ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ ᠶᠠᠫᠤᠨ᠎ᠤ ᠠᠵᠤ ᠠᠬᠤᠢ ᠵᠢᠨ᠎ᠬᠢᠨ᠎ᠤ ᠳᠦᠯᠦᠭᠡᠯᠡᠭᠴᠢ ᠵᠢᠨ ᠪᠦᠯᠬᠦᠮ᠎ᠲᠠᠢ ᠠᠭᠤᠯᠵᠠᠬᠤ᠎ᠳᠤ᠎ᠪᠠᠨ ᠳᠤᠮᠳᠠᠳᠤ ᠶᠠᠫᠤᠨ ᠺᠤᠷᠢᠶᠠ ᠵᠢᠨ ᠴᠢᠯᠦᠭᠡᠳᠤ ᠠᠷᠠᠯᠵᠢᠶᠠᠨ᠎ᠤ ᠤᠷᠤᠨ ᠪᠤᠯᠤᠨ RCEP ᠵᠦᠪᠳᠡᠯᠴᠡᠭᠡᠷ᠎ᠢ ᠢᠳᠡᠪᠬᠢᠳᠡᠢ ᠠᠬᠢᠭᠤᠯᠤᠨ᠎ᠠ ᠭᠡᠪᠡ
ᠨᠡᠶᠢᠲᠡᠯᠡᠭᠰᠡᠨ ᠴᠠᠭ᠄ 2018-11-27

               
     9 ᠳ᠋ᠤᠭᠡᠷ ᠰᠠᠷ᠎ᠠ ᠵᠢᠨ 12᠎ᠤᠨ ᠠ᠋ᠳᠤᠷ ᠶᠠᠷᠦᠩᠭᠡᠢ ᠰᠠᠢ᠌ᠳ ᠯᠢ ᠺᠸ ᠴᠢᠶᠠᠩ ᠶᠠᠫᠤᠨ᠎ᠤ ᠠᠵᠤ ᠠᠬᠤᠢ ᠵᠢᠨ᠎ᠬᠢᠨ᠎ᠤ ᠳᠦᠯᠦᠭᠡᠯᠡᠭᠴᠢ ᠵᠢᠨ ᠪᠦᠯᠬᠦᠮ᠎ᠲᠠᠢ ᠠᠭᠤᠯᠵᠠᠬᠤ᠎ᠳᠤ᠎ᠪᠠᠨ ᠳᠤᠮᠳᠠᠳᠤ ᠵᠢᠨ᠎ᠬᠢᠨ ᠳᠤᠷᠠᠳᠠᠶ᠎ᠠ ᠶᠠᠫᠤᠨ᠎ᠢ ᠪᠠᠭᠳᠠᠭ᠋ᠠᠭᠰᠠᠨ ᠡᠯ᠎ᠡ ᠠ᠋ᠳᠡᠭᠡᠳ᠎ᠤᠨ᠎ᠬᠢᠨ᠎ᠲᠠᠢ ᠬᠠᠮᠳᠤᠪᠠᠷ ᠳᠤᠮᠳᠠᠳᠤ ᠶᠠᠫᠤᠨ ᠺᠤᠷᠢᠶᠠ ᠵᠢᠨ ᠴᠢᠯᠦᠭᠡᠳᠤ ᠠᠷᠠᠯᠵᠢᠶᠠᠨ᠎ᠤ ᠤᠷᠤᠨ ᠪᠤᠯᠤᠨ ᠤᠷᠤᠨ ᠪᠦᠰᠡ ᠵᠢᠨ ᠪᠦᠬᠦ ᠳᠠᠯ᠎ᠠ ᠵᠢᠨ ᠠᠵᠤ ᠠᠬᠤᠢ ᠵᠢᠨ ᠬᠠᠨᠢᠳᠠᠨ᠎ᠤ ᠬᠠᠷᠢᠴᠠᠭ᠋ᠠᠨ᠎ᠤ ᠵᠦᠪᠳᠡᠯᠴᠡᠭᠡᠷ (RCEP)᠎ᠢ ᠢᠳᠡᠪᠬᠢᠳᠡᠢ ᠠᠬᠢᠭᠤᠯᠵᠤ᠂ ᠪᠤᠳᠠᠳᠤ ᠠᠵᠢᠯᠯᠠᠭ᠎ᠠ᠎ᠪᠠᠷ ᠵᠶ᠋ᠡᠨ ᠠᠷᠠᠯᠵᠢᠶ᠎ᠠ ᠬᠤᠳᠠᠯᠳᠤᠭ᠎ᠠ ᠪᠤᠯᠤᠨ ᠪᠡᠯᠡ ᠤᠷᠤᠭᠤᠯᠤᠯᠳᠠ ᠵᠢᠨ ᠴᠢᠯᠦᠭᠡᠵᠢᠯᠳᠡ ᠳᠦᠬᠦᠮᠵᠢᠯᠳᠡ ᠵᠢ ᠠᠬᠢᠭᠤᠯᠤᠨ᠂ ᠨᠡᠭᠡᠭᠡᠯᠳᠡ ᠵᠢᠨ ᠴᠢᠨᠠᠷ᠎ᠲᠠᠢ ᠳᠡᠯᠡᠭᠡᠢ ᠵᠢᠨ ᠠᠵᠤ ᠠᠬᠤᠢ ᠵᠢ ᠠᠬᠢᠭᠤᠯᠤᠨ᠎ᠠ ᠭᠡᠵᠤ ᠢᠯᠡᠷᠭᠡᠢ᠌ᠯᠡᠪᠡ᠃
      ᠳᠤᠰ ᠠ᠋ᠳᠤᠷ᠎ᠤᠨ ᠦᠳᠡ ᠵᠢᠨ ᠬᠤᠢ᠌ᠨ᠎ᠠ᠂ ᠯᠢ ᠺᠸ ᠴᠢᠶᠠᠩ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠶᠠᠫᠤᠨ᠎ᠤ ᠠᠵᠤ ᠠᠬᠤᠢ ᠵᠢᠨ᠎ᠬᠢᠨ᠎ᠤ ᠪᠦᠯᠬᠦᠮ᠎ᠤᠨ ᠬᠤᠯᠪᠤᠭ᠋ᠠᠳᠤ ᠬᠤᠷᠠᠯ᠎ᠤᠨ ᠳᠠᠷᠤᠭ᠎ᠠ ᠵᠦᠩ ᠰᠢ ᠬᠤᠩ ᠮᠢᠩ᠂ ᠶᠠᠫᠤᠨ᠎ᠤ ᠠᠵᠤ ᠠᠬᠤᠢ ᠵᠢᠨ ᠨᠡᠢ᠌ᠭᠡᠮᠯᠢᠭ᠎ᠤᠨ ᠳᠠᠷᠤᠭ᠎ᠠ ᠽᠦᠩ ᠭᠠᠩ ᠵᠸᠩ ᠡᠯ᠂ ᠶᠠᠫᠤᠨ᠎ᠤ ᠦᠢ᠍ᠯᠡᠳᠪᠤᠷᠢ ᠬᠤᠳᠠᠯᠳᠤᠭ᠋ᠠᠨ᠎ᠤ ᠬᠤᠷᠠᠯ᠎ᠤᠨ ᠳᠠᠷᠤᠭ᠎ᠠ ᠰᠠᠨ ᠽᠦᠨ ᠮᠢᠩ ᠹᠦ᠋ ᠵᠢᠨ ᠳᠠᠭ᠋ᠠᠭᠤᠯᠤᠭᠰᠠᠨ ᠶᠠᠫᠤᠨ᠎ᠤ ᠠᠵᠤ ᠠᠬᠤᠢ ᠵᠢᠨ᠎ᠬᠢᠨ᠎ᠤ ᠳᠦᠯᠦᠭᠡᠯᠡᠭᠴᠢ ᠵᠢᠨ ᠪᠦᠯᠬᠦᠮ᠎ᠲᠠᠢ ᠠᠭᠤᠯᠵᠠᠵᠤ ᠶᠠᠷᠢᠯᠴᠠᠭᠰᠠᠨ ᠪᠠᠢ᠌ᠨ᠎ᠠ᠃
