ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠵᠤᠤ ᠺᠸ ᡁᠢ ᠠ᠋ᠾᠸᠨᠠᠨ᠎ᠳᠤ ᠬᠦᠷᠴᠤ ᠤᠯᠤᠰ᠎ᠤᠨ ᠪᠠᠶᠠᠷ᠎ᠤᠨ ᠬᠤᠭᠤᠴᠠᠭ᠋ᠠᠨ᠎ᠤ ᠠᠮᠤᠷ ᠳᠦᠪᠰᠢᠨ᠎ᠤ ᠠᠵᠢᠯ᠎ᠢ ᠪᠠᠢ᠌ᠴᠠᠭ᠋ᠠᠨ ᠵᠢᠯᠤᠭᠤᠳᠪᠠ
ᠨᠡᠶᠢᠲᠡᠯᠡᠭᠰᠡᠨ ᠴᠠᠭ᠄ 2018-11-27

             
      ᠳᠦᠷᠦ ᠵᠢᠨ ᠶᠠᠪᠤᠳᠠᠯ᠎ᠤᠨ ᠭᠡᠰᠢᠬᠦᠨ᠂ ᠳᠤᠳᠤᠭ᠋ᠠᠳᠤ ᠵᠢ ᠬᠠᠮᠠᠭ᠋ᠠᠯᠠᠬᠤ ᠶᠠᠮᠤᠨ᠎ᠤ ᠰᠠᠢ᠌ᠳ ᠵᠤᠤ ᠺᠸ ᡁᠢ 10 ᠳ᠋ᠤᠭ᠋ᠠᠷ ᠰᠠᠷ᠎ᠠ ᠵᠢᠨ 3᠎ᠤ ᠠ᠋ᠳᠤᠷ᠎ᠠᠴᠠ 5᠎ᠤ ᠠ᠋ᠳᠤᠷ ᠪᠤᠯᠳᠠᠯ᠎ᠠ ᠠ᠋ᠾᠸᠨᠠᠨ ᠮᠤᠵᠢ᠎ᠪᠠᠷ ᠬᠦᠨᠵᠡᠭᠡᠢ᠌ᠷᠡᠨ ᠤᠯᠤᠰ᠎ᠤᠨ ᠪᠠᠶᠠᠷ᠎ᠤᠨ ᠠᠮᠠᠷᠠᠯᠳᠠ ᠵᠢᠨ ᠬᠤᠭᠤᠴᠠᠭ᠋ᠠᠨ᠎ᠤ ᠠᠮᠤᠷ ᠳᠦᠪᠰᠢᠨ᠎ᠤ ᠠᠵᠢᠯ᠎ᠢ ᠪᠠᠢ᠌ᠴᠠᠭ᠋ᠠᠨ ᠵᠢᠯᠤᠭᠤᠳᠴᠠᠢ᠃
      ᠵᠤᠤ ᠺᠸ ᡁᠢ ᠤᠷᠢᠳ ᠬᠤᠵᠢᠳ ᠠ᠋ᠾᠸᠨᠠᠨ ᠮᠤᠵᠢ ᠵᠢᠨ ᠵᠸᠩᠵᠸᠤ ᠬᠤᠳᠠ᠂ ᠨᠠᠨᠶᠠᠩ ᠬᠤᠳᠠ ᠵᠢᠨ ᠦᠨᠳᠦᠰᠤᠨ ᠱᠠᠳᠤᠨ᠎ᠤ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠤᠮᠵᠢ ᠪᠤᠯᠤᠨ ᠠᠵᠤ ᠠᠬᠤᠢ᠌ᠯᠠᠯ᠂ ᠨᠡᠢ᠌ᠭᠡᠮ ᠳᠤᠭᠤᠷᠢᠭ᠎ᠲᠤ ᠬᠦᠷᠴᠤ᠂ ᠳᠤᠬᠠᠢ ᠵᠢᠨ ᠭᠠᠵᠠᠷ᠎ᠤᠨ ᠤᠯᠤᠰ᠎ᠤᠨ ᠪᠠᠶᠠᠷ᠎ᠤᠨ ᠬᠤᠭᠤᠴᠠᠭ᠋ᠠᠨ᠎ᠤ ᠠᠮᠤᠷ ᠳᠦᠪᠰᠢᠨ᠎ᠢ ᠬᠠᠮᠠᠭ᠋ᠠᠯᠠᠬᠤ ᠠᠷᠭ᠎ᠠ ᠭᠡᠮᠵᠢᠶ᠎ᠡ ᠵᠢᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ᠂ ᠠᠵᠢᠯ᠎ᠤᠨ ᠪᠠᠢ᠌ᠷᠢ᠎ᠪᠠᠨ ᠰᠠᠬᠢᠵᠤ ᠪᠠᠢ᠌ᠭ᠎ᠠ ᠨᠢᠭᠡᠳᠦᠭᠡᠷ ᠹᠷᠤᠨᠲ᠎ᠤᠨ ᠦᠷᠭᠡᠨ ᠤᠯᠠᠨ ᠳᠤᠳᠤᠭ᠋ᠠᠳᠤ ᠵᠢ ᠬᠠᠮᠠᠭ᠋ᠠᠯᠠᠬᠤ ᠴᠠᠭᠳᠠᠭ᠎ᠠ ᠪᠤᠯᠤᠨ ᠴᠠᠭᠳᠠᠭ᠋ᠠᠨ᠎ᠤ ᠶᠠᠪᠤᠳᠠᠯ᠎ᠤᠨ ᠬᠠᠪᠰᠤᠷᠤᠭᠴᠢ ᠵᠢ ᠪᠤᠯᠭᠤᠭ᠋ᠠᠨ ᠳᠤᠬᠤᠨᠢᠭᠤᠯᠪᠠ᠃ ᠳᠡᠷᠡ᠂ ᠴᠠᠭᠳᠠᠨ ᠪᠠᠢ᠌ᠴᠠᠭ᠋ᠠᠵᠤ ᠰᠡᠷᠭᠡᠢ᠌ᠯᠡᠯᠲᠡ ᠵᠢ ᠡᠵᠡᠮᠳᠡᠬᠦ᠎ᠪᠠᠨ ᠪᠦᠬᠦ ᠳᠠᠯ᠎ᠠ᠎ᠪᠠᠷ ᠴᠢᠩᠭ᠋ᠠᠳᠬᠠᠨ᠂ 《1 .2 . 3. 5 ᠮᠢᠨᠣᠢ᠍ᠲ》᠎ᠤᠨ ᠳᠦᠷᠭᠡᠨ ᠬᠦᠳᠡᠯᠦᠯᠴᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠳᠦᠷᠭᠡᠨ ᠬᠦᠳᠡᠯᠣᠯᠴᠡᠬᠦ ᠳᠤᠭᠳᠠᠴᠠ ᠪᠤᠯᠤᠨ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠭᠡᠯ ᠳᠦᠰᠦᠪ ᠵᠶ᠋ᠡᠨ ᠳᠠᠰᠤᠷᠠᠯᠳᠠ ᠦᠭᠡᠢ ᠳᠡᠬᠦᠯᠳᠡᠷᠵᠢᠬᠦᠯᠦᠨ᠂ ᠭᠡᠨᠡᠳᠳᠡ ᠵᠢᠨ ᠭᠡᠷᠡᠭ᠎ᠲᠤ ᠳᠠᠷᠤᠢ ᠳᠦᠷᠭᠡᠨ ᠬᠦᠳᠡᠯᠣᠯᠴᠡᠵᠤ ᠵᠤᠬᠢᠰᠳᠠᠢ ᠰᠢᠢ᠍ᠳᠪᠤᠷᠢᠯᠡᠬᠦ ᠵᠢ ᠪᠠᠳᠤᠯᠠᠵᠤ᠂ ᠠᠷᠠᠳ ᠤᠯᠠᠨ᠎ᠤ ᠠᠮᠤᠷ ᠳᠦᠪᠰᠢᠨ᠎ᠤ ᠳᠦᠷᠦᠭᠳᠡᠯ᠎ᠢ ᠦᠨᠡᠨᠬᠦ ᠨᠡᠮᠡᠭᠳᠡᠬᠦᠯᠬᠦ ᠭᠡᠷᠡᠭᠳᠡᠢ᠃ ᠠᠮᠤᠷ ᠳᠦᠪᠰᠢᠨ ᠪᠠᠢ᠌ᠳᠠᠯ᠎ᠳᠤ ᠠᠶᠤᠯ ᠳᠦᠭᠰᠢᠬᠦᠷᠢ ᠵᠢ ᠮᠠᠷᠳᠠᠬᠤ ᠦᠭᠡᠢ᠎ᠪᠠᠷ ᠪᠠᠢ᠌ᠯᠳᠤᠬᠤ ᠪᠤᠳᠤᠯᠭ᠎ᠠ ᠵᠢᠨ ᠬᠦᠴᠦᠨ ᠵᠶ᠋ᠡᠨ ᠪᠠᠳᠤᠯᠠᠵᠤ᠂ ᠬᠦᠴᠦᠷᠭᠡᠭᠯᠡᠯ ᠰᠦᠷᠳᠡᠬᠦᠯᠦᠯ᠎ᠤᠨ ᠠᠶᠤᠯ ᠳᠦᠭᠰᠢᠬᠦᠷᠢ ᠵᠢ ᠴᠢᠩᠭ᠎ᠠ ᠰᠡᠷᠭᠡᠢ᠌ᠯᠡᠨ᠂ ᠦᠨᠳᠦᠰᠦᠳᠡᠨ᠎ᠤ ᠪᠦᠯᠬᠦᠮᠳᠡᠯ᠎ᠢ ᠭᠣᠢ᠌ᠪᠢᠰᠢ ᠦᠭᠡᠢ᠎ᠪᠠᠷ ᠬᠠᠮᠠᠭ᠋ᠠᠯᠠᠵᠤ᠂ ᠤᠯᠤᠰ ᠬᠦᠷᠤᠨ᠎ᠤ ᠠᠮᠤᠷ ᠳᠦᠪᠰᠢᠨ ᠪᠤᠯᠤᠨ ᠨᠡᠢ᠌ᠭᠡᠮ᠎ᠤᠨ ᠳᠤᠭᠳᠠᠭᠤᠨ ᠪᠠᠢ᠌ᠳᠠᠯ᠎ᠢ ᠦᠨᠡᠨᠬᠦ ᠬᠠᠮᠠᠭ᠋ᠠᠯᠠᠬᠤ ᠭᠡᠷᠡᠭᠳᠡᠢ᠃ ᠰᠢᠨ᠎ᠠ ᠴᠠᠭ ᠦᠶ᠎ᠡ ᠵᠢᠨ 《ᠹᠸᠩ ᠴᠢᠶᠤᠤ ᠵᠢᠨ ᠵᠤᠷᠢᠭ ᠰᠠᠨᠠᠭ᠎ᠠ》 ᠵᠢ ᠪᠠᠷᠢᠮᠳᠠᠯᠠᠨ ᠬᠦᠭᠵᠢᠬᠦᠯᠵᠤ᠂ ᠤᠯᠠᠨ ᠳᠦᠮᠡᠨ᠎ᠢ ᠬᠦᠢ᠍ᠴᠡᠳ ᠳᠠᠢ᠌ᠴᠢᠯᠠᠨ ᠤᠯᠠᠨ ᠳᠦᠮᠡᠨ᠎ᠢ ᠳᠦᠰᠢᠭᠯᠡᠵᠤ᠂ ᠨᠡᠢ᠌ᠭᠡᠮ᠎ᠤᠨ ᠠᠮᠤᠷ ᠳᠤᠭᠳᠠᠭᠤᠨ᠎ᠢ ᠬᠠᠮᠳᠤᠪᠠᠷ ᠬᠠᠮᠠᠭ᠋ᠠᠯᠠᠬᠤ ᠭᠡᠷᠡᠭᠳᠡᠢ᠃ ᠨᠡᠮ ᠪᠤᠯᠤᠨ ᠠᠷᠠᠳ ᠳᠦᠮᠡᠨ᠎ᠳᠤ ᠳᠡᠭᠡᠳᠤ ᠭᠡᠮᠵᠢᠶ᠎ᠡ᠎ᠪᠠᠷ ᠬᠠᠷᠢᠭᠤᠴᠠᠬᠤ ᠤᠪᠤᠷ᠎ᠢ ᠪᠠᠷᠢᠮᠳᠠᠯᠠᠨ᠂ ᠶᠠᠳᠠᠷᠠᠯ ᠵᠦᠳᠡᠷᠡᠯ᠎ᠠᠴᠠ ᠬᠠᠯᠠᠰᠢᠷᠠᠬᠤ ᠦᠭᠡᠢ᠎ᠪᠠᠷ ᠦᠷᠬᠦᠯᠵᠢᠯᠡᠨ ᠪᠠᠢ᠌ᠯᠳᠤᠬᠤ ᠰᠢᠯᠢᠳᠡᠭ ᠰᠤᠷᠳᠠᠯ᠎ᠢ ᠪᠠᠳᠠᠷᠠᠭᠤᠯᠵᠤ᠂ ᠣᠯᠣᠰ᠎ᠤᠨ ᠪᠠᠶᠠᠷ᠎ᠤᠨ ᠬᠤᠭᠤᠴᠠᠭ᠋ᠠᠨ᠎ᠤ ᠠᠮᠤᠷ ᠳᠦᠪᠰᠢᠨ᠎ᠢ ᠬᠠᠮᠠᠭ᠋ᠠᠯᠠᠬᠤ ᠠᠵᠢᠯ᠎ᠤᠨ ᠠ᠋ᠬᠦᠷᠭᠡ᠎ᠪᠠᠨ ᠳᠡᠬᠦᠰ ᠠᠮᠵᠢᠯᠳᠠ᠎ᠲᠠᠢ ᠪᠠᠶᠠᠯᠡᠬᠦᠯᠬᠦ ᠭᠡᠷᠡᠭᠳᠡᠢ ᠭᠡᠵᠤ ᠱᠠᠭ᠋ᠠᠷᠳᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠵᠶ᠋ᠡᠷ ᠭᠠᠢ᠌ᠯᠢ ᠪᠤᠴᠠᠭ᠋ᠠᠬᠤ ᠵᠢ ᠳᠦᠷᠭᠡᠳᠭᠡᠬᠦ ᠪᠠ ᠳᠦᠬᠦᠮ ᠪᠦᠳᠦᠴᠡᠳᠤ ᠭᠡᠷ ᠤᠷᠤᠨ᠎ᠢ ᠦᠭᠡᠷᠡᠴᠢᠯᠠᠨ ᠰᠠᠢ᠌ᠵᠢᠷᠠᠭᠤᠯᠬᠤ ᠵᠢ ᠳᠦᠷᠭᠡᠨ ᠠᠬᠢᠭᠤᠯᠬᠤ᠎ᠪᠠᠷ ᠳᠤᠭᠳᠠᠭ᠋ᠠᠵᠠᠢ
ᠸᠠᠩ ᠢ᠄ ᠬᠠᠮᠳᠤᠷᠠᠯᠴᠠᠨ ᠬᠠᠮᠳᠤᠪᠠᠷ ᠠᠰᠢᠭ ᠤᠯᠬᠤ ᠵᠦᠪ ᠵᠠᠮ᠎ᠢ ᠪᠠᠷᠢᠮᠳᠠᠯᠠᠨ ᠮᠦᠷᠬᠦᠯᠳᠦᠵᠤ ᠠ᠋ᠰᠡᠷᠬᠦᠴᠡᠯᠳᠦᠬᠦ ᠭᠠᠵᠢᠭᠤ ᠵᠠᠮ᠎ᠳᠤ ᠤᠷᠤᠬᠤ ᠦᠭᠡᠢ ᠪᠡᠢ᠌ᠬᠤ ᠭᠡᠷᠡᠭᠳᠡᠢ
ᠯᠢ ᠺᠸ ᠴᠢᠶᠠᠩ 8 ᠠ᠋ᠳᠤᠷ᠎ᠤᠨ ᠳᠤᠳᠤᠷ᠎ᠠ ᠭᠠᠳᠠᠭ᠋ᠠᠳᠤ ᠠᠷᠠᠯᠵᠢᠶ᠎ᠠ ᠵᠢ ᠨᠡᠮᠡᠭᠳᠡᠬᠦᠯᠬᠦ ᠪᠡ ᠪᠤᠭᠤᠮᠳᠠ ᠦᠩᠭᠡᠷᠡᠬᠦ ᠵᠢ ᠳᠦᠬᠦᠮᠴᠢᠯᠠᠬᠦ ᠠᠵᠢᠯ᠎ᠢ ᠬᠤᠶᠠᠷᠳᠠ ᠪᠠᠢ᠌ᠷᠢᠯᠠᠭᠤᠯᠪᠠ
ᠯᠢ ᠺᠸ ᠴᠢᠶᠠᠩ᠄ ᠭᠠᠳᠠᠭ᠋ᠠᠳᠤ ᠵᠢᠨ ᠠᠷᠠᠯᠵᠢᠶᠠᠴᠢᠨ ᠪᠡᠯᠡ ᠤᠷᠤᠭᠤᠯᠬᠤ ᠴᠢᠬᠤᠯᠠ ᠳᠦᠷᠦᠯ ᠵᠦᠢ᠍ᠯ᠎ᠢ ᠳᠦᠷᠭᠡᠨ ᠨᠠᠢ᠌ᠳᠠᠪᠤᠷᠢᠵᠢᠭᠤᠯᠬᠤ ᠭᠡᠷᠡᠭᠳᠡᠢ
ᠯᠢ ᠺᠸ ᠴᠢᠶᠠᠩ᠄ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠠᠴᠠ ᠳᠤᠮᠳᠠᠳᠤ ᠤᠯᠤᠰ᠎ᠲᠤ ᠠᠵᠢᠯᠯᠠᠵᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠳᠤ ᠳᠦᠬᠦᠮ ᠦᠵᠡᠬᠦᠯᠦᠨ᠎ᠡ
 
            