᠢ ᠵᠢᠨ ᠦᠨᠳᠦᠰᠤᠨ ᠠᠮᠢᠳᠤᠷᠠᠯ᠎ᠨᠢ ᠳᠦᠷ ᠴᠠᠭ᠎ᠤᠨ ᠬᠦᠴᠢᠷᠳᠡᠯ᠎ᠳᠤ ᠳᠤᠯᠭ᠋ᠠᠷᠠᠭᠰᠠᠨ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠤᠨ ᠦᠨᠳᠦᠰᠤᠨ ᠠᠮᠢᠳᠤᠷᠠᠯ᠎ᠢ ᠪᠠᠳᠤᠯᠠᠬᠤ ᠵᠢ ᠰᠠᠢ᠌ᠳᠤᠷ ᠬᠢᠬᠦ ᠭᠡᠷᠡᠭᠳᠡᠢ
ᠨᠢᠭᠡ᠎ᠳᠤ᠂ ᠳᠦᠷ ᠴᠠᠭ᠎ᠤᠨ ᠠᠪᠤᠷᠠᠨ ᠳᠤᠰᠠᠯᠠᠬᠤ ᠭᠡᠪᠴᠢᠶ᠎ᠠ᠎ᠪᠠᠨ ᠦᠷᠭᠡᠳᠭᠡᠨ᠎ᠡ᠃ ᠦᠪᠡᠷᠳᠡᠭᠡᠨ ᠵᠠᠰᠠᠬᠤ ᠤᠷᠤᠨ᠎ᠠᠴᠠ ᠪᠠᠢ᠌ᠭ᠋ᠠᠯᠢ ᠵᠢᠨ ᠭᠠᠮᠰᠢᠭ᠂ ᠭᠡᠨᠡᠳᠲᠡ ᠵᠢᠨ ᠠ᠋ᠨᠳᠡᠯ᠂ ᠭᠡᠷ ᠪᠦᠯᠢ ᠵᠢᠨ ᠪᠦᠷᠢᠯᠳᠦᠬᠦᠨ᠎ᠨᠢ ᠬᠦᠨᠳᠤ ᠡᠪᠡᠳᠴᠢᠨ᠎ᠳᠤ ᠨᠡᠷᠪᠡᠭᠳᠡᠭᠰᠡᠨ ᠵᠡᠷᠭᠡ ᠰᠢᠯᠳᠠᠭ᠋ᠠᠨ᠎ᠠᠴᠠ ᠪᠤᠯᠵᠤ ᠦᠨᠳᠦᠰᠤᠨ ᠠᠮᠢᠳᠤᠷᠠᠯ᠎ᠨᠢ ᠳᠦᠷ ᠴᠠᠭ᠎ᠤᠨ ᠬᠦᠴᠢᠷᠳᠡᠯ᠎ᠳᠤ ᠳᠤᠯᠭ᠋ᠠᠷᠠᠭᠰᠠᠨ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠢ ᠭᠠᠴᠢᠭᠳᠠᠯ᠎ᠠᠴᠠ ᠠᠪᠤᠷᠠᠨ ᠳᠤᠰᠠᠯᠠᠬᠤ ᠬᠦᠷᠢᠶ᠎ᠠ ᠭᠡᠪᠴᠢᠶᠠᠨ᠎ᠳᠤ ᠤᠷᠤᠭᠤᠯᠵᠤ ᠳᠦᠷ ᠴᠠᠭ᠎ᠤᠨ ᠠᠪᠤᠷᠠᠨ ᠳᠤᠰᠠᠯᠠᠯᠳᠠ ᠬᠢᠨ᠎ᠠ᠃ ᠬᠤᠶᠠᠷ᠎ᠲᠤ᠂ ᠠᠪᠤᠷᠠᠨ ᠳᠤᠰᠠᠯᠠᠯᠳᠠ ᠵᠢᠨ ᠳᠤᠰᠬᠠᠢ ᠵᠠᠷᠤᠳᠠᠯ᠎ᠤᠨ ᠳᠦᠷᠢᠮ ᠳᠤᠭᠳᠠᠭ᠋ᠠᠨ᠎ᠠ᠃ ᠦᠪᠡᠷᠳᠡᠭᠡᠨ ᠵᠠᠰᠠᠬᠤ ᠤᠷᠤᠨ᠎ᠠᠴᠠ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ᠂ ᠤᠨᠴᠠ ᠬᠦᠴᠢᠷᠳᠡᠯ᠎ᠲᠠᠢ ᠬᠦᠮᠦᠰ᠂ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠤᠨ ᠭᠡᠷ ᠪᠦᠯᠢ ᠤᠨᠴᠠ ᠶᠡᠭᠡ ᠬᠦᠴᠢᠷᠳᠡᠯ᠎ᠳᠤ ᠳᠤᠯᠭ᠋ᠠᠷᠠᠨ ᠯᠤᠳᠤ ᠶᠡᠭᠡ ᠵᠠᠷᠤᠳᠠᠯ ᠵᠠᠷᠤᠭ᠋ᠠᠳ ᠨᠡᠢ᠌ᠭᠡᠮ᠎ᠤᠨ ᠳᠠᠭ᠋ᠠᠳᠬᠠᠯ᠂ ᠨᠡᠢ᠌ᠭᠡᠮ᠎ᠤᠨ ᠠᠪᠤᠷᠠᠨ ᠳᠤᠰᠠᠯᠠᠯᠳᠠ᠂ ᠨᠡᠢ᠌ᠭᠡᠮ᠎ᠤᠨ ᠬᠠᠪᠰᠤᠷᠤᠯᠭ᠎ᠠ ᠳᠡᠮᠵᠢᠯᠭᠡ ᠵᠢ ᠤᠯᠤᠭᠰᠠᠨ᠎ᠤ ᠳᠠᠷᠠᠭ᠎ᠠ ᠮᠦᠨ ᠬᠦᠴᠢᠷᠳᠡᠯ᠎ᠲᠠᠢ ᠪᠠᠢ᠌ᠪᠠᠯ ᠠᠪᠤᠷᠠᠨ ᠳᠤᠰᠠᠯᠠᠬᠤ ᠪᠠᠷᠢᠮᠵᠢᠶ᠎ᠠ ᠵᠢ᠎ᠨᠢ ᠳᠡᠭᠡᠭᠰᠢᠯᠡᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ᠂ ᠤᠨᠴᠠ ᠬᠦᠴᠢᠷᠳᠡᠯ᠎ᠲᠠᠢ ᠬᠦᠮᠦᠰ᠎ᠤᠨ ᠶᠡᠭᠡ ᠬᠦᠴᠢᠷᠳᠡᠯ᠎ᠳᠤ ᠵᠠᠷᠤᠴᠠᠭᠤᠯᠤᠭᠰᠠᠨ ᠯᠤᠳᠤ ᠶᠡᠭᠡ ᠵᠠᠷᠤᠳᠠᠯ᠎ᠠᠴᠠ ᠨᠡᠢ᠌ᠭᠡᠮ᠎ᠤᠨ ᠳᠠᠭ᠋ᠠᠳᠬᠠᠯ᠂ ᠨᠡᠢ᠌ᠭᠡᠮ᠎ᠤᠨ ᠠᠪᠤᠷᠠᠨ ᠳᠤᠰᠠᠯᠠᠯᠳᠠ᠂ ᠨᠡᠢ᠌ᠭᠡᠮ᠎ᠤᠨ ᠬᠠᠪᠰᠤᠷᠤᠯᠭ᠎ᠠ ᠳᠡᠮᠵᠢᠯᠭᠡ ᠵᠢᠨ ᠵᠤᠭᠤᠰ᠎ᠢ ᠬᠠᠰᠤᠭᠰᠠᠨ᠎ᠤ ᠳᠠᠷᠠᠭ᠎ᠠ ᠬᠤᠪᠢ ᠬᠦᠮᠦᠨ᠎ᠤ ᠬᠠᠷᠢᠭᠤᠴᠠᠬᠤ ᠭᠡᠰᠡᠭ᠎ᠨᠢ ᠪᠦᠬᠦ ᠤᠷᠤᠨ᠎ᠤ ᠮᠠᠯᠴᠢᠨ ᠳᠠᠷᠢᠶᠠᠴᠢᠨ᠎ᠤ ᠳᠡᠭᠡᠷ᠎ᠡ ᠵᠢᠯ᠎ᠤᠨ ᠬᠦᠮᠦᠨ ᠳᠤᠮᠳᠠᠴᠢ ᠵᠢᠨ ᠡᠵᠡᠮᠳᠡᠵᠤ ᠪᠤᠯᠬᠤ ᠤᠷᠤᠯᠭ᠎ᠠ ᠵᠢᠨ 2 ᠳᠠᠬᠢᠨ ᠪᠠᠢ᠌ᠵᠤ; ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ (ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ ᠪᠡ ᠤᠨᠴᠠ ᠬᠦᠴᠢᠷᠳᠡᠯ᠎ᠲᠠᠢ ᠬᠦᠮᠦᠰ᠎ᠢ ᠪᠠᠭᠳᠠᠭ᠋ᠠᠬᠤ ᠦᠭᠡᠢ) ᠬᠦᠮᠦᠰ᠎ᠤᠨ ᠶᠡᠭᠡ ᠬᠦᠴᠢᠷᠳᠡᠯ᠎ᠳᠤ ᠵᠠᠷᠤᠴᠠᠭᠤᠯᠤᠭᠰᠠᠨ ᠯᠤᠳᠤ ᠶᠡᠭᠡ ᠵᠠᠷᠤᠳᠠᠯ᠎ᠠᠴᠠ ᠨᠡᠢ᠌ᠭᠡᠮ᠎ᠤᠨ ᠳᠠᠭ᠋ᠠᠳᠬᠠᠯ᠂ ᠨᠡᠢ᠌ᠭᠡᠮ᠎ᠤᠨ ᠠᠪᠤᠷᠠᠨ ᠳᠤᠰᠠᠯᠠᠯᠳᠠ᠂ ᠨᠡᠢ᠌ᠭᠡᠮ᠎ᠤᠨ ᠬᠠᠪᠰᠤᠷᠤᠯᠭ᠎ᠠ ᠳᠡᠮᠵᠢᠯᠭᠡ ᠵᠢᠨ ᠵᠤᠭᠤᠰ᠎ᠢ ᠬᠠᠰᠤᠭᠰᠠᠨ᠎ᠤ ᠳᠠᠷᠠᠭ᠎ᠠ ᠬᠤᠪᠢ ᠬᠦᠮᠦᠨ᠎ᠤ ᠬᠠᠷᠢᠭᠤᠴᠠᠬᠤ ᠭᠡᠰᠡᠭ᠎ᠨᠢ ᠪᠦᠬᠦ ᠤᠷᠤᠨ᠎ᠤ ᠮᠠᠯᠴᠢᠨ ᠳᠠᠷᠢᠶᠠᠴᠢᠨ᠎ᠤ ᠳᠡᠭᠡᠷ᠎ᠡ ᠵᠢᠯ᠎ᠤᠨ ᠬᠦᠮᠦᠨ ᠳᠤᠮᠳᠠᠴᠢ ᠵᠢᠨ ᠡᠵᠡᠮᠳᠡᠵᠤ ᠪᠤᠯᠬᠤ ᠤᠷᠤᠯᠭ᠎ᠠ ᠵᠢᠨ 3 ᠳᠠᠬᠢᠨ ᠪᠠᠢ᠌ᠬᠤ ᠮᠦᠷᠳᠡᠭᠡᠨ ᠭᠡᠷ ᠪᠦᠯᠢ ᠵᠢᠨ ᠠ᠋ᠳ᠋ ᠬᠦᠷᠦᠩᠭᠡ (ᠵᠤᠭᠤᠰ᠎ᠤᠨ ᠠ᠋ᠳ᠋ ᠬᠦᠷᠦᠩᠭᠡ ᠬᠢᠬᠡᠳ ᠦᠨᠳᠤᠰᠤᠨ ᠤᠷᠤᠨ ᠰᠠᠭᠤᠴᠠ ᠪᠡ ᠦᠨᠳᠦᠰᠤᠨ ᠠᠮᠢᠳᠤᠷᠠᠯ᠎ᠤᠨ ᠭᠡᠷᠡᠭᠰᠡᠯ᠎ᠠᠴᠠ ᠭᠠᠳᠠᠨᠠᠬᠢ ᠪᠤᠳᠠᠳᠤ ᠠ᠋ᠳ᠋ ᠬᠦᠷᠦᠩᠭᠡ)᠎ᠨᠢ ᠯᠤᠳᠤ ᠶᠡᠭᠡ ᠵᠠᠷᠤᠳᠠᠯ᠎ᠢ ᠳᠦᠯᠦᠵᠤ ᠳᠡᠢ᠌ᠯᠬᠦ ᠦᠭᠡᠢ ᠪᠤᠯ ᠤᠨᠴᠠᠭ᠋ᠠᠢ ᠳᠤᠰᠠᠯᠠᠮᠵᠢ ᠦᠵᠡᠬᠦᠯᠤᠨ᠎ᠡ᠃ ᠪᠤᠳᠠᠳᠠᠢ ᠠᠪᠤᠷᠠᠨ ᠳᠤᠰᠠᠯᠠᠬᠤ ᠵᠤᠭᠤᠰ ᠮᠦᠩᠬᠦᠨ᠎ᠤ ᠳᠤᠭ᠎ᠠ ᠭᠡᠮᠵᠢᠶ᠎ᠡ ᠵᠢ ᠤᠷᠤᠨ ᠨᠤᠳᠤᠭᠤᠨᠬᠢᠨᠤ ᠴᠤᠭᠯᠠᠭᠤᠯᠤᠭᠰᠠᠨ ᠪᠡᠯᠡ ᠮᠦᠩᠬᠦᠨ᠎ᠤ ᠪᠠᠢ᠌ᠳᠠᠯ ᠵᠶ᠋ᠡᠨ ᠦᠨᠳᠦᠰᠦᠯᠡᠨ᠂ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠡᠷ ᠬᠢᠨᠠᠨ ᠵᠦᠪᠰᠢᠶᠡᠷᠡᠬᠦᠯᠦᠨ᠎ᠡ᠂ ᠬᠤᠰᠢᠭᠤ ᠰᠢᠶᠠᠨ (ᠬᠤᠳᠠ ᠳᠤᠭᠤᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠭᠤᠶᠤᠴᠢᠯᠠᠭᠰᠠᠳ᠎ᠤᠨ ᠭᠡᠷ ᠪᠦᠯᠢ ᠵᠢᠨ ᠤᠷᠤᠯᠭ᠎ᠠ ᠪᠤᠯᠤᠨ ᠠ᠋ᠳ᠋ ᠬᠦᠷᠦᠩᠭᠡ ᠵᠢᠨ ᠪᠠᠢ᠌ᠳᠠᠯ ᠵᠶ᠋ᠠᠨ ᠪᠠᠢ᠌ᠴᠠᠭ᠋ᠠᠨ᠂ ᠬᠢᠨᠠᠨ ᠬᠠᠷᠭᠤᠭᠤᠯᠵᠤ᠂ ᠣᠯᠠᠨ᠎ᠳᠤ ᠨᠡᠢ᠌ᠳᠡᠯᠡᠬᠦ ᠵᠠᠷᠴᠢᠮ ᠶᠤᠰᠤᠭ᠋ᠠᠷ ᠰᠤᠳᠤᠯᠤᠨ ᠶᠠᠷᠢᠯᠴᠠᠵᠤ ᠳᠤᠭᠳᠠᠭ᠋ᠠᠨ᠎ᠠ᠃
ᠳᠦᠷᠪᠡ᠂ ᠨᠡᠢ᠌ᠭᠡᠮ᠎ᠤᠨ ᠠᠪᠤᠷᠠᠨ ᠳᠤᠰᠠᠯᠠᠯᠳᠠ ᠬᠢᠭᠡᠳ ᠯᠠᠪᠳᠠᠭᠤᠨ ᠳᠤᠭᠳᠠᠭᠤᠨ ᠵᠶ᠋ᠡᠷ ᠶᠠᠳᠠᠭᠤ᠎ᠠᠴᠠ ᠠᠩᠬᠢᠵᠢᠷᠠᠭᠤᠯᠬᠤ ᠵᠢ ᠠᠪᠴᠠᠯᠳᠤᠭᠤᠯᠬᠤ ᠭᠡᠷᠡᠭᠳᠡᠢ
ᠦᠪᠡᠷᠳᠡᠭᠡᠨ ᠵᠠᠰᠠᠬᠤ ᠤᠷᠤᠨ᠎ᠠᠴᠠ ᠡᠯ᠎ᠡ ᠭᠠᠵᠠᠷ᠎ᠤᠨ᠎ᠬᠢᠨ᠎ᠢ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ᠎ᠢ ᠯᠠᠪᠳᠠᠭᠤᠨ ᠳᠤᠭᠳᠠᠭᠤᠨ ᠵᠶ᠋ᠡᠷ ᠶᠠᠳᠠᠭᠤ᠎ᠠᠴᠠ ᠠᠩᠬᠢᠵᠢᠷᠠᠭᠤᠯᠬᠤ ᠪᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ᠎ᠢ ᠠᠭ᠋ᠠᠵᠢᠮ ᠵᠶ᠋ᠡᠷ ᠪᠠᠳᠤᠯᠠᠪᠤᠷᠢ᠎ᠠᠴᠠ ᠭᠠᠷᠭ᠋ᠠᠬᠤ ᠳᠤᠭᠳᠠᠴᠠ ᠳᠤᠭᠳᠠᠭ᠋ᠠᠬᠤ ᠵᠢ ᠱᠠᠭ᠋ᠠᠷᠳᠠᠵᠠᠢ᠃ ᠳᠠᠩᠰᠠ ᠡᠪᠭᠡᠮᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢᠨ ᠳᠡᠮᠵᠢᠯᠭᠡ᠎ᠪᠠᠷ ᠨᠢᠭᠡᠨᠳᠡ ᠶᠠᠳᠠᠭᠤ᠎ᠠᠴᠠ ᠠᠩᠬᠢᠵᠢᠷᠠᠭᠰᠠᠨ ᠪᠤᠯ ᠶᠠᠳᠠᠭᠤ ᠵᠢ ᠳᠡᠳᠬᠦᠬᠦ ᠰᠠᠯᠠᠭ᠎ᠠ ᠮᠦᠴᠢᠷ᠎ᠨᠢ ᠭᠠᠴᠠᠭ᠎ᠠ ᠳᠤᠰᠬᠤᠨ᠎ᠤ ᠠ᠋ᠬᠦᠷ ᠵᠦᠪᠯᠡᠯ᠎ᠤᠨ ᠠᠷᠠᠳᠴᠢᠯᠠᠯ᠎ᠤᠨ ᠦᠨᠡᠯᠡᠯᠳᠡ ᠵᠢ ᠦᠨᠳᠦᠰᠦᠯᠡᠨ ᠶᠠᠳᠠᠭᠤ ᠬᠦᠴᠢᠷᠳᠡᠯ᠎ᠲᠠᠢ ᠬᠦᠮᠦᠰ᠎ᠤᠨ ᠳᠤᠭ᠋ᠠᠨᠠᠴᠠ ᠭᠠᠷᠭ᠋ᠠᠵᠤ ᠪᠤᠯᠤᠨ᠎ᠠ᠃ ᠭᠡᠬᠦ᠎ᠳᠤ᠎ᠪᠠᠨ ᠭᠠᠴᠠᠭ᠎ᠠ ᠳᠤᠰᠬᠤᠨ᠎ᠤ ᠠ᠋ᠬᠦᠷ ᠵᠦᠪᠯᠡᠯ ᠪᠤᠯᠤᠨ ᠭᠠᠴᠠᠭ᠎ᠠ ᠳᠤᠰᠬᠤᠨ᠎ᠳᠤ ᠰᠠᠭᠤᠭ᠎ᠠ ᠠᠵᠢᠯᠯᠠᠬᠤ ᠠᠩᠬᠢ᠎ᠪᠠᠷ ᠬᠢᠨᠠᠨ ᠬᠠᠷᠭᠤᠭᠤᠯᠵᠤ᠂ ᠶᠠᠳᠠᠭᠤ ᠬᠦᠴᠢᠷᠳᠡᠯ᠎ᠲᠠᠢ ᠠ᠋ᠷᠦᠭᠡ ᠵᠢᠨ ᠰᠠᠨᠠᠯ᠎ᠢ ᠬᠤᠷᠢᠶᠠᠨ᠂ ᠣᠯᠠᠨ᠎ᠳᠤ ᠵᠠᠷᠯᠠᠵᠤ ᠮᠡᠳᠡᠭᠦᠯᠤᠭᠡᠳ ᠰᠠᠨᠠᠯ ᠦᠭᠡᠢ ᠪᠤᠯ ᠠ᠋ᠮᠬᠢ ᠳᠠᠷᠠᠭ᠋ᠠᠯᠠᠯ᠎ᠲᠠᠢ᠎ᠪᠠᠷ ᠶᠠᠳᠠᠭᠤ ᠬᠦᠴᠢᠷᠳᠡᠯ᠎ᠲᠠᠢ ᠬᠦᠮᠦᠰ᠎ᠤᠨ ᠳᠠᠩᠰᠠ ᠡᠪᠭᠡᠮᠡᠯ ᠺᠠᠷᠲ᠎ᠠᠴᠠ ᠭᠠᠷᠭ᠋ᠠᠬᠤ ᠭᠡᠷᠡᠭᠳᠡᠢ᠃ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢᠨ ᠳᠡᠮᠵᠢᠯᠭᠡ᠎ᠪᠠᠷ ᠳᠠᠮᠵᠢᠨ ᠶᠠᠳᠠᠭᠤ᠎ᠠᠴᠠ ᠠᠩᠬᠢᠵᠢᠷᠠᠭᠰᠠᠨ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ ᠪᠠ ᠤᠨᠴᠠ ᠬᠦᠴᠢᠷᠳᠡᠯ᠎ᠲᠠᠢ ᠬᠦᠮᠦᠰ᠎ᠲᠤ ᠰᠢᠯᠵᠢᠯᠳᠠ ᠵᠢᠨ ᠬᠤᠭᠤᠴᠠᠭ᠋ᠠᠨ᠎ᠤ ᠪᠠᠳᠤᠯᠠᠪᠤᠷᠢ ᠬᠠᠩᠭ᠋ᠠᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠪᠤᠯᠤᠨ ᠶᠠᠳᠠᠭᠤ ᠵᠢ ᠳᠡᠳᠬᠦᠬᠦ ᠰᠠᠯᠠᠭ᠎ᠠ ᠮᠦᠴᠢᠷ᠎ᠨᠢ ᠶᠠᠳᠠᠭᠤ᠎ᠠᠴᠠ ᠠᠩᠬᠢᠵᠢᠷᠠᠭᠰᠠᠨ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠭᠰᠡᠳ᠎ᠤᠨ ᠪᠤᠳᠠᠳᠤ ᠪᠠᠢ᠌ᠳᠠᠯ᠎ᠢ᠎ᠨᠢ ᠦᠨᠳᠦᠰᠤᠯᠠᠵᠤ ᠪᠠᠢ᠌ᠭ᠋ᠠᠳ ᠦᠷᠬᠦᠯᠵᠢᠯᠡᠨ ᠨᠠᠭ᠋ᠠᠳᠤ ᠵᠠᠬ᠎ᠠ ᠵᠢᠨ ᠠᠮᠢᠳᠤᠷᠡᠯ᠎ᠤᠨ ᠪᠠᠳᠤᠯᠠᠪᠤᠷᠢ ᠪᠠ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢᠨ ᠬᠠᠷᠠᠭ᠋ᠠᠯᠵᠠᠯ ᠦᠵᠡᠬᠦᠯᠵᠤ᠂ ᠳᠤᠰᠠᠯᠠᠵᠤ ᠳᠡᠮᠵᠢᠬᠦ᠎ᠪᠠᠨ ᠠᠭ᠋ᠠᠵᠢᠮ ᠵᠶ᠋ᠡᠷ ᠵᠤᠭᠰᠤᠭ᠋ᠠᠨ᠂ ᠯᠠᠪᠳᠠᠭᠤᠨ ᠳᠤᠭᠳᠠᠭᠤᠨ ᠵᠶ᠋ᠡᠷ ᠶᠠᠳᠠᠭᠤ᠎ᠠᠴᠠ ᠠᠩᠬᠢᠵᠢᠷᠠᠭᠤᠯᠬᠤ ᠵᠢ ᠪᠠᠳᠤᠯᠠᠬᠤ ᠭᠡᠷᠡᠭᠳᠡᠢ᠃