      ᠠ᠋ᠨᠡ ᠤᠳᠠᠭ᠎ᠠ ᠳᠤᠮᠳᠠᠳᠤ᠎ᠳᠤ ᠠᠢ᠌ᠯᠴᠢᠯᠠᠬᠤ᠎ᠪᠠᠷ ᠢᠷᠡᠭᠰᠡᠨ ᠶᠠᠫᠤᠨ᠎ᠤ ᠭᠤᠷᠪᠠᠨ ᠠᠵᠤ ᠠᠬᠤᠢ ᠵᠢᠨ ᠪᠦᠯᠬᠦᠮ᠎ᠨᠢ ᠶᠠᠫᠤᠨ᠎ᠤ ᠠᠵᠤ ᠠᠬᠤᠢ ᠵᠢᠨ ᠬᠦᠷᠢᠶ᠎ᠡ ᠴᠠᠷᠠᠭ᠎ᠠ᠎ᠳᠤ ᠴᠢᠬᠤᠯᠠ ᠪᠠᠢ᠌ᠷᠢ ᠰᠠᠭᠤᠷᠢ᠎ᠲᠠᠢ ᠪᠦᠯᠬᠦᠮ ᠪᠤᠯᠬᠤ ᠮᠦᠷᠳᠡᠭᠡᠨ ᠪᠦᠯᠬᠦᠮ᠎ᠤᠨ ᠪᠦᠷᠢᠯᠳᠦᠬᠦᠨ᠎ᠤ ᠬᠤᠪᠢ᠎ᠪᠠᠷ ᠢᠷᠡᠭᠰᠡᠨ 200 ᠭᠠᠷᠤᠢ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ᠎ᠤ ᠤᠯᠠᠩᠬᠢ᠎ᠨᠢ ᠶᠠᠫᠤᠨ᠎ᠤ ᠨᠡᠷᠡᠳᠤ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ ᠪᠤᠶᠤ ᠬᠠᠮᠢᠶᠠᠷᠤᠭᠴᠢ ᠪᠠᠢ᠌ᠪᠠ᠃
      ᠯᠢ ᠺᠸ ᠴᠢᠶᠠᠩ ᠶᠠᠭᠤᠨ᠎ᠤ ᠤᠷᠢᠳ ᠶᠠᠫᠤᠨ᠎ᠤ ᠠᠵᠤ ᠠᠬᠤᠢ ᠵᠢᠨ᠎ᠬᠢᠨ᠎ᠤ ᠪᠦᠯᠬᠦᠮ᠎ᠢ ᠪᠠᠶᠠᠷᠯᠠᠨ ᠤᠭᠳᠤᠵᠤ ᠪᠠᠢ᠌ᠬᠤ᠎ᠪᠠᠨ ᠢᠯᠡᠷᠭᠡᠢ᠌ᠯᠡᠵᠤ᠂ ᠬᠤᠶᠠᠷ ᠳᠠᠯ᠎ᠠ ᠵᠢᠨ ᠬᠠᠮᠳᠤ ᠵᠢᠨ ᠴᠢᠷᠮᠠᠢ᠌ᠯᠭ᠎ᠠ᠎ᠪᠠᠷ ᠤᠳᠤᠬᠠᠨ᠎ᠳᠤ ᠳᠤᠮᠳᠠᠳᠤ ᠶᠠᠫᠤᠨ᠎ᠤ ᠬᠠᠷᠢᠴᠠᠭ᠎ᠠ ᠤᠯᠠᠮ ᠵᠶ᠋ᠡᠷ ᠰᠠᠢ᠌ᠵᠢᠷᠠᠵᠤ ᠪᠠᠢ᠌ᠨ᠎ᠠ᠃ ᠠ᠋ᠬᠦᠨ᠎ᠳᠤ ᠶᠠᠫᠤᠨ᠎ᠤ ᠠᠵᠤ ᠠᠬᠤᠢ ᠵᠢᠨ ᠠ᠋ᠳᠡᠭᠡᠳ 《ᠳᠦᠯᠬᠢᠴᠡ》 ᠦᠢ᠍ᠯᠡᠳᠤᠯ ᠦᠵᠡᠬᠦᠯᠦᠭᠰᠡᠨ ᠶᠤᠮ ᠭᠡᠵᠤ ᠭᠡᠯᠡᠪᠡ᠃
