ᠳᠤᠬᠠᠢ ᠵᠢᠨ ᠭᠠᠵᠠᠷ᠎ᠤᠨ ᠴᠠᠭ ᠵᠶ᠋ᠡᠷ 7 ᠳ᠋ᠤᠭ᠋ᠠᠷ ᠰᠠᠷ᠎ᠠ ᠵᠢᠨ 9᠎ᠤ ᠠ᠋ᠳᠤᠷ᠎ᠤᠨ ᠦᠳᠡ᠎ᠳᠤ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠪᠸᠷᠯᠢᠨᠤ ᠶᠡᠷᠦᠩᠭᠡᠢ ᠰᠠᠢ᠌ᠳ᠎ᠤᠨ ᠤᠷᠳᠤᠨ᠎ᠳᠤ ᠭ᠋ᠸᠷᠮᠡᠨ ᠤᠯᠤᠰ᠎ᠤᠨ ᠶᠡᠷᠦᠩᠭᠡᠢ ᠰᠠᠢ᠌ᠳ ᠮᠤᠺᠸᠷ᠎ᠲᠠᠢ ᠬᠠᠮᠳᠤ᠎ᠪᠠᠷ ᠳᠠᠪᠤᠳᠡᠬᠢ ᠠ᠋ᠭᠡᠯᠵᠢ ᠵᠢᠨ ᠳᠤᠮᠳᠠᠳᠤ ᠭ᠋ᠸᠷᠮᠡᠨᠤ ᠵᠠᠰᠠᠭ᠎ᠤᠨ ᠤᠷᠳᠤᠨ᠎ᠤ ᠵᠦᠪᠳᠡᠯᠴᠡᠭᠡᠷ᠎ᠢ ᠠ᠋ᠷᠬᠢᠯᠡᠨ ᠶᠠᠪᠤᠭᠳᠠᠭᠤᠯᠵᠠᠢ᠃
ᠬᠤᠶᠠᠷ ᠤᠯᠤᠰ᠎ᠤᠨ ᠶᠡᠷᠦᠩᠭᠡᠢ ᠰᠠᠢ᠌ᠳ ᠬᠤᠶᠠᠷ ᠤᠯᠤᠰ᠎ᠤᠨ ᠭᠠᠳᠠᠭ᠋ᠠᠳᠤ ᠶᠠᠪᠤᠳᠠᠯ᠂ ᠠᠵᠤ ᠠᠬᠤᠢ᠂ ᠠᠵᠤ ᠦᠢ᠍ᠯᠡᠳᠪᠤᠷᠢ᠂ ᠠ᠋ᠳ᠋᠎ᠤᠨ ᠵᠠᠰᠠᠭ᠂ ᠮᠦᠩᠬᠦᠨ ᠬᠦᠢ᠍ᠯᠭᠡᠭᠡ᠂ ᠰᠤᠷᠭ᠋ᠠᠨ ᠬᠦᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠠᠷᠠᠯᠵᠢᠶ᠎ᠠ ᠬᠤᠳᠠᠯᠳᠤᠭ᠎ᠠ᠂ ᠤᠷᠴᠢᠨ ᠳᠤᠭᠤᠷᠢᠨ᠎ᠤ ᠬᠠᠮᠠᠭ᠋ᠠᠯᠠᠯᠳᠠ᠂ ᠬᠦᠳᠡᠭᠡ ᠠᠵᠤ ᠠᠬᠤᠢ᠂ ᠨᠡᠢ᠌ᠭᠡᠮ᠎ᠤᠨ ᠪᠠᠳᠤᠯᠠᠪᠤᠷᠢ᠂ ᠠ᠋ᠷᠡᠬᠦᠯ ᠬᠠᠮᠠᠭ᠋ᠠᠯᠠᠯ ᠵᠡᠷᠭᠡ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠤ ᠬᠠᠷᠢᠭᠤ ᠮᠡᠳᠡᠬᠦᠯᠦᠯᠳᠡ ᠵᠢ ᠨᠠᠷᠢᠨ ᠬᠢᠨᠠᠮᠠᠭ᠋ᠠᠢ ᠰᠤᠨᠤᠰᠪᠠ᠃
ᠬᠤᠶᠠᠷ ᠳᠠᠯ᠎ᠠ᠎ᠪᠠᠷ ᠵᠶ᠋ᠡᠨ ᠳᠤᠮᠳᠠᠳᠤ ᠭ᠋ᠸᠷᠮᠡᠨ ᠬᠤᠶᠠᠷ ᠤᠯᠤᠰ ᠮᠦᠩᠬᠦᠨ ᠬᠦᠢ᠍ᠯᠭᠡᠭᠡ ᠠ᠋ᠳ᠋᠎ᠤᠨ ᠵᠠᠰᠠᠭ᠎ᠤᠨ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠵᠤ᠂ ᠳᠡᠭᠡᠳᠤ ᠳᠡᠰ᠎ᠤᠨ ᠠ᠋ᠳ᠋᠎ᠤᠨ ᠵᠠᠰᠠᠭ ᠮᠦᠩᠬᠦᠨ ᠬᠦᠢ᠍ᠯᠭᠡᠭᠡ ᠵᠢᠨ ᠶᠠᠷᠢᠯᠴᠠᠭ᠎ᠠ ᠵᠡᠷᠭᠡ ᠳᠤᠭᠳᠠᠴᠠ ᠵᠢ ᠰᠠᠢ᠌ᠳᠤᠷ ᠠᠰᠢᠭᠯᠠᠨ᠂ ᠬᠤᠷᠸ᠎ᠠ ᠠᠵᠤ ᠠᠬᠤᠢ ᠵᠢᠨ ᠳᠦᠷᠦ ᠵᠢᠨ ᠪᠤᠳᠤᠯᠭ᠎ᠠ ᠵᠢᠨ ᠤᠯᠤᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠳᠠᠯ᠎ᠠ ᠵᠢᠨ᠎ᠬᠢ ᠪᠠ ᠭᠤᠷᠪᠠᠳᠤᠭ᠋ᠠᠷ ᠳᠠᠯ᠎ᠠ ᠵᠢᠨ ᠵᠠᠬ᠎ᠠ ᠳᠡᠯᠭᠡᠬᠦᠷ᠎ᠤᠨ ᠬᠤᠷᠰᠢᠯᠴᠠᠭ᠎ᠠ᠂ ᠪᠡᠯᠡ ᠴᠤᠭᠯᠠᠭᠤᠯᠬᠤ ᠳᠠᠪᠴᠠᠩ ᠪᠠᠢ᠌ᠭᠤᠯᠤᠨ᠂ ᠬᠤᠷᠢᠨ ᠤᠯᠤᠰ᠎ᠤᠨ ᠪᠦᠯᠦᠭᠯᠡᠯ ᠵᠡᠷᠭᠡ ᠤᠯᠠᠨ ᠳᠠᠯᠠᠳᠤ ᠳᠠᠪᠴᠠᠩ ᠵᠶ᠋ᠡᠷ ᠳᠠᠮᠵᠢᠭᠤᠯᠤᠨ ᠳᠤᠭ ᠳᠡᠮᠳᠡᠭ ᠳᠤᠳᠤᠷᠬᠠᠢ᠎ᠪᠠᠷ ᠬᠠᠮᠠᠭ᠋ᠠᠯᠠᠬᠤ ᠦᠵᠡᠯ᠎ᠢ ᠠ᠋ᠰᠡᠷᠬᠦᠴᠡᠵᠤ᠂ ᠤᠯᠠᠨ ᠳᠠᠯᠠᠳᠤ ᠳᠦᠷᠢᠮ ᠳᠣᠭᠲᠠᠭ᠋ᠠᠯ ᠵᠶ᠋ᠡᠷ ᠰᠠᠭᠤᠷᠢ ᠪᠤᠯᠭ᠋ᠠᠭᠰᠠᠨ ᠴᠢᠯᠦᠭᠡᠳᠤ ᠠᠷᠠᠯᠵᠢᠶᠠᠨ᠎ᠤ ᠰᠢᠰᠲᠸᠮ᠎ᠢ ᠬᠠᠮᠠᠭ᠋ᠠᠯᠠᠵᠤ᠂ ᠳᠡᠯᠡᠭᠡᠢ ᠵᠢᠨ ᠠᠵᠤ ᠠᠬᠤᠢ ᠵᠢᠨ ᠢᠳᠡᠷᠡᠬᠦᠨ᠂ ᠦᠷᠬᠦᠯᠵᠢᠯᠡᠭᠰᠡᠨ᠂ ᠳᠡᠩᠴᠡᠬᠦᠷᠢ᠎ᠲᠠᠢ ᠬᠦᠭᠵᠢᠯᠳᠡ ᠵᠢ ᠠᠬᠢᠭᠤᠯᠤᠨ᠎ᠠ ᠭᠡᠵᠤ ᠰᠠᠨᠠᠯ ᠨᠢᠭᠡᠳᠡᠢ ᠦᠵᠡᠵᠡᠢ᠃ ᠭ᠋ᠸᠷᠮᠡᠨᠤᠬᠢᠨ ᠳᠤᠮᠳᠠᠳᠤ ᠤᠯᠤᠰ᠎ᠤᠨ ᠮᠦᠩᠬᠦᠨ ᠬᠦᠢ᠍ᠯᠭᠡᠭᠡᠨ᠎ᠤ ᠵᠠᠬ᠎ᠠ ᠳᠡᠯᠭᠡᠬᠦᠷ᠎ᠢ ᠤᠯᠠᠮ ᠴᠢᠯᠦᠭᠡᠳᠡᠢ ᠪᠤᠯᠭ᠋ᠠᠬᠤ ᠵᠡᠷᠭᠡ ᠠᠷᠭ᠎ᠠ ᠭᠡᠮᠵᠢᠶ᠎ᠡ ᠵᠢ ᠮᠠᠭᠳᠠᠨ ᠰᠠᠢ᠌ᠰᠢᠶᠠᠵᠠᠢ᠃
ᠬᠤᠶᠠᠷ ᠳᠠᠯ᠎ᠠ᠎ᠪᠠᠷ ᠵᠶ᠋ᠡᠨ ᠤᠳᠤᠬᠠᠨ᠎ᠤ ᠪᠠᠢ᠌ᠳᠠᠯ ᠳᠣᠣᠷ᠎ᠠ ᠳᠤᠮᠳᠠᠳᠤ ᠭ᠋ᠸᠷᠮᠡᠨ ᠬᠤᠶᠠᠷ ᠤᠯᠤᠰ ᠬᠤᠶᠠᠷ ᠳᠠᠯ᠎ᠠ ᠵᠢᠨ ᠠᠵᠤ ᠠᠬᠤᠢ ᠠᠷᠠᠯᠵᠢᠶ᠎ᠠ ᠬᠢᠭᠡᠳ ᠪᠡᠯᠡ ᠤᠷᠤᠭᠤᠯᠤᠯᠳᠠ ᠵᠢᠨ ᠬᠠᠮᠳᠤᠷᠠᠯᠴᠠᠭ᠎ᠠ᠎ᠪᠠᠨ ᠦᠷᠬᠦᠯᠵᠢᠯᠡᠨ ᠠᠬᠢᠭᠤᠯᠬᠤ᠂ ᠴᠢᠯᠦᠭᠡᠳᠤ ᠠᠷᠠᠯᠵᠢᠶ᠎ᠠ ᠪᠤᠯᠤᠨ ᠠ᠋ᠷᠭᠡ ᠳᠡᠭᠰᠢ ᠪᠦᠭᠡᠳ ᠤᠯᠠᠨ ᠵᠶ᠋ᠡᠷ ᠵᠶ᠋ᠠᠨ ᠮᠡᠳᠡᠷᠡᠭᠰᠡᠨ ᠳᠦᠷᠢᠮ ᠪᠦᠬᠦᠢ ᠤᠯᠠᠨ ᠤᠯᠤᠰ᠎ᠤᠨ ᠵᠠᠬ᠎ᠠ ᠳᠡᠯᠭᠡᠬᠦᠷ᠎ᠢ ᠬᠠᠮᠳᠤ᠎ᠪᠠᠷ ᠬᠠᠮᠠᠭ᠋ᠠᠯᠠᠬᠤ᠂ ᠬᠠᠷᠢᠯᠴᠠᠨ ᠴᠢᠯᠦᠭᠡᠳᠡᠢ ᠶᠠᠪᠤᠯᠴᠠᠬᠤ᠎ᠪᠠᠨ ᠦᠷᠭᠡᠳᠭᠡᠬᠦ᠂ ᠵᠠᠬ᠎ᠠ ᠳᠡᠯᠭᠡᠬᠦᠷ᠎ᠲᠤ ᠤᠷᠤᠬᠤ ᠵᠦᠪᠰᠢᠶᠡᠷᠡᠯ᠎ᠢ ᠠᠭᠤᠵᠢᠭᠤ ᠳᠠᠯᠪᠢᠬᠤ ᠵᠢ ᠰᠠᠨᠠᠯ ᠨᠢᠭᠡᠳᠡᠢ ᠵᠦᠪᠰᠢᠶᠡᠷᠡᠵᠡᠢ᠃ ᠳᠤᠮᠳᠠᠳᠤ ᠵᠢᠨ ᠳᠠᠯ᠎ᠠ ᠵᠢᠨ᠎ᠬᠢᠨ ᠳᠤᠷᠠᠳᠠᠶ᠎ᠠ ᠭ᠋ᠸᠷᠮᠡᠨᠲᠠᠢ ᠬᠠᠮᠳᠤ᠎ᠪᠠᠷ ᠭᠤᠷᠪᠠᠳᠤᠭ᠋ᠠᠷ ᠳᠠᠯ᠎ᠠ ᠵᠢᠨ ᠵᠠᠬ᠎ᠠ ᠳᠡᠯᠭᠡᠬᠦᠷ᠎ᠢ ᠰᠦᠪᠡᠭᠴᠢᠯᠡᠨ ᠦᠷᠭᠡᠳᠭᠡᠨ᠎ᠠ ᠭᠡᠵᠤ ᠭ᠋ᠸᠷᠮᠡᠨᠤᠬᠢᠨ ᠳᠤᠷᠠᠳᠠᠶ᠎ᠠ ᠳᠤᠰ ᠪᠡᠶ᠎ᠡ ᠵᠢᠨ ᠳᠠᠪᠠᠭᠤᠯᠢᠭ ᠵᠶ᠋ᠡᠨ ᠪᠠᠳᠠᠷᠠᠭᠤᠯᠤᠨ ᠳᠤᠮᠳᠠᠳᠤ ᠵᠢᠨ᠎ᠬᠢᠨ᠎ᠲᠠᠢ ᠬᠠᠮᠳᠤ᠎ᠪᠠᠷ 《ᠠᠵᠤ ᠦᠢ᠍ᠯᠡᠳᠪᠤᠷᠢ ᠵᠢᠨ 4.0》 ᠬᠠᠮᠳᠤᠷᠠᠯᠴᠠᠭ᠎ᠠ ᠵᠢ ᠠᠬᠢᠭᠤᠯᠤᠨ᠎ᠠ ᠭᠡᠵᠡᠢ᠃ ᠬᠤᠶᠠᠷ ᠤᠯᠤᠰ᠎ᠤᠨ ᠵᠠᠰᠠᠭ᠎ᠤᠨ ᠤᠷᠳᠤᠨ ᠠᠵᠤ ᠠᠬᠤᠢ᠌ᠯᠠᠯ᠎ᠤᠨ ᠬᠠᠮᠳᠤᠷᠠᠯᠴᠠᠭ᠎ᠠ᠎ᠳᠤ ᠳᠠᠪᠴᠠᠩ ᠬᠠᠩᠭ᠋ᠠᠨ᠂ ᠤᠷᠴᠢᠨ ᠳᠤᠭᠤᠷᠢᠨ᠎ᠢ᠎ᠨᠢ ᠰᠢᠯᠢᠳᠡᠭᠵᠢᠬᠦᠯᠵᠤ ᠳᠦᠬᠦᠮ ᠦᠵᠡᠬᠦᠯᠬᠦ᠎ᠪᠠᠷ ᠪᠤᠢ᠃ ᠳᠤᠮᠳᠠᠳᠤ ᠵᠢᠨ ᠳᠠᠯ᠎ᠠ ᠵᠢᠨ᠎ᠬᠢᠨ ᠭ᠋ᠸᠷᠮᠡᠨᠤ ᠳᠠᠯ᠎ᠠ ᠵᠢ ᠠᠩᠬᠠᠳᠠᠭᠴᠢ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ᠎ᠳᠤ ᠭᠠᠷᠭ᠋ᠠᠵᠤ ᠭᠠᠳᠠᠭ᠋ᠠᠳᠤ᠎ᠠᠴᠠ ᠤᠷᠤᠭᠤᠯᠬᠤ ᠦᠵᠡᠰᠬᠦᠯᠡᠩ᠎ᠳᠤ ᠤᠷᠤᠯᠴᠠᠭᠤᠯᠬᠤ᠎ᠪᠠᠷ ᠤᠷᠢᠨ ᠵᠠᠯᠠᠬᠤ ᠵᠢᠨ ᠬᠠᠮᠳᠤ ᠳᠤᠮᠳᠠᠳᠤ᠎ᠳᠤ᠎ᠬᠢ ᠪᠡᠯᠡ ᠤᠷᠤᠭᠤᠯᠤᠯᠳᠠ᠎ᠪᠠᠨ ᠨᠡᠮᠡᠭᠳᠡᠬᠦᠯᠬᠦ ᠵᠢ ᠪᠠᠶᠠᠷᠯᠠᠨ ᠤᠭᠳᠤᠵᠤ ᠪᠠᠢ᠌ᠬᠤ᠎ᠪᠠᠨ ᠢᠯᠡᠳᠭᠡᠵᠤ᠂ ᠭ᠋ᠸᠷᠮᠡᠨᠤ ᠠᠵᠤ ᠠᠬᠤᠢ᠌ᠯᠠᠯ᠎ᠤᠨ ᠳᠤᠮᠳᠠᠳᠤ ᠤᠯᠤᠰ᠎ᠤᠨ ᠪᠠᠷᠠᠭᠤᠨ ᠪᠡᠶ᠎ᠡ ᠵᠢᠨ ᠭᠠᠵᠠᠷ ᠤᠷᠤᠨ᠎ᠳᠤ ᠢᠷᠡᠵᠤ ᠪᠡᠯᠡ ᠤᠷᠤᠭᠤᠯᠤᠨ ᠦᠢ᠍ᠯᠡᠳᠪᠤᠷᠢ ᠪᠠᠢ᠌ᠭᠤᠯᠬᠤ ᠵᠢ ᠵᠤᠷᠢᠭᠵᠢᠭᠤᠯᠤᠨ᠎ᠠ ᠭᠡᠵᠡᠢ᠃
ᠬᠤᠶᠠᠷ ᠳᠠᠯ᠎ᠠ᠎ᠪᠠᠷ ᠵᠶ᠋ᠡᠨ᠂ ᠳᠤᠮᠳᠠᠳᠤ ᠭ᠋ᠸᠷᠮᠡᠨ ᠬᠤᠶᠠᠷ ᠤᠯᠤᠰ ᠴᠠᠭ ᠦᠶ᠎ᠡ ᠵᠢᠨ ᠤᠷᠤᠰᠬᠠᠯ᠎ᠢ ᠳᠠᠭ᠋ᠠᠵᠤ ᠠᠵᠤ ᠦᠢ᠍ᠯᠡᠰ᠎ᠤᠨ ᠪᠦᠳᠦᠴᠠ᠎ᠪᠠᠨ ᠬᠠᠷᠢᠯᠴᠠᠨ ᠨᠦᠬᠦᠪᠤᠷᠢᠯᠡᠬᠦ ᠳᠠᠪᠠᠭᠤᠯᠢᠭ ᠵᠶ᠋ᠡᠨ ᠪᠠᠳᠠᠷᠠᠭᠤᠯᠤᠨ᠂ ᠳᠤᠭ᠋ᠠᠴᠢᠯᠠᠯᠳᠠ᠂ ᠠᠦᠢ᠍ᠲ᠋ᠤ ᠵᠢᠯᠤᠭᠤᠴᠢ᠂ ᠰᠢᠨ᠎ᠠ ᠠ᠋ᠨ᠋ᠸᠷᠬᠢ ᠵᠢᠨ ᠮᠠᠰᠢᠨ ᠳᠡᠷᠭᠡ ᠵᠡᠷᠭᠡ ᠰᠢᠨ᠎ᠠ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠬᠤ᠎ᠪᠠᠷ ᠢᠯᠡᠷᠭᠡᠢ᠌ᠯᠡᠵᠡᠢ᠃ ᠬᠤᠶᠠᠷ ᠳᠠᠯ᠎ᠠ᠎ᠪᠠᠷ ᠵᠶ᠋ᠡᠨ ᠦᠢ᠍ᠯᠡᠳᠪᠤᠷᠢᠯᠡᠬᠦ ᠵᠢᠭ᠋ᠠᠬᠤ ᠰᠤᠳᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠠ ᠵᠢ ᠠ᠋ᠬᠦᠳᠤᠨ ᠬᠣᠷᠰᠢᠯᠴᠠᠭ᠎ᠠ᠎ᠪᠠᠨ ᠴᠢᠩᠭ᠋ᠠᠳᠬᠠᠵᠤ᠂ ᠳᠤᠭ᠋ᠠᠴᠢᠯᠠᠭᠰᠠᠨ ᠬᠦᠭᠵᠢᠯᠳᠡ ᠵᠢᠨ ᠬᠦᠳᠡᠭᠡ ᠠᠵᠤ ᠠᠬᠤᠢ ᠵᠢᠨ ᠬᠠᠮᠳᠤᠷᠠᠯᠴᠠᠭ᠎ᠠ ᠵᠢ ᠠᠬᠢᠠᠭᠤᠯᠬᠤ ᠳᠠᠯᠳᠠ ᠬᠦᠴᠤᠨ᠎ᠢ ᠬᠦᠢ᠍ᠴᠡᠳ ᠠᠭᠤᠳᠠᠯᠤᠨ᠂ ᠤᠷᠴᠢᠨ ᠳᠤᠭᠤᠷᠢᠨ᠎ᠤ ᠵᠠᠰᠠᠯᠳᠠ᠂ ᠠ᠋ᠨ᠋ᠸᠷᠬᠢ ᠠᠷᠪᠢᠯᠠᠵᠤ ᠤᠷᠴᠢᠨ ᠳᠤᠭᠤᠷᠢᠨ᠎ᠢ ᠬᠠᠮᠠᠭ᠋ᠠᠯᠠᠬᠤ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠬᠤ ᠵᠡᠷᠭᠡ ᠰᠤᠳᠤᠯᠭ᠋ᠠᠨ᠎ᠤ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠪᠦᠬᠦ ᠳᠡᠯᠡᠭᠡᠢ ᠵᠢᠨ ᠴᠢᠨᠠᠷᠲᠠᠢ ᠦᠷᠢᠰᠦᠯᠳᠦᠭᠡᠨ᠎ᠢ ᠠᠷᠭ᠋ᠠᠴᠠᠬᠤ᠎ᠳᠤ ᠬᠠᠮᠳᠤ᠎ᠪᠠᠷ ᠬᠤᠪᠢ ᠨᠡᠮᠡᠷᠢ ᠦᠵᠡᠬᠦᠯᠦᠨ᠂ ᠬᠦᠮᠦᠨ ᠨᠡᠢ᠌ᠭᠡᠮ᠎ᠤᠨ ᠰᠤᠯᠢᠯᠴᠠᠭ᠎ᠠ᠎ᠪᠠᠨ ᠦᠷᠭᠡᠳᠭᠡᠵᠤ᠂ ᠳᠡᠭᠡᠳᠤ ᠵᠡᠷᠭᠡ ᠵᠢᠨ ᠰᠤᠷᠭ᠋ᠠᠨ ᠬᠦᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠂ ᠦᠭᠡ ᠭᠡᠯᠡᠨ᠎ᠤ ᠵᠢᠭ᠋ᠠᠨ ᠰᠤᠷᠭ᠋ᠠᠯᠳᠠ᠂ ᠰᠤᠷᠤᠭᠴᠢ ᠵᠢᠨ ᠰᠤᠯᠢᠯᠴᠠᠭ᠎ᠠ ᠵᠡᠷᠭᠡ ᠳᠦᠷᠦᠯ ᠵᠦᠢ᠍ᠯ᠎ᠤᠨ ᠬᠠᠮᠳᠤᠷᠯᠴᠠᠭᠠ ᠬᠤᠷᠰᠢᠯᠴᠠᠭ᠎ᠠ᠎ᠪᠠᠨ ᠴᠢᠩᠭ᠋ᠠᠳᠬᠠᠨ᠂ ᠵᠠᠯᠠᠭᠤᠴᠤᠳ᠎ᠤᠨ ᠰᠢᠨ᠎ᠠ ᠵᠢ ᠠ᠋ᠭᠦᠳᠤᠨ᠂ ᠦᠢ᠍ᠯᠡᠰ ᠪᠦᠳᠦᠭᠡᠬᠦ ᠰᠤᠯᠢᠯᠴᠠᠭ᠎ᠠ ᠵᠢ ᠠᠬᠢᠭᠤᠯᠤᠨ᠎ᠠ ᠭᠡᠵᠤ ᠢᠯᠡᠷᠭᠡᠢ᠌ᠯᠡᠵᠡᠢ᠃ ᠬᠤᠶᠠᠷ ᠳᠠᠯ᠎ᠠ᠎ᠪᠠᠷ ᠵᠶ᠋ᠡᠨ ᠬᠦᠮᠦᠨ ᠠᠮᠠ ᠵᠢᠨ ᠨᠠᠰᠤᠵᠢᠯ᠎ᠤᠨ ᠠᠰᠠᠭᠤᠳᠠᠯ᠎ᠤᠨ ᠳᠤᠭᠤᠷᠢᠨ᠎ᠳᠤ᠂ ᠠᠰᠠᠷᠠᠭᠴᠢ ᠰᠤᠪᠢᠯᠠᠭᠴᠢ ᠵᠢ ᠪᠤᠯᠪᠠᠰᠤᠷᠠᠭᠤᠯᠬᠤ᠂ ᠠᠰᠠᠷᠠᠵᠤ ᠰᠤᠪᠢᠯᠠᠬᠤ ᠪᠠ ᠳᠠᠭ᠋ᠠᠳᠬᠠᠯ ᠵᠡᠷᠭᠡ ᠳᠠᠯ᠎ᠠ᠎ᠪᠠᠷ ᠬᠤᠷᠰᠢᠨ ᠠᠵᠢᠯᠯᠠᠬᠤ᠂ ᠪᠦᠬᠦ ᠳᠡᠯᠡᠭᠡᠢ ᠵᠢᠨ ᠠ᠋ᠷᠡᠬᠦᠯ ᠬᠠᠮᠠᠭ᠋ᠠᠯᠠᠯ᠎ᠤᠨ ᠵᠠᠰᠠᠯᠳᠠ ᠵᠢᠨ ᠰᠢᠰᠲᠸᠮ ᠪᠤᠯᠤᠨ ᠬᠢᠵᠢᠭ᠎ᠤᠨ ᠪᠠᠢ᠌ᠳᠠᠯ᠎ᠢ ᠠᠷᠭ᠋ᠠᠴᠠᠬᠤ ᠬᠦᠷᠢᠶ᠎ᠠ ᠴᠠᠷᠠᠭ᠎ᠠ᠎ᠳᠠᠬᠢ ᠤᠯᠤᠯᠴᠠᠭ᠎ᠠ ᠪᠠ ᠵᠤᠬᠢᠴᠠᠭᠤᠯᠤᠯ ᠵᠶ᠋ᠡᠨ ᠴᠢᠩᠭ᠋ᠠᠳᠬᠠᠨ᠎ᠠ ᠭᠡᠵᠡᠢ᠃
ᠯᠢ ᠺᠸ ᠴᠢᠶᠠᠩ᠎ᠠᠴᠠ ᠠ᠋ᠨᠡ ᠤᠳᠠᠭ᠋ᠠᠨ᠎ᠤ ᠵᠦᠪᠳᠡᠯᠴᠡᠭᠡᠷ ᠪᠤᠯ ᠳᠤᠮᠳᠠᠳᠤ ᠭ᠋ᠸᠷᠮᠡᠨ ᠬᠤᠶᠠᠷ ᠤᠯᠤᠰ᠎ᠤᠨ ᠰᠢᠨ᠎ᠠ ᠨᠢᠭᠡᠨ ᠠ᠋ᠭᠡᠯᠵᠢ ᠵᠢᠨ ᠵᠠᠰᠠᠭ᠎ᠤᠨ ᠤᠷᠳᠤᠨ᠎ᠤ ᠡᠯ᠎ᠡ ᠰᠠᠯᠠᠭ᠎ᠠ ᠮᠦᠴᠢᠷ ᠠᠩᠬ᠎ᠠ ᠤᠳᠠᠭ᠎ᠠ ᠵᠤᠯᠭ᠋ᠠᠯᠴᠠᠭᠰᠠᠨ᠂ ᠬᠤᠶᠠᠷ ᠤᠯᠤᠰ᠎ᠤᠨ ᠪᠦᠬᠦ ᠳᠠᠯ᠎ᠠ ᠵᠢᠨ ᠬᠠᠮᠳᠤᠷᠠᠯᠴᠠᠭ᠎ᠠ ᠵᠢ ᠳᠦᠯᠦᠪᠵᠢᠬᠦᠯᠬᠦ ᠪᠠ ᠠᠬᠢᠭᠤᠯᠬᠤ᠎ᠳᠤ ᠳᠦᠢ᠍ᠯ᠎ᠤᠨ ᠶᠡᠭᠡ ᠠᠴᠢ ᠬᠤᠯᠪᠤᠭᠳᠠᠯ᠎ᠲᠠᠢ ᠵᠦᠪᠳᠡᠯᠴᠡᠭᠡᠷ ᠪᠤᠯᠤᠨ᠎ᠠ᠃ ᠤᠳᠤᠬᠠᠨ᠎ᠤ ᠨᠡᠷᠢᠨ ᠪᠤᠳᠤᠯᠢᠶᠠᠨᠳᠠᠢ ᠪᠦᠭᠡᠳ ᠬᠤᠪᠢᠷᠠᠯᠳᠠ ᠶᠡᠭᠡᠳᠡᠢ ᠳᠡᠯᠡᠭᠡᠢ ᠵᠢᠨ ᠪᠠᠢ᠌ᠳᠠᠯ᠎ᠨᠢ ᠳᠤᠮᠳᠠᠳᠤ ᠭ᠋ᠸᠷᠮᠡᠨᠤ ᠬᠠᠮᠳᠤ᠎ᠪᠠᠷ ᠠᠰᠢᠭ ᠬᠦᠷᠳᠡᠬᠦ ᠬᠠᠮᠳᠤᠷᠠᠯᠴᠠᠭ᠎ᠠ ᠵᠢ ᠠᠬᠢᠭᠤᠯᠬᠤ᠎ᠳᠤ ᠴᠢᠬᠤᠯᠠ ᠠᠵᠠ ᠳᠤᠬᠢᠶᠠᠯ ᠤᠯᠭᠤᠭᠰᠠᠨ ᠪᠠᠢ᠌ᠨ᠎ᠠ᠃ ᠰᠢ ᠵᠢᠨ ᠫᠢᠩ ᠳᠡᠷᠢᠬᠦᠯᠡᠭᠴᠢ ᠪᠦᠸᠸ ᠡᠤᠤ ᠵᠢᠨ ᠠᠽᠶᠠ ᠳᠢᠪ᠎ᠤᠨ ᠶᠠᠷᠢᠶᠠᠨ᠎ᠤ ᠳᠠᠪᠴᠠᠩ᠎ᠤᠨ 2018 ᠤᠨ᠎ᠤ ᠤᠨ᠎ᠤ ᠬᠤᠷᠠᠯ ᠳᠡᠭᠡᠷ᠎ᠠ ᠳᠤᠮᠳᠠᠳᠤ ᠤᠯᠤᠰ ᠭᠤᠢ᠌ᠪᠢᠰᠢ ᠦᠭᠡᠢ᠎ᠪᠠᠷ ᠴᠢᠯᠦᠭᠡᠳᠡᠢ ᠶᠠᠪᠤᠯᠴᠠᠬᠤ᠎ᠪᠠᠨ ᠦᠷᠭᠡᠳᠭᠡᠬᠦ ᠮᠡᠳᠡᠭᠡ ᠵᠠᠩᠬᠢ ᠵᠢ ᠳᠡᠯᠡᠭᠡᠢ ᠳ᠋ᠠᠬᠢᠨ᠎ᠠ ᠮᠡᠳᠡᠭᠳᠡᠪᠡ᠃ ᠪᠢᠳᠠ ᠳᠤᠷᠠᠳᠠᠶ᠎ᠠ ᠭ᠋ᠸᠷᠮᠡᠨᠤ ᠳᠠᠯ᠎ᠠ ᠵᠢᠨ᠎ᠬᠢᠨ᠎ᠲᠠᠢ ᠳᠤᠮᠳᠠᠳᠤ ᠤᠯᠤᠰ᠎ᠤᠨ ᠰᠢᠨ᠎ᠠ ᠨᠢᠭᠡᠨ ᠠ᠋ᠬᠡᠯᠵᠢ ᠵᠢᠨ ᠴᠢᠯᠦᠭᠡᠳᠡᠢ ᠶᠠᠪᠤᠯᠴᠭᠰᠠᠨ ᠳᠤᠮᠤ ᠵᠠᠬ᠎ᠠ ᠳᠡᠯᠭᠡᠬᠦᠷ᠎ᠤᠨ ᠠᠰᠢᠭ ᠤᠯᠵᠠᠪᠤᠷᠢ ᠵᠢ ᠬᠤᠪᠢᠶᠠᠯᠴᠠᠨ᠂ ᠳᠤᠮᠳᠠᠳᠤ᠎ᠳᠤ ᠪᠠᠢ᠌ᠭ᠎ᠠ ᠭᠠᠳᠠᠭ᠋ᠠᠳᠤ ᠳᠤᠳᠤᠭ᠋ᠠᠳᠤ ᠵᠢᠨ ᠠᠵᠤ ᠠᠬᠤᠢ᠌ᠯᠠᠯ᠎ᠳᠤ ᠠᠳᠠᠯᠢ ᠳᠡᠭᠰᠢ᠎ᠪᠠᠷ ᠬᠠᠨᠳᠤᠵᠤ᠂ ᠮᠡᠳᠡᠯᠭᠡ ᠵᠢᠨ ᠪᠦᠲᠤᠭᠡᠭᠳᠡᠭᠦᠨᠤ ᠦᠮᠴᠢᠯᠠᠯ᠎ᠤᠨ ᠠ᠋ᠷᠭᠡ ᠵᠢᠨ ᠬᠠᠮᠠᠭ᠋ᠠᠯᠠᠯᠳᠠ᠎ᠪᠠᠨ ᠴᠢᠩᠭ᠋ᠠᠳᠬᠠᠨ᠎ᠠ᠃ ᠭ᠋ᠸᠷᠮᠡᠨᠤᠬᠢᠨᠢ ᠳᠤᠮᠳᠠᠳᠤ ᠤᠯᠤᠰ᠎ᠤᠨ ᠠᠵᠤ ᠠᠬᠤᠢ᠌ᠯᠠᠯ᠎ᠳᠤ ᠮᠦᠨ ᠴᠢᠯᠦᠭᠡᠳᠡᠢ᠂ ᠨᠦᠬᠦᠷᠰᠡᠭ᠂ ᠠᠳᠠᠯᠢ ᠳᠡᠭᠰᠢ᠂ ᠳᠦᠪ ᠭᠤᠤᠯᠴᠢ ᠤᠷᠴᠢᠨ ᠳᠤᠭᠤᠷᠢᠨ ᠬᠠᠩᠭ᠋ᠠᠬᠤ ᠵᠢ ᠬᠦᠰᠡᠵᠤ ᠪᠠᠢ᠌ᠨ᠎ᠠ᠃ ᠬᠤᠶᠠᠷ ᠳᠠᠯ᠎ᠠ᠎ᠪᠠᠷ ᠵᠶ᠋ᠡᠨ ᠳᠤᠰ ᠤᠳᠠᠭ᠋ᠠᠨ᠎ᠤ ᠵᠦᠪᠳᠡᠯᠴᠡᠭᠡᠷ᠎ᠢ ᠨᠠᠢ᠌ᠳᠠᠪᠤᠷᠢᠵᠢᠭᠤᠯᠬᠤ ᠵᠢ ᠰᠢᠪᠠᠳᠠᠵᠤ᠂ ᠬᠤᠶᠠᠷ ᠳᠠᠯ᠎ᠠ᠎ᠪᠠᠷ ᠵᠶ᠋ᠡᠨ ᠠᠰᠢᠭ ᠬᠦᠷᠳᠡᠨ᠂ ᠳᠡᠯᠡᠭᠡᠢ ᠵᠢᠨ ᠠᠵᠤ ᠠᠬᠤᠢ ᠵᠢᠨ ᠰᠡᠷᠬᠦᠯᠳᠡ ᠵᠢᠨ ᠠᠬᠢᠴᠠ ᠵᠢ ᠳᠦᠷᠭᠡᠳᠭᠡᠬᠦ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
ᠮᠤᠺᠸᠷ᠂ ᠭ᠋ᠸᠷᠮᠡᠨ ᠳᠤᠮᠳᠠᠳᠤ ᠵᠢᠨ ᠬᠠᠷᠢᠴᠠᠭ᠎ᠠ ᠬᠤᠯᠪᠤᠭ᠎ᠠ ᠨᠢᠬᠳᠠ᠂ ᠬᠠᠮᠳᠤᠷᠠᠯᠴᠠᠭ᠋ᠠᠨ᠎ᠤ ᠬᠦᠷᠢᠶ᠎ᠠ ᠴᠠᠷᠠᠭ᠎ᠠ ᠦᠷᠭᠡᠨ᠂ ᠬᠤᠶᠠᠷ ᠳᠠᠯ᠎ᠠ᠎ᠪᠠᠷ ᠵᠶ᠋ᠡᠨ 70 ᠭᠠᠷᠤᠢ ᠵᠦᠢ᠍ᠯ᠎ᠤᠨ ᠶᠠᠷᠢᠯᠴᠠᠭ᠋ᠠᠨ᠎ᠤ ᠳᠤᠭᠳᠠᠴᠠ᠎ᠲᠠᠢ ᠪᠠᠢ᠌ᠵᠤ᠂ ᠠ᠋ᠨᠡ᠎ᠨᠢ ᠭ᠋ᠸᠷᠮᠡᠨ ᠳᠤᠮᠳᠠᠳᠤ ᠵᠢᠨ ᠬᠠᠷᠢᠴᠠᠭ᠎ᠠ ᠪᠤᠯᠤᠨ ᠬᠠᠮᠳᠤᠷᠠᠯᠴᠠᠭ᠋ᠠᠨ᠎ᠤ ᠬᠦᠨᠴᠠ ᠵᠢᠨ ᠭᠡᠮᠵᠢᠶ᠎ᠡ ᠪᠠ ᠦᠷᠭᠡᠨᠤ ᠭᠡᠮᠵᠢᠶ᠎ᠡ ᠵᠢ ᠬᠠᠷᠠᠭᠤᠯᠵᠤ ᠪᠠᠢ᠌ᠭ᠎ᠠ ᠶᠤᠮ᠃ ᠤᠳᠤᠬᠠᠨ᠎ᠤ ᠳᠡᠯᠡᠭᠡᠢ ᠵᠢᠨ ᠪᠠᠢ᠌ᠳᠠᠯ ᠳᠤᠤᠷ᠎ᠠ ᠭ᠋ᠸᠷᠮᠡᠨᠤᠬᠢᠨ ᠳᠤᠷᠠᠳᠠᠶ᠎ᠠ ᠳᠤᠮᠳᠠᠳᠤ ᠤᠯᠤᠰ᠎ᠲᠠᠢ ᠴᠢᠯᠦᠭᠡᠳᠡᠢ ᠶᠠᠪᠤᠯᠴᠠᠨ ᠬᠤᠷᠰᠢᠨ ᠬᠠᠮᠳᠤᠷᠠᠯᠴᠠᠬᠤ᠎ᠪᠠᠨ ᠴᠢᠩᠭ᠋ᠠᠳᠬᠠᠵᠤ᠂ ᠬᠠᠮᠳᠤ᠎ᠪᠠᠷ ᠤᠯᠠᠨ ᠳᠠᠯᠠᠳᠤ ᠦᠵᠡᠯ᠎ᠢ ᠬᠠᠮᠠᠭ᠋ᠠᠯᠠᠨ᠂ ᠤᠯᠠᠨ ᠤᠯᠤᠰ᠎ᠤᠨ ᠬᠠᠮᠳᠤᠷᠠᠯᠴᠠᠭ᠋ᠠᠨᠢ ᠠᠬᠢᠭᠤᠯᠤᠨ᠎ᠠ᠃ ᠭ᠋ᠸᠷᠮᠡᠨᠤᠬᠢᠨ ᠠᠷᠠᠯᠵᠢᠶᠠᠨ᠎ᠤ ᠳᠠᠢ᠌ᠨ᠎ᠢ ᠠ᠋ᠰᠡᠷᠬᠦᠴᠡᠨ᠂ ᠳᠦᠷᠢᠮ ᠵᠶ᠋ᠡᠷ ᠰᠠᠭᠤᠷᠢ ᠪᠤᠯᠭ᠋ᠠᠭᠰᠠᠨ ᠴᠢᠯᠦᠭᠡᠳᠤ ᠠᠷᠠᠯᠵᠢᠶ᠎ᠠ ᠵᠢ ᠤᠬᠠᠮᠰᠠᠷ᠎ᠠᠴᠠ᠎ᠪᠠᠨ ᠬᠠᠮᠠᠭ᠋ᠠᠯᠠᠨ᠎ᠠ᠃ ᠠ᠋ᠨᠡ ᠤᠳᠠᠭ᠋ᠠᠨ᠎ᠤ ᠭᠠᠷᠤᠨ ᠦᠰᠦᠭ ᠵᠢᠷᠤᠭᠰᠠᠨ ᠠᠦᠢ᠍ᠲ᠋ᠤ ᠵᠢᠯᠤᠭᠤᠴᠢ ᠵᠢᠨ ᠮᠡᠷᠭᠡᠵᠢᠯ᠎ᠢ ᠬᠤᠷᠰᠢᠨ ᠨᠡᠭᠡᠭᠡᠨ ᠬᠦᠭᠵᠢᠬᠦᠯᠬᠦ ᠳᠤᠬᠠᠢ ᠰᠠᠨᠠᠮᠵᠢ ᠵᠢᠨ ᠪᠢᠴᠢᠭ ᠪᠤᠯ ᠬᠤᠶᠠᠷ ᠳᠠᠯ᠎ᠠ ᠵᠢᠨ ᠮᠠᠰᠢᠨ ᠳᠡᠷᠭᠡᠨ᠎ᠤ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠋ᠠᠨ᠎ᠤ ᠪᠡᠯᠭᠡ ᠳᠡᠮᠳᠡᠭ᠎ᠤᠨ ᠰᠢᠨᠵᠢ᠎ᠲᠠᠢ ᠶᠠᠪᠤᠳᠠᠯ ᠪᠤᠯᠤᠨ᠎ᠠ᠂ ᠠ᠋ᠨᠡ᠎ᠨᠢ ᠬᠤᠶᠠᠷ ᠤᠯᠤᠰ᠎ᠤᠨ ᠬᠠᠮᠳᠤ᠎ᠪᠠᠷ ᠠᠰᠢᠭ ᠬᠦᠷᠳᠡᠬᠦ ᠬᠠᠮᠳᠤᠷᠠᠯᠴᠠᠭ᠋ᠠᠨᠳᠤ ᠵᠠᠮ ᠨᠡᠭᠡᠭᠡᠵᠤ ᠦᠭᠬᠦ᠎ᠨᠢ ᠳᠠᠮᠵᠢᠭ ᠦᠭᠡᠢ᠃ ᠭ᠋ᠸᠷᠮᠡᠨᠤᠬᠢᠨ ᠳᠤᠷᠠᠳᠠᠶ᠎ᠠ ᠳᠤᠮᠳᠠᠳᠤ ᠤᠯᠤᠰ᠎ᠲᠠᠢ ᠬᠠᠮᠳᠤ᠎ᠪᠠᠷ ᠳᠤᠰ ᠤᠳᠠᠭ᠋ᠠᠨ᠎ᠤ ᠵᠠᠰᠠᠭ᠎ᠤᠨ ᠤᠷᠳᠤᠨ᠎ᠤ ᠵᠦᠪᠳᠡᠯᠴᠡᠭᠡᠷ᠎ᠢ ᠨᠠᠢ᠌ᠳᠠᠪᠤᠷᠢᠵᠢᠭᠤᠯᠤᠨ᠎ᠠ ᠭᠡᠵᠤ ᠢᠯᠡᠷᠭᠡᠢ᠌ᠯᠡᠪᠡ᠃
ᠵᠦᠪᠳᠡᠯᠴᠡᠭᠡᠷ᠎ᠤᠨ ᠳᠠᠷᠠᠭ᠎ᠠ᠂ ᠬᠤᠶᠠᠷ ᠤᠯᠤᠰ᠎ᠤᠨ ᠶᠡᠷᠦᠩᠭᠡᠢ ᠰᠠᠢ᠌ᠳ ᠬᠤᠶᠠᠷ ᠤᠯᠤᠰ᠎ᠤᠨ ᠬᠦᠳᠡᠭᠡ ᠠᠵᠤ ᠠᠬᠤᠢ᠂ ᠰᠤᠷᠭ᠋ᠠᠨ ᠬᠦᠮᠦᠵᠢᠯ᠂ ᠵᠠᠯᠠᠭᠤᠴᠤᠳ ᠠ᠋ᠷᠡᠬᠦᠯ ᠬᠠᠮᠠᠭ᠋ᠠᠯᠠᠯ᠂ ᠬᠢᠮᠢ ᠵᠢᠨ ᠦᠢ᠍ᠯᠡᠳᠪᠤᠷᠢ᠂ ᠴᠢᠮᠡᠭᠡ ᠬᠤᠯᠪᠤᠭ᠎ᠠ᠂ ᠮᠠᠰᠢᠨ ᠳᠡᠷᠭᠡ᠂ ᠠᠦᠢ᠍ᠲ᠋ᠤ ᠵᠢᠯᠤᠭᠤᠴᠢ ᠵᠡᠷᠭᠡ 20 ᠭᠠᠷᠤᠢ ᠵᠦᠢ᠍ᠯ᠎ᠤᠨ ᠬᠠᠮᠳᠤᠷᠠᠯᠴᠠᠭ᠋ᠠᠨ᠎ᠤ ᠪᠢᠴᠢᠭ ᠮᠠᠲᠸᠷᠢᠶᠠᠯ᠎ᠳᠤ ᠭᠠᠷᠤᠨ ᠦᠰᠦᠭ ᠵᠢᠷᠤᠬᠤ ᠵᠢ ᠭᠡᠷᠡᠴᠢᠯᠠᠪᠠ᠃
ᠰᠢᠶᠤᠤ ᠵᠢᠶᠸ᠂ ᠠ᠋ᠾᠸ ᠯᠢ ᠹᠸᠩ ᠳᠡᠭᠡᠷᠡᠬᠢ ᠠᠵᠢᠯᠯᠠᠭ᠎ᠠ᠎ᠳᠤ ᠤᠷᠤᠯᠴᠠᠪᠠ᠃
