8 ᠳ᠋ᠤᠭ᠋ᠠᠷ ᠰᠠᠷ᠎ᠠ ᠵᠢᠨ 23᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠤᠯᠠᠭ᠋ᠠᠨᠪᠠᠭ᠋ᠠᠳᠤᠷ ᠬᠤᠳᠠ᠎ᠳᠤ ᠮᠤᠩᠭᠤᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠴᠤᠭᠳᠤᠪᠠᠭ᠋ᠠᠳᠤᠷᠲᠠᠢ ᠬᠠᠮᠳᠤ᠎ᠪᠠᠷ ᠰᠤᠷᠪᠤᠯᠵᠢᠯᠠᠭᠴᠢ᠎ᠲᠠᠢ ᠠᠭᠤᠯᠵᠠᠬᠤ᠎ᠳᠤ᠎ᠪᠠᠨ ᠳᠤᠮᠳᠠᠳᠤ ᠮᠤᠩᠭᠤᠯ ᠬᠤᠶᠠᠷ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠭᠡᠯᠡᠯᠴᠡᠭᠡᠷ᠎ᠤᠨ ᠭᠤᠤᠯ ᠪᠤᠯᠬᠤ ᠬᠠᠮᠳᠤ ᠵᠢᠨ ᠳᠠᠨᠢᠯᠳᠠ ᠵᠢ ᠳᠠᠨᠢᠯᠴᠠᠭᠤᠯᠪᠠ᠃
ᠸᠠᠩ ᠢ᠂ ᠳᠤᠮᠳᠠᠳᠤ ᠤᠯᠤᠰ᠎ᠤᠨ᠎ᠬᠢᠨ ᠮᠤᠩᠭᠤᠯ ᠤᠯᠤᠰ᠎ᠤᠨ ᠰᠢᠨ᠎ᠠ ᠵᠠᠰᠠᠭ᠎ᠤᠨ ᠤᠷᠳᠤᠨ᠎ᠤ ᠳᠤᠮᠳᠠᠳᠤ ᠤᠯᠤᠰ᠎ᠲᠤ ᠵᠤᠷᠢᠭᠤᠯᠤᠭᠰᠠᠨ ᠢᠯᠡ ᠳᠤᠳᠤᠷᠬᠠᠢ ᠠ᠋ᠷᠡᠰ ᠰᠢᠭᠤᠷᠬᠠᠢ ᠳᠦᠷᠦ ᠵᠢᠨ ᠪᠤᠳᠤᠯᠭ᠎ᠠ ᠵᠢ ᠬᠦᠢ᠍ᠴᠡᠳ ᠨᠤᠳᠠᠯᠠᠵᠤ ᠪᠠᠢ᠌ᠨ᠎ᠠ᠃ ᠪᠢ ᠠ᠋ᠨᠡ ᠤᠳᠠᠭ᠎ᠠ ᠤᠷᠢᠯᠭ᠎ᠠ᠎ᠪᠠᠷ ᠮᠤᠩᠭᠤᠯ ᠤᠯᠤᠰ᠎ᠲᠤ ᠠᠢ᠌ᠯᠴᠢᠯᠠᠭᠰᠠᠨ᠎ᠨᠢ ᠮᠤᠩᠭᠤᠯ ᠤᠯᠤᠰ᠎ᠤᠨ᠎ᠬᠢᠨ᠎ᠲᠠᠢ ᠤᠯᠤᠯᠴᠠᠭ᠎ᠠ᠎ᠪᠠᠨ ᠬᠦᠨᠵᠡᠭᠡᠢ᠌ᠷᠡᠬᠦᠯᠵᠤ᠂ ᠬᠤᠶᠠᠷ ᠤᠯᠤᠰ᠎ᠤᠨ ᠤᠳᠤᠷᠢᠳᠬᠤ ᠬᠦᠮᠦᠨ᠎ᠤ ᠬᠠᠮᠳᠤ ᠵᠢᠨ ᠳᠠᠨᠢᠯᠳᠠ ᠵᠢ ᠨᠠᠢ᠌ᠳᠠᠪᠤᠷᠢᠵᠢᠭᠤᠯᠬᠤ ᠵᠢᠨ ᠳᠦᠯᠦᠭᠡ ᠶᠤᠮ ᠭᠡᠵᠤ ᠭᠡᠯᠡᠪᠡ᠃
ᠸᠠᠩ ᠢ᠂ ᠪᠢ ᠮᠤᠩᠭᠤᠯ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠴᠤᠭᠳᠤᠪᠠᠭ᠋ᠠᠳᠤᠷᠲᠠᠢ ᠮᠠᠰᠢ ᠤᠯᠠᠨ ᠳᠠᠯ᠎ᠠ᠎ᠪᠠᠷ ᠬᠠᠮᠳᠤ ᠵᠢᠨ ᠳᠠᠨᠢᠯᠳᠠ᠎ᠲᠠᠢ ᠪᠤᠯᠪᠠ ᠭᠡᠵᠤ ᠭᠡᠯᠡᠪᠡ᠃ ᠳᠠᠷᠤᠢ᠄
ᠶᠠᠭᠤᠨ᠎ᠤ ᠤᠷᠢᠳ ᠬᠤᠶᠠᠷ ᠳᠠᠯ᠎ᠠ ᠵᠢᠨ ᠭᠤᠤᠯ ᠠᠰᠢᠭ ᠳᠤᠰᠠ ᠵᠢ ᠬᠠᠷᠢᠯᠴᠠᠨ ᠬᠦᠨᠳᠦᠳᠭᠡᠵᠤ᠂ ᠬᠤᠶᠠᠷ ᠤᠯᠤᠰ᠎ᠤᠨ ᠬᠠᠷᠢᠴᠠᠭ᠋ᠠᠨ᠎ᠤ ᠤᠯᠤᠰ ᠳᠦᠷᠦ ᠵᠢᠨ ᠰᠠᠭᠤᠷᠢ ᠵᠢ ᠬᠠᠮᠳᠤ᠎ᠪᠠᠷ ᠬᠠᠮᠠᠭ᠋ᠠᠯᠠᠬᠤ ᠵᠢ ᠰᠠᠨᠠᠯ ᠨᠢᠭᠡᠳᠡᠢ ᠵᠦᠪᠰᠢᠶᠡᠷᠡᠪᠡ᠃ ᠮᠤᠩᠭᠤᠯ᠎ᠤᠨ᠎ᠬᠢᠨ ᠨᠢᠭᠡ ᠳᠤᠮᠳᠠᠳᠤ ᠤᠯᠤᠰ᠎ᠤᠨ ᠵᠠᠷᠴᠢᠮ᠎ᠢ ᠠ᠋ᠷᠡᠰ ᠪᠠᠷᠢᠮᠳᠠᠯᠠᠬᠤ᠎ᠪᠠᠨ ᠳᠠᠬᠢᠨᠳᠠ ᠢᠯᠡᠷᠭᠡᠢ᠌ᠯᠡᠵᠤ᠂ ᠳᠠᠢ᠌ᠸᠠᠨ᠂ ᠳᠦᠪᠡᠳ ᠪᠤᠯ ᠪᠦᠷ ᠳᠤᠮᠳᠠᠳᠤ ᠤᠯᠤᠰ᠎ᠤᠨ ᠨᠤᠳᠤᠭ ᠳᠡᠪᠢᠰᠭᠡᠷ᠎ᠤᠨ ᠰᠠᠯᠵᠤ ᠪᠤᠯᠤᠰᠢ ᠦᠭᠡᠢ ᠪᠦᠷᠢᠯᠳᠦᠬᠦᠨ ᠭᠡᠰᠡᠭ ᠪᠤᠯᠤᠨ᠎ᠠ ᠭᠡᠵᠤ ᠦᠵᠡᠪᠡ᠃ ᠳᠤᠮᠳᠠᠳᠤ ᠵᠢᠨ᠎ᠬᠢᠨ ᠦᠩᠭᠡᠷᠡᠭᠰᠡᠨᠲᠠᠢᠪᠠᠨ ᠠᠳᠠᠯᠢ᠎ᠪᠠᠷ ᠮᠤᠩᠭᠤᠯ ᠤᠯᠤᠰ᠎ᠤᠨ ᠳᠤᠰᠠᠭ᠋ᠠᠷ ᠳᠤᠭᠳᠠᠨᠢᠯ᠂ ᠠ᠋ᠷᠭᠡ ᠮᠡᠳᠡᠯ ᠪᠤᠯᠤᠨ ᠨᠤᠳᠤᠭ ᠳᠡᠪᠢᠰᠭᠡᠷ᠎ᠤᠨ ᠪᠦᠷᠢᠨ ᠪᠦᠳᠦᠨ ᠪᠠᠢ᠌ᠬᠤ ᠵᠢ ᠴᠢᠬᠤᠯᠠᠴᠢᠯᠠᠵᠤ᠂ ᠮᠤᠩᠭᠤᠯ ᠤᠯᠤᠰ᠎ᠤᠨ ᠠᠷᠠᠳ ᠳᠦᠮᠡᠨ ᠦᠪᠡᠷᠲᠡᠭᠡᠨ ᠡᠵᠡᠨ ᠮᠡᠳᠡᠵᠤ ᠳᠤᠰ ᠤᠯᠤᠰ᠎ᠤᠨ ᠪᠤᠳᠠᠳᠤ ᠪᠠᠢ᠌ᠳᠠᠯ᠎ᠳᠤ ᠨᠡᠢ᠌ᠴᠡᠭᠰᠡᠨ ᠬᠦᠭᠵᠢᠯᠳᠡ ᠵᠢᠨ ᠵᠠᠮ ᠰᠤᠩᠭᠤᠬᠤ ᠵᠢ ᠬᠦᠨᠳᠤᠳᠭᠡᠨᠠ᠃
ᠬᠤᠶᠠᠷ᠎ᠲᠤ ᠬᠤᠶᠠᠷ ᠳᠠᠯ᠎ᠠ᠎ᠪᠠᠷ ᠵᠶ᠋ᠡᠨ ᠳᠡᠭᠡᠳᠤ ᠳᠠᠪᠬᠤᠷᠭ᠋ᠠᠨ᠎ᠤ ᠬᠠᠷᠢᠯᠴᠠᠭ᠎ᠠ ᠶᠠᠪᠤᠯᠴᠠᠭ᠎ᠠ ᠵᠢ ᠪᠠᠷᠢᠮᠳᠠᠯᠠᠵᠤ᠂ ᠬᠤᠶᠠᠷ ᠤᠯᠤᠰ᠎ᠤᠨ ᠬᠠᠷᠢᠴᠠᠭ᠎ᠠ ᠵᠢ ᠵᠦᠪ ᠵᠠᠮ ᠵᠶ᠋ᠡᠷ ᠳᠠᠭ᠋ᠠᠭᠤᠯᠬᠤ ᠵᠢ ᠰᠠᠨᠠᠯ ᠨᠢᠭᠡᠳᠡᠢ ᠵᠦᠪᠰᠢᠶᠡᠷᠡᠪᠡ᠃ ᠬᠤᠶᠠᠷ ᠳᠠᠯ᠎ᠠ ᠵᠢᠨ ᠵᠠᠰᠠᠭ᠎ᠤᠨ ᠤᠷᠳᠤᠨ᠎ᠤ ᠡᠯ᠎ᠡ ᠰᠠᠯᠠᠭ᠎ᠠ ᠮᠦᠴᠢᠷ᠂ ᠳᠦᠷᠦ ᠵᠢᠨ ᠨᠠᠮ᠂ ᠵᠦᠪᠯᠡᠯᠭᠡᠨ᠎ᠤ ᠬᠤᠷᠠᠯ᠎ᠤᠨ ᠬᠤᠭᠤᠷᠤᠨᠳᠤᠬᠢ ᠶᠠᠪᠤᠯᠴᠠᠭ᠎ᠠ ᠵᠤᠯᠭ᠋ᠠᠯᠴᠠᠭ᠎ᠠ᠎ᠪᠠᠨ ᠴᠢᠩᠭ᠋ᠠᠳᠬᠠᠵᠤ᠂ ᠣᠢ᠌ᠯᠠᠭ᠋ᠠᠯᠴᠠᠭ᠎ᠠ ᠢᠳᠡᠭᠡᠯᠴᠡᠭᠡ᠎ᠪᠠᠨ ᠳᠠᠰᠤᠷᠠᠯᠳᠠ ᠦᠭᠡᠢ ᠨᠡᠮᠡᠭᠳᠡᠬᠦᠯᠦᠨ᠎ᠠ᠃
ᠭᠤᠷᠪᠠ᠎ᠳᠤ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠮᠤᠩᠭᠤᠯ ᠤᠯᠤᠰ᠎ᠤᠨ 《ᠬᠦᠭᠵᠢᠯᠳᠡ ᠵᠢᠨ ᠵᠠᠮ》᠎ᠤᠨ ᠰᠠᠨᠠᠭ᠋ᠠᠴᠢᠯᠠᠭ᠎ᠠ᠎ᠲᠠᠢ ᠠᠪᠴᠠᠯᠳᠤᠭᠤᠯᠵᠤ ᠨᠠᠢ᠌ᠳᠠᠪᠤᠷᠢᠵᠢᠭᠤᠯᠬᠤ ᠵᠢ ᠳᠦᠷᠭᠡᠳᠭᠡᠵᠤ᠂ ᠪᠤᠳᠠᠳᠠᠢ ᠠᠵᠢᠯ᠎ᠤᠨ ᠳᠦᠯᠦᠪᠵᠢᠬᠦᠯᠭᠡ ᠵᠢ ᠶᠠᠷᠢᠯᠴᠠᠨ ᠳᠤᠭᠳᠠᠭ᠋ᠠᠬᠤ ᠵᠢ ᠰᠠᠨᠠᠯ ᠨᠢᠭᠡᠳᠡᠢ ᠵᠦᠪᠰᠢᠶᠡᠷᠡᠪᠡ᠃ ᠬᠤᠶᠠᠷ ᠳᠠᠯ᠎ᠠ᠎ᠪᠠᠷ ᠵᠶ᠋ᠡᠨ ᠳᠤᠮᠳᠠᠳᠤ ᠮᠤᠩᠭᠤᠯ᠎ᠤᠨ ᠴᠢᠯᠦᠭᠡᠳᠤ ᠠᠷᠠᠯᠵᠢᠶᠠᠨ᠎ᠤ ᠵᠦᠪᠳᠡᠯᠴᠡᠭᠡᠷ᠎ᠤᠨ ᠬᠠᠮᠳᠤᠷᠠᠭᠰᠠᠨ ᠪᠤᠯᠤᠮᠵᠢᠳᠤ ᠰᠤᠳᠤᠯᠭ᠋ᠠᠨ᠎ᠢ ᠠ᠋ᠬᠢᠯᠡᠬᠦᠯᠬᠦ ᠵᠢ ᠨᠡᠢ᠌ᠳᠡᠯᠡᠵᠤ᠂ ᠳᠤᠮᠳᠠᠳᠤ ᠮᠤᠩᠭᠤᠯ᠎ᠤᠨ ᠬᠢᠯᠢ ᠠᠯᠤᠰᠯᠠᠭᠰᠠᠨ ᠠᠵᠤ ᠠᠬᠤᠢ ᠵᠢᠨ ᠬᠠᠮᠳᠤᠷᠠᠯᠴᠠᠭ᠋ᠠᠨ᠎ᠤ ᠳᠤᠭᠤᠷᠢᠭ᠎ᠤᠨ ᠵᠠᠰᠠᠭ᠎ᠤᠨ ᠤᠷᠳᠤᠨ᠎ᠤ ᠬᠤᠭᠤᠷᠤᠨᠳᠤᠬᠢ ᠵᠦᠪᠳᠡᠯᠴᠡᠭᠡᠷ᠎ᠢ ᠳᠦᠷᠭᠡᠨ ᠵᠦᠪᠳᠡᠨ ᠳᠤᠭᠳᠠᠭ᠋ᠠᠬᠤ ᠵᠢ ᠵᠦᠪᠰᠢᠶᠡᠷᠡᠪᠡ᠃
ᠳᠦᠷᠪᠡ᠎ᠳᠤ ᠬᠤᠶᠠᠷ ᠳᠠᠯ᠎ᠠ᠎ᠪᠠᠷ ᠵᠶ᠋ᠡᠨ ᠪᠤᠳᠠᠳᠠᠢ ᠵᠢ ᠠ᠋ᠷᠬᠢᠮᠯᠡᠭᠰᠡᠨ ᠬᠠᠷᠢᠯᠴᠠᠨ ᠠᠰᠢᠭᠳᠠᠢ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠵᠤ᠂ 2020 ᠤᠨ᠎ᠳᠤ ᠬᠤᠶᠠᠷ ᠤᠯᠤᠰ᠎ᠤᠨ ᠠᠷᠠᠯᠵᠢᠶᠠᠨ᠎ᠤ ᠲᠣᠭ᠎ᠠ ᠵᠢ 100 ᠳ᠋ᠦᠩᠰᠢᠭᠤᠷ ᠳ᠋ᠤᠯᠯᠠᠷ᠎ᠲᠤ ᠬᠦᠷᠭᠡᠬᠦ ᠬᠠᠷᠠᠯᠳᠠ ᠵᠢ ᠴᠢᠷᠮᠠᠢ᠌ᠨ ᠪᠡᠶᠡᠯᠡᠬᠦᠯᠬᠦ ᠵᠢ ᠰᠠᠨᠠᠯ ᠨᠢᠭᠡᠳᠡᠢ ᠵᠦᠪᠰᠢᠶᠡᠷᠡᠪᠡ᠃ ᠳᠤᠮᠳᠠᠳᠤ ᠤᠯᠤᠰ᠎ᠠᠴᠠ ᠳᠡᠮᠵᠢᠨ ᠪᠠᠢ᠌ᠭᠤᠯᠵᠤ ᠪᠠᠢ᠌ᠭ᠎ᠠ ᠤᠯᠠᠭ᠋ᠠᠨᠪᠠᠭ᠋ᠠᠳᠤᠷᠲᠠᠬᠢ ᠪᠤᠬᠢᠷ ᠤᠰᠤ ᠵᠢ ᠰᠢᠢ᠍ᠳᠪᠤᠷᠢᠯᠡᠬᠦ ᠦᠢ᠍ᠯᠡᠳᠪᠤᠷᠢ ᠵᠢᠨ ᠳᠦᠷᠦᠯ ᠵᠦᠢ᠍ᠯ ᠴᠢᠬᠤᠯᠠ ᠶᠡᠭᠡ ᠠᠬᠢᠴᠠ᠎ᠲᠠᠢ ᠪᠤᠯᠵᠤ᠂ ᠵᠢᠯ᠎ᠤᠨ ᠳᠤᠳᠤᠷ᠎ᠠ ᠪᠠᠷᠢᠯᠭ᠎ᠠ ᠵᠢᠨ ᠠᠵᠢᠯ ᠵᠶ᠋ᠡᠨ ᠠ᠋ᠬᠢᠯᠡᠬᠦᠯᠦᠨᠡ᠃ ᠳᠤᠮᠳᠠᠳᠤ ᠤᠯᠤᠰ᠎ᠠᠴᠠ ᠳᠡᠮᠵᠢᠨ ᠪᠠᠢ᠌ᠭᠤᠯᠬᠤ ᠭᠡᠵᠤ ᠪᠠᠢ᠌ᠭ᠎ᠠ ᠮᠤᠩᠭᠤᠯ ᠤᠯᠤᠰ᠎ᠤᠨ ᠳᠦᠬᠦᠮ ᠪᠦᠳᠦᠴᠡᠳᠤ ᠤᠷᠤᠨ ᠰᠠᠭᠤᠴᠠ ᠵᠢ ᠬᠠᠯᠠᠨ ᠰᠠᠢ᠌ᠵᠢᠷᠠᠭᠤᠯᠬᠤ ᠠᠵᠢᠯ᠎ᠨᠢ ᠳᠦᠷᠦᠯ ᠵᠦᠢ᠍ᠯ ᠳᠤᠭᠳᠠᠭ᠋ᠠᠬᠤ ᠱᠠᠳᠤᠨ᠎ᠳᠤ ᠤᠷᠤᠵᠤ᠂ ᠳᠠᠷᠠᠭ᠎ᠠ ᠵᠢᠯ᠎ᠠᠴᠠ ᠠ᠋ᠬᠢᠯᠡᠨ ᠪᠦᠳᠦᠭᠡᠨ ᠪᠠᠢ᠌ᠭᠤᠯᠬᠤ ᠪᠤᠯᠤᠨ᠎ᠠ᠃ ᠬᠤᠶᠠᠷ ᠤᠯᠤᠰ᠎ᠤᠨ ᠪᠤᠭᠤᠮᠳᠠ ᠵᠢᠨ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠤᠨ ᠠᠬᠢᠴᠠ ᠴᠤ᠌ ᠳᠦᠷᠭᠡᠨ ᠪᠤᠯᠤᠭᠰᠠᠨ ᠪᠠᠢ᠌ᠨ᠎ᠠ᠃ ᠠ᠋ᠬᠦᠨ᠎ᠠᠴᠠ ᠭᠠᠳᠠᠨ᠎ᠠ ᠳᠤᠮᠳᠠᠳᠤ ᠵᠢᠨ᠎ᠬᠢᠨ ᠮᠤᠩᠭᠤᠯ ᠤᠯᠤᠰ᠎ᠤᠨ ᠮᠠᠯ᠎ᠤᠨ ᠠᠰᠢᠭ ᠰᠢᠮ᠎ᠠ ᠵᠢᠨ ᠪᠦᠳᠦᠭᠡᠭᠳᠡᠬᠦᠨ᠂ ᠠᠭᠤᠷᠬᠠᠢ ᠵᠢᠨ ᠪᠦᠳᠦᠭᠡᠭᠳᠡᠬᠦᠨ ᠵᠶ᠋ᠡᠨ ᠳᠤᠮᠳᠠᠳᠤ ᠤᠯᠤᠰ᠎ᠲᠤ ᠭᠠᠷᠭ᠋ᠠᠬᠤ ᠭᠡᠮᠵᠢᠶ᠎ᠡ᠎ᠪᠠᠨ ᠶᠡᠭᠡᠰᠭᠡᠬᠦ ᠬᠦᠰᠡᠯ ᠠ᠋ᠷᠡᠮᠡᠯᠵᠡᠯ᠎ᠢ ᠪᠤᠳᠤᠯᠬᠢᠯᠠᠵᠤ᠂ ᠬᠢᠯᠢ ᠳᠠᠪᠠᠨ ᠵᠦᠭᠡᠭᠡᠵᠤ ᠳᠡᠭᠡᠭᠡᠪᠤᠷᠢᠯᠡᠬᠦ ᠵᠡᠷᠭᠡ ᠳᠠᠯᠠᠳᠤ ᠦᠷᠬᠦᠯᠵᠢᠯᠡᠨ ᠳᠦᠬᠦᠮ ᠦᠵᠡᠬᠦᠯᠬᠦ᠎ᠪᠠᠷ ᠪᠠᠢ᠌ᠨ᠎ᠠ᠃
ᠳᠠᠪᠤ᠎ᠳᠤ ᠬᠤᠶᠠᠷ ᠳᠠᠯ᠎ᠠ᠎ᠪᠠᠷ ᠵᠶ᠋ᠡᠨ ᠳᠠᠷᠠᠭ᠎ᠠ ᠵᠢᠯ᠎ᠳᠤ ᠪᠤᠯᠬᠤ ᠬᠤᠶᠠᠷ ᠤᠯᠤᠰ᠎ᠤᠨ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ 70 ᠵᠢᠯ᠎ᠤᠨ ᠤᠢ ᠵᠢ ᠪᠡᠯᠭᠡᠯᠡᠬᠦ ᠬᠤᠯᠪᠤᠭᠳᠠᠯ ᠪᠦᠬᠦᠢ ᠠᠵᠢᠯᠯᠠᠭ᠎ᠠ ᠵᠢᠨ ᠪᠡᠯᠡᠳᠭᠡᠯ ᠠᠵᠢᠯ᠎ᠢ ᠠ᠋ᠬᠢᠯᠡᠬᠦᠯᠵᠤ᠂ ᠵᠠᠰᠠᠭ᠎ᠤᠨ ᠤᠷᠳᠤᠨ᠎ᠤ ᠬᠤᠭᠤᠷᠤᠨᠳᠤ ᠤᠢ᠌ᠯᠠᠭ᠋ᠠᠯᠴᠠᠬᠤ ᠰᠠᠨᠠᠮᠵᠢ ᠵᠢᠨ ᠪᠢᠴᠢᠭ ᠳᠤᠭᠳᠠᠬᠤ ᠵᠢ ᠰᠠᠨᠠᠯ ᠨᠢᠭᠡᠳᠡᠢ ᠵᠦᠪᠰᠢᠶᠡᠷᠡᠪᠡ᠃ ᠪᠢᠳᠠ ᠳᠤᠮᠳᠠᠳᠤ ᠮᠤᠩᠭᠤᠯ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠬᠠᠮᠳᠤ ᠵᠢᠨ ᠵᠦᠪᠯᠡᠯ᠎ᠤᠨ ᠳᠠᠪᠴᠠᠩ᠎ᠢ ᠠᠰᠢᠭᠯᠠᠨ᠂ ᠰᠤᠶᠤᠯ᠂ ᠰᠤᠷᠭ᠋ᠠᠨ ᠬᠦᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠵᠠᠯᠠᠭᠤᠴᠤᠳ ᠪᠠᠭ᠋ᠠᠴᠤᠳ ᠵᠡᠷᠭᠡ ᠵᠢᠨ ᠶᠠᠪᠤᠯᠴᠠᠭ᠎ᠠ ᠰᠤᠯᠢᠯᠴᠠᠭ᠎ᠠ ᠵᠢ ᠢᠳᠡᠪᠬᠢᠳᠡᠢ ᠦᠷᠨᠢᠬᠦᠯᠦᠨ᠎ᠠ᠃ ᠳᠤᠮᠳᠠᠳᠤ ᠵᠢᠨ᠎ᠬᠢᠨ ᠱᠠᠩᠬᠠᠢ᠎ᠳᠤ ᠮᠤᠩᠭᠤᠯ ᠤᠯᠤᠰ᠎ᠤᠨ ᠶᠡᠷᠦᠩᠭᠡᠢ ᠠ᠋ᠯᠴᠢᠨᠤ ᠭᠠᠵᠠᠷ ᠭᠠᠷᠭ᠋ᠠᠵᠤ᠂ ᠮᠠᠨᠵᠤᠤᠷ᠎ᠲᠤ ᠠ᠋ᠯᠴᠢᠨᠤ ᠭᠠᠵᠠᠷ ᠭᠠᠷᠭ᠋ᠠᠬᠤ ᠵᠢ ᠵᠦᠪᠰᠢᠶᠡᠷᠡᠨ᠎ᠠ᠃ ᠬᠤᠶᠠᠷ ᠳᠠᠯ᠎ᠠ᠎ᠪᠠᠷ ᠵᠶ᠋ᠡᠨ ᠴᠢᠷᠮᠠᠢ᠌ᠵᠤ ᠪᠠᠢ᠌ᠭ᠋ᠠᠳ ᠵᠢᠯ ᠪᠦᠷᠢ 300 ᠳᠦᠮᠡᠨ ᠬᠦᠮᠦᠨ (ᠤᠳᠠᠭ᠎ᠠ) ᠨᠠᠭ᠋ᠠᠰᠢ ᠴᠠᠭ᠋ᠠᠰᠢ ᠶᠠᠪᠤᠬᠤ ᠬᠠᠷᠠᠯᠳᠠ ᠵᠢ ᠪᠡᠶᠡᠯᠡᠬᠦᠯᠦᠨ᠎ᠠ᠃
ᠵᠢᠷᠭᠤᠭ᠎ᠠ᠎ᠳᠤ ᠬᠤᠶᠠᠷ ᠳᠠᠯ᠎ᠠ᠎ᠪᠠᠷ ᠵᠶ᠋ᠡᠨ ᠳᠤᠮᠳᠠᠳᠤ ᠮᠤᠩᠭᠤᠯ ᠤᠷᠤᠰ᠎ᠤᠨ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠳᠤᠮᠳᠠᠳᠤ ᠮᠤᠩᠭᠤᠯ ᠤᠷᠤᠰ᠎ᠤᠨ ᠠᠵᠤ ᠠᠬᠤᠢ ᠵᠢᠨ ᠬᠤᠩᠬᠢᠯ᠎ᠤᠨ ᠪᠦᠳᠦᠭᠡᠨ ᠪᠠᠢ᠌ᠭᠤᠯᠤᠯᠳᠠ ᠵᠢ ᠳᠦᠷᠭᠡᠳᠭᠡᠨ᠂ ᠳᠤᠰ ᠭᠠᠵᠠᠷ ᠤᠷᠤᠨ᠎ᠤ ᠬᠦᠭᠵᠢᠯ ᠮᠠᠨᠳᠤᠯ᠎ᠢ ᠠᠬᠢᠭᠤᠯᠬᠤ ᠵᠢ ᠰᠠᠨᠠᠯ ᠨᠢᠭᠡᠳᠡᠢ ᠵᠦᠪᠰᠢᠶᠡᠷᠡᠪᠡ᠃ ᠳᠤᠮᠳᠠᠳᠤ ᠵᠢᠨ᠎ᠬᠢᠨ ᠮᠤᠩᠭᠤᠯ ᠤᠯᠤᠰ᠎ᠤᠨ ᠤᠯᠠᠨ ᠤᠯᠤᠰ ᠪᠤᠯᠤᠨ ᠭᠠᠵᠠᠷ ᠤᠷᠤᠨ᠎ᠤ ᠭᠡᠷᠡᠭ ᠶᠠᠪᠤᠳᠠᠯ᠎ᠳᠤ ᠢᠳᠡᠪᠬᠢᠳᠡᠢ ᠤᠷᠤᠯᠴᠠᠬᠤ ᠵᠢ ᠳᠡᠮᠵᠢᠨ᠂ ᠬᠠᠮᠳᠤ᠎ᠪᠠᠷ ᠴᠢᠷᠮᠠᠢ᠌ᠵᠤ ᠵᠡᠬᠦᠨ ᠬᠤᠢ᠌ᠳᠤ ᠠᠽᠢᠶ᠎ᠡ ᠵᠢᠴᠢ ᠳᠡᠯᠡᠭᠡᠢ ᠵᠢᠨ ᠳᠠᠢ᠌ᠪᠤᠩ ᠳᠤᠭᠳᠠᠭᠤᠨ ᠬᠦᠭᠵᠢᠯᠳᠡ᠎ᠳᠤ ᠪᠦᠳᠦᠭᠡᠨ ᠪᠠᠢ᠌ᠭᠤᠯᠤᠯᠳᠠ ᠵᠢᠨ ᠴᠢᠨᠠᠷᠲᠠᠢ ᠦᠢ᠍ᠯᠡᠳᠤᠯ ᠦᠵᠡᠬᠦᠯᠦᠨ᠎ᠡ᠃
ᠳᠤᠯᠤᠭ᠎ᠠ᠎ᠳᠤ ᠬᠤᠶᠠᠷ ᠳᠠᠯ᠎ᠠ᠎ᠪᠠᠷ ᠵᠶ᠋ᠡᠨ ᠤᠯᠠᠨ ᠤᠯᠤᠰ᠎ᠤᠨ ᠨᠡᠢ᠌ᠳᠡ ᠵᠢᠨ ᠵᠢᠷᠤᠮ ᠪᠤᠯᠤᠨ ᠬᠦᠭᠵᠢᠵᠤ ᠪᠠᠢ᠌ᠭ᠎ᠠ ᠤᠯᠤᠰ᠎ᠤᠨ ᠪᠦᠬᠦᠯᠢ ᠴᠤᠭᠴᠠ ᠵᠢᠨ ᠠᠰᠢᠭ ᠳᠤᠰᠠ ᠵᠢ ᠬᠠᠮᠠᠭ᠋ᠠᠯᠠᠵᠤ᠂ ᠬᠠᠮᠳᠤ᠎ᠪᠠᠷ ᠤᠯᠠᠨ ᠳᠠᠯᠠᠳᠤ ᠦᠵᠡᠯ᠂ ᠪᠦᠬᠦ ᠪᠦᠮᠪᠦᠷᠴᠡᠭ᠎ᠤᠨ ᠴᠢᠯᠦᠭᠡᠳᠤ ᠠᠷᠠᠯᠵᠢᠶᠠᠨ᠎ᠤ ᠳᠦᠷᠢᠮ ᠪᠤᠯᠤᠨ ᠳᠠᠯᠠᠭᠡᠢ ᠵᠢᠨ ᠠᠷᠠᠯᠵᠢᠶᠠᠨ᠎ᠤ ᠳᠦᠷᠢᠮ᠎ᠢ ᠬᠠᠮᠠᠭ᠋ᠠᠯᠠᠬᠤ ᠵᠢ ᠰᠠᠨᠠᠯ ᠨᠢᠭᠡᠳᠡᠢ ᠵᠦᠪᠰᠢᠶᠡᠷᠡᠪᠡ᠃