      ᠯᠢ ᠺᠸ ᠴᠢᠶᠠᠩ᠄ 《ᠠ᠋ᠨᠡ ᠵᠢᠯ ᠪᠤᠯ ᠳᠤᠮᠳᠠᠳᠤ ᠶᠠᠫᠤᠨ ᠠ᠋ᠩᠭᠡ ᠳᠠᠢ᠌ᠪᠤᠩ ᠨᠦᠬᠦᠷᠰᠡᠭ ᠭᠡᠷ᠎ᠡ ᠳᠤᠭᠳᠠᠭᠰᠠᠨ 40 ᠵᠢᠯ᠎ᠤᠨ ᠤᠢ ᠪᠤᠯᠤᠨ᠎ᠠ᠃ ᠬᠤᠶᠠᠷ ᠳᠠᠯ᠎ᠠ᠎ᠪᠠᠷ ᠵᠶ᠋ᠡᠨ ᠳᠤᠮᠳᠠᠳᠤ ᠶᠠᠫᠤᠨ᠎ᠤ ᠳᠦᠷᠪᠡᠨ ᠤᠯᠤᠰ ᠳᠦᠷᠦ ᠵᠢᠨ ᠪᠢᠴᠢᠭ ᠮᠠᠲᠸᠷᠢᠶᠠᠯ᠎ᠳᠤ ᠳᠤᠭᠳᠠᠭ᠋ᠠᠭᠰᠠᠨ ᠵᠠᠷᠴᠢᠮ᠎ᠢ ᠪᠠᠷᠢᠮᠳᠠᠯᠠᠵᠤ᠂ ᠳᠡᠤᠭᠡ᠎ᠪᠠᠷ ᠳᠤᠯᠢᠯᠠᠨ ᠢᠷᠡᠭᠡᠳᠦᠢ᠎ᠳᠤ ᠬᠠᠨᠳᠤᠵᠤ᠂ ᠬᠤᠶᠠᠷ ᠤᠯᠤᠰ᠎ᠤᠨ ᠠᠷᠠᠳ ᠳᠦᠮᠡᠨ᠎ᠤ ᠦᠨᠳᠦᠰᠤᠨ ᠠᠰᠢᠭ ᠳᠤᠰᠠ ᠪᠠ ᠠᠯᠤᠰ ᠭᠡᠳᠤ ᠵᠢᠨ ᠠᠰᠢᠭ ᠳᠤᠰᠠ᠎ᠠᠴᠠ ᠠ᠋ᠬᠦᠰᠤᠨ᠂ ᠠ᠋ᠩᠭᠡ ᠳᠠᠢ᠌ᠪᠤᠩ ᠨᠦᠬᠦᠷᠰᠡᠭ ᠬᠠᠮᠳᠤᠷᠠᠯᠴᠠᠭ᠋ᠠᠨ᠎ᠤ ᠵᠦᠪ ᠴᠢᠭᠯᠡᠯ᠎ᠢ ᠡᠵᠡᠮᠳᠡᠵᠤ᠂ ᠤᠳᠤᠬᠠᠨ᠎ᠤ ᠬᠤᠶᠠᠷ ᠤᠯᠤᠰ᠎ᠤᠨ ᠬᠠᠷᠢᠴᠠᠭ᠎ᠠ ᠰᠠᠢ᠌ᠵᠢᠷᠠᠵᠤ ᠪᠠᠢ᠌ᠭ᠎ᠠ ᠪᠠᠢ᠌ᠳᠠᠯ᠎ᠢ ᠪᠡᠬᠢᠵᠢᠬᠦᠯᠦᠨ᠂ ᠳᠤᠮᠳᠠᠳᠤ ᠶᠠᠫᠤᠨ᠎ᠤ ᠬᠠᠷᠢᠴᠠᠭ᠎ᠠ ᠵᠢ ᠵᠦᠪ ᠵᠠᠮ ᠵᠶ᠋ᠡᠷ ᠦᠷᠬᠦᠯᠵᠢᠯᠡᠨ ᠠᠬᠢᠭᠤᠯᠬᠤ ᠭᠡᠷᠡᠭᠳᠡᠢ》 ᠭᠡᠵᠤ ᠭᠡᠯᠡᠪᠡ᠃
      ᠶᠠᠫᠤᠨ᠎ᠤ ᠳᠦᠯᠦᠭᠡᠯᠡᠭᠴᠢ ᠵᠢᠨ ᠪᠦᠯᠬᠦᠮ᠎ᠤᠨ᠎ᠬᠢᠨ ᠶᠡᠷᠦᠩᠭᠡᠢ ᠰᠠᠢ᠌ᠳ ᠯᠢ ᠺᠸ ᠴᠢᠶᠠᠩ᠎ᠤᠨ ᠢᠯᠡᠷᠭᠡᠢ᠌ᠯᠡᠯ᠎ᠳᠤ ᠢᠳᠡᠪᠬᠢᠳᠡᠢ ᠬᠠᠷᠢᠭᠤ ᠳᠤᠰᠬᠠᠵᠤ᠂ ᠵᠦᠩ ᠰᠢ ᠬᠤᠩ ᠮᠢᠩ᠄ 《ᠶᠠᠫᠤᠨ ᠳᠤᠮᠳᠠᠳᠤ ᠬᠤᠶᠠᠷ ᠤᠯᠤᠰ ᠪᠤᠯ ᠠᠭᠤᠯᠠ ᠤᠰᠤ᠎ᠪᠠᠷ ᠵᠠᠯᠭ᠋ᠠᠯᠳᠤᠵᠤ ᠪᠠᠢ᠌ᠭ᠎ᠠ ᠬᠦᠷᠰᠢ ᠵᠡᠷᠭᠡᠯᠡᠳᠡᠭᠡ ᠤᠯᠤᠰ ᠪᠤᠯᠤᠨ᠎ᠠ᠃ ᠬᠤᠶᠠᠷ ᠳᠠᠯ᠎ᠠ᠎ᠪᠠᠷ ᠵᠶ᠋ᠡᠨ ᠨᠦᠬᠦᠷᠰᠡᠭ ᠪᠦᠭᠡᠳ ᠬᠠᠷᠢᠯᠴᠠᠨ ᠠᠰᠢᠭᠳᠠᠢ ᠬᠠᠷᠢᠴᠠᠭ᠎ᠠ᠎ᠪᠠᠨ ᠬᠦᠭᠵᠢᠬᠦᠯᠬᠦ᠎ᠨᠢ ᠬᠤᠶᠠᠷ ᠤᠯᠤᠰ᠎ᠲᠤ ᠠᠰᠢᠭ᠎ᠲᠠᠢ᠎ᠪᠠᠷ ᠪᠠᠷᠠᠬᠤ ᠦᠭᠡᠢ ᠳᠡᠯᠡᠭᠡᠢ ᠵᠢᠨ ᠬᠦᠭᠵᠢᠯ ᠴᠡᠴᠡᠭᠯᠡᠯ ᠪᠤᠯᠤᠨ ᠳᠤᠭᠳᠠᠭᠤᠨ ᠪᠠᠢ᠌ᠬᠤ᠎ᠳᠤ ᠠᠰᠢᠭ᠎ᠲᠠᠢ ᠶᠤᠮ》 ᠭᠡᠵᠤ ᠭᠡᠯᠡᠪᠡ᠃ ᠽᠦᠩ ᠭᠠᠩ ᠵᠸᠩ ᠡᠯ᠄ 〈〈ᠠ᠋ᠨᠡ ᠤᠳᠠᠭ᠎ᠠ ᠶᠠᠫᠤᠨ᠎ᠤ ᠠᠵᠤ ᠠᠬᠤᠢ ᠵᠢᠨ᠎ᠬᠢᠨ 200 ᠭᠠᠷᠤᠢ ᠬᠦᠮᠦᠨ᠎ᠤ ᠪᠦᠯᠬᠦᠮ ᠪᠠᠢ᠌ᠭᠤᠯᠤᠨ ᠳᠤᠮᠳᠠᠳᠤ ᠤᠯᠤᠰ᠎ᠲᠤ ᠠᠢ᠌ᠯᠴᠢᠯᠠᠬᠤ᠎ᠪᠠᠷ ᠢᠷᠡᠬᠦᠯᠪᠡ᠂ ᠠ᠋ᠨᠡ᠎ᠨᠢ ᠶᠠᠫᠤᠨ᠎ᠤ ᠠᠵᠤ ᠠᠬᠤᠢ ᠵᠢᠨ᠎ᠬᠢᠨ ᠳᠤᠮᠳᠠᠳᠤ ᠤᠯᠤᠰ᠎ᠤᠨ ᠠᠵᠤ ᠠᠬᠤᠢ ᠵᠢᠨ᠎ᠬᠢᠨ᠎ᠲᠠᠢ ᠦᠨᠡᠨ ᠰᠠᠨᠠᠭ᠋ᠠᠨ᠎ᠠᠴᠠ᠎ᠪᠠᠨ ᠬᠠᠷᠢᠯᠴᠠᠵᠤ ᠶᠠᠪᠤᠯᠴᠠᠬᠤ ᠬᠦᠰᠡᠯ᠎ᠲᠠᠢ ᠪᠠᠢ᠌ᠬᠤ ᠵᠢ ᠢᠯᠡᠳᠭᠡᠵᠤ ᠪᠠᠢ᠌ᠭ᠎ᠠ ᠶᠤᠮ〉〉 ᠭᠡᠵᠤ ᠢᠯᠡᠷᠭᠡᠢ᠌ᠯᠡᠪᠡ᠃
      ᠯᠢ ᠺᠸ ᠴᠢᠶᠠᠩ ᠶᠠᠫᠤᠨ᠎ᠤ ᠠᠵᠤ ᠠᠬᠤᠢ ᠵᠢᠨ᠎ᠬᠢᠨ᠎ᠤ ᠪᠦᠯᠬᠦᠮ᠎ᠲᠠᠢ ᠠᠭᠤᠯᠵᠠᠬᠤ᠎ᠳᠤ᠎ᠪᠠᠨ᠂ ᠳᠤᠮᠳᠠᠳᠤ ᠤᠯᠤᠰ᠎ᠤᠨ 40 ᠵᠢᠯ᠎ᠤᠨ ᠳᠤᠷᠰᠢᠬᠢ ᠠᠵᠤ ᠠᠬᠤᠢ ᠨᠡᠢ᠌ᠭᠡᠮ᠎ᠤᠨ ᠯᠤᠳᠤ ᠶᠡᠭᠡ ᠬᠦᠭᠵᠢᠯᠳᠡ᠎ᠨᠢ ᠦᠭᠡᠷᠡᠴᠢᠯᠡᠯᠳᠡ ᠨᠡᠭᠡᠭᠡᠯᠳᠡ᠎ᠠᠴᠠ ᠰᠠᠯᠵᠤ ᠴᠢᠳᠠᠬᠤ ᠦᠭᠡᠢ᠂ ᠶᠠᠫᠤᠨ᠎ᠤ ᠳᠠᠢ᠌ᠨ᠎ᠤ ᠳᠠᠷᠠᠭ᠋ᠠᠬᠢ ᠳᠠᠬᠢᠨ ᠪᠦᠳᠦᠭᠡᠨ ᠪᠠᠢ᠌ᠭᠤᠯᠤᠯᠳᠠ᠎ᠨᠢ ᠴᠤ᠌ ᠳᠡᠯᠡᠭᠡᠢ᠌ᠵᠢᠭᠰᠡᠨ ᠨᠡᠭᠡᠭᠡᠯᠳᠡ᠎ᠠᠴᠠ ᠰᠠᠯᠵᠤ ᠴᠢᠳᠠᠬᠤ ᠦᠭᠡᠢ ᠭᠡᠵᠤ ᠢᠯᠡᠷᠭᠡᠢ᠌ᠯᠡᠪᠡ᠃ ᠯᠢ ᠺᠸ ᠴᠢᠶᠠᠩ᠄ 《ᠳᠤᠮᠳᠠᠳᠤ ᠶᠠᠫᠤᠨ ᠬᠤᠶᠠᠷ ᠤᠯᠤᠰ ᠪᠤᠯ ᠪᠦᠷ ᠴᠢᠯᠦᠭᠡᠳᠤ ᠠᠷᠠᠯᠵᠢᠶᠠᠨ᠎ᠤ ᠠᠰᠢᠭ᠎ᠢ ᠬᠦᠷᠳᠡᠭᠴᠢ ᠪᠤᠯᠤᠨ᠎ᠠ᠂ ᠤᠳᠤᠬᠠᠨ᠎ᠤ ᠠᠷᠠᠯᠵᠢᠶᠠᠨ᠎ᠤ ᠬᠠᠮᠠᠭ᠋ᠠᠯᠠᠬᠤ ᠦᠵᠡᠯ ᠳᠤᠯᠤᠭ᠋ᠠᠢ ᠦᠨᠳᠡᠢ᠌ᠵᠤ ᠪᠠᠢ᠌ᠭ᠎ᠠ ᠪᠠᠢ᠌ᠳᠠᠯ᠎ᠳᠤ ᠴᠢᠭᠯᠡᠬᠦᠯᠦᠨ ᠪᠢᠳᠡ ᠬᠠᠮᠳᠤᠪᠠᠷ ᠭᠠᠭᠴᠠ ᠳᠠᠯᠠᠳᠤ ᠦᠵᠡᠯ ᠪᠤᠯᠤᠨ ᠬᠠᠮᠠᠭ᠋ᠠᠯᠠᠬᠤ ᠦᠵᠡᠯ᠎ᠢ ᠠ᠋ᠰᠡᠷᠭᠦᠴᠡᠬᠦ᠂ ᠤᠯᠠᠨ ᠳᠠᠯᠠᠳᠤ ᠦᠵᠡᠯ ᠪᠤᠯᠤᠨ ᠴᠢᠯᠦᠭᠡᠳᠤ ᠠᠷᠠᠯᠵᠢᠶ᠎ᠠ ᠵᠢ ᠬᠠᠮᠠᠭ᠋ᠠᠯᠠᠬᠤ ᠵᠢ ᠤᠷᠢᠶᠠᠯᠠᠨ᠂ ᠳᠡᠯᠡᠭᠡᠢ ᠵᠢᠨ ᠠᠵᠤ ᠠᠬᠤᠢ ᠵᠢᠨ ᠤᠯᠠᠮ ᠵᠶ᠋ᠡᠷ ᠰᠡᠷᠬᠦᠨ ᠬᠦᠭᠵᠢᠬᠦ᠎ᠳᠤ ᠳᠤᠭᠳᠠᠭᠤᠨ ᠤᠷᠴᠢᠨ ᠬᠠᠩᠭ᠋ᠠᠬᠤ ᠭᠡᠷᠡᠭᠳᠡᠢ》 ᠭᠡᠵᠤ ᠭᠡᠯᠡᠪᠡ᠃
      ᠵᠦᠩ ᠰᠢ ᠬᠤᠩ ᠮᠢᠩ᠂ ᠤᠳᠤᠬᠠᠨ᠎ᠤ ᠤᠯᠠᠨ ᠤᠯᠤᠰ᠎ᠤᠨ ᠪᠦᠮᠪᠦᠷᠴᠡᠭᠵᠢᠯᠳᠡ ᠵᠢ ᠠ᠋ᠰᠡᠷᠬᠦᠴᠡᠬᠦ ᠪᠠᠢ᠌ᠳᠠᠯ ᠨᠡᠮᠡᠭᠳᠡᠵᠤ ᠪᠠᠢ᠌ᠭ᠎ᠠ ᠪᠠᠢ᠌ᠳᠠᠯ᠎ᠳᠤ ᠶᠠᠫᠤᠨ᠎ᠤ ᠠᠵᠤ ᠠᠬᠤᠢ ᠵᠢᠨ᠎ᠬᠢᠨ ᠶᠠᠫᠤᠨ ᠳᠤᠮᠳᠠᠳᠤ ᠬᠤᠶᠠᠷ ᠤᠯᠤᠰ᠎ᠤᠨ ᠵᠠᠰᠠᠭ᠎ᠤᠨ ᠤᠷᠳᠤᠨ ᠬᠠᠮᠳᠤᠪᠠᠷ ᠬᠠᠮᠠᠭ᠋ᠠᠯᠠᠬᠤ ᠦᠵᠡᠯ᠎ᠢ ᠠ᠋ᠰᠡᠷᠬᠦᠴᠡᠬᠦ᠂ ᠤᠯᠠᠨ ᠳᠠᠯᠠᠳᠤ ᠦᠵᠡᠯ ᠪᠤᠯᠤᠨ ᠴᠢᠯᠦᠭᠡᠳᠤ ᠠᠷᠠᠯᠵᠢᠶᠠᠨ᠎ᠤ ᠦᠵᠡᠯ᠎ᠢ ᠬᠠᠮᠠᠭ᠋ᠠᠠᠯᠬᠤ ᠵᠢ ᠳᠡᠮᠵᠢᠨ᠎ᠡ ᠭᠡᠵᠤ ᠢᠯᠡᠷᠭᠡᠢ᠌ᠯᠡᠪᠡ᠃
      ᠰᠠᠨ ᠽᠦᠨ ᠮᠢᠩ ᠹᠦ᠋᠂ ᠶᠠᠫᠤᠨ ᠳᠤᠮᠳᠠᠳᠤ ᠺᠤᠷᠢᠶᠠ ᠵᠢᠨ ᠴᠢᠯᠦᠭᠡᠳᠤ ᠠᠷᠠᠯᠵᠢᠶᠠᠨ᠎ᠤ ᠤᠷᠤᠨ ᠪᠤᠯᠤᠨ ᠤᠷᠤᠨ ᠪᠦᠰᠡ ᠵᠢᠨ ᠪᠦᠬᠦ ᠳᠠᠯ᠎ᠠ ᠵᠢᠨ ᠠᠵᠤ ᠠᠬᠤᠢ ᠵᠢᠨ ᠬᠠᠨᠢᠳᠠᠨ᠎ᠤ ᠬᠠᠷᠢᠴᠠᠭ᠋ᠠᠨ᠎ᠤ ᠵᠦᠪᠳᠡᠯᠴᠡᠭᠡᠷ (RCEP)᠎ᠢ ᠳᠦᠷᠭᠡᠨ ᠠᠬᠢᠭᠤᠯᠵᠤ᠂ ᠪᠤᠳᠠᠳᠤ ᠠᠵᠢᠯᠯᠠᠭ᠎ᠠ᠎ᠪᠠᠷ ᠵᠶ᠋ᠡᠨ ᠴᠢᠯᠦᠭᠡᠳᠤ ᠠᠷᠠᠯᠵᠢᠶ᠎ᠠ ᠵᠢ ᠬᠠᠮᠠᠭ᠋ᠠᠯᠠᠬᠤ ᠵᠢ ᠬᠦᠰᠡᠵᠤ ᠪᠠᠢ᠌ᠨ᠎ᠠ ᠭᠡᠪᠡ᠃
      ᠯᠢ ᠺᠸ ᠴᠢᠶᠠᠩ᠄ 《ᠳᠤᠮᠳᠠᠳᠤ ᠵᠢᠨ᠎ᠬᠢᠨ ᠤᠯᠠᠨ ᠳᠠᠯᠠᠳᠤ ᠦᠵᠡᠯ᠎ᠤᠨ ᠳᠦᠷᠢᠮ᠎ᠢ ᠢᠳᠡᠪᠬᠢᠳᠡᠢ ᠬᠠᠮᠠᠭ᠋ᠠᠯᠠᠬᠤ ᠮᠦᠷᠳᠡᠭᠡᠨ ᠤᠯᠠᠨ ᠳᠠᠯᠠᠳᠤ ᠦᠵᠡᠯ᠎ᠤᠨ ᠳᠦᠷᠢᠮ᠎ᠢ ᠪᠡᠶ᠎ᠡ᠎ᠪᠠᠷ ᠵᠶ᠋ᠡᠨ ᠵᠢᠷᠤᠮᠯᠠᠵᠤ᠂ ᠶᠠᠫᠤᠨ ᠳᠤᠮᠳᠠᠳᠤ ᠺᠤᠷᠢᠶᠠ ᠵᠢᠨ ᠴᠢᠯᠦᠭᠡᠳᠤ ᠠᠷᠠᠯᠵᠢᠶᠠᠨ᠎ᠤ ᠤᠷᠤᠨ ᠪᠤᠯᠤᠨ ᠤᠷᠤᠨ ᠪᠦᠰᠡ ᠵᠢᠨ ᠪᠦᠬᠦ ᠳᠠᠯ᠎ᠠ ᠵᠢᠨ ᠠᠵᠤ ᠠᠬᠤᠢ ᠵᠢᠨ ᠬᠠᠨᠢᠳᠠᠨ᠎ᠤ ᠬᠠᠷᠢᠴᠠᠭ᠋ᠠᠨ᠎ᠤ ᠵᠦᠪᠳᠡᠯᠴᠡᠭᠡᠷ (RCEP)᠎ᠢ ᠠᠬᠢᠭᠤᠯᠤᠨ᠂ ᠪᠤᠳᠠᠳᠤ ᠠᠵᠢᠯᠯᠠᠭ᠎ᠠ᠎ᠪᠠᠷ ᠵᠶ᠋ᠡᠨ ᠠᠷᠠᠯᠵᠢᠶ᠎ᠠ ᠬᠤᠳᠠᠯᠳᠤᠭ᠎ᠠ ᠪᠤᠯᠤᠨ ᠪᠡᠯᠡ ᠤᠷᠤᠭᠤᠯᠤᠯᠳᠠ ᠵᠢᠨ ᠴᠢᠯᠦᠭᠡᠵᠢᠯᠳᠡ ᠳᠦᠬᠦᠮᠵᠢᠯᠳᠡ ᠵᠢ ᠠᠬᠢᠭᠤᠯᠵᠤ᠂ ᠨᠡᠭᠡᠭᠡᠯᠳᠡ ᠵᠢᠨ ᠴᠢᠨᠠᠷ᠎ᠲᠠᠢ ᠳᠡᠯᠡᠭᠡᠢ ᠵᠢᠨ ᠠᠵᠤ ᠠᠬᠤᠢ ᠵᠢ ᠠᠬᠢᠭᠤᠯᠤᠨ᠎ᠠ ᠭᠡᠵᠤ ᠬᠠᠷᠢᠭᠤ ᠳᠤᠰᠬᠠᠪᠠ᠃
      ᠰᠠᠨ ᠽᠦᠨ ᠮᠢᠩ ᠹᠦ᠋᠄ 《ᠨᠢᠭᠡ ᠪᠦᠯᠦᠭ ᠶᠠᠫᠤᠨ᠎ᠤ ᠠᠵᠤ ᠠᠬᠤᠢ᠌ᠯᠠᠯ ᠳᠤᠮᠳᠠᠳᠤ ᠤᠯᠤᠰ᠎ᠲᠤ ᠳᠤᠬᠠᠢ᠌ᠯᠠᠭᠰᠠᠨ ᠠᠵᠢᠯ ᠵᠶ᠋ᠡᠨ ᠦᠷᠨᠢᠬᠦᠯᠬᠦ ᠶᠠᠪᠤᠴᠠ᠎ᠳᠤ ᠠ᠋ᠢ᠌ᠮᠤ ᠳᠡᠢ᠌ᠮᠤ ᠠᠰᠠᠭᠤᠳᠠᠯ ᠪᠤᠶᠤ ᠬᠦᠴᠢᠷᠳᠡᠯ᠎ᠳᠤ ᠳᠤᠯᠭ᠋ᠠᠷᠠᠵᠠᠢ᠂ ᠪᠢᠳᠡ ᠠ᠋ᠳᠡᠭᠡᠷ ᠠᠰᠠᠭᠤᠳᠠᠯ ᠪᠤᠶᠤ ᠬᠦᠴᠢᠷᠳᠡᠯ᠎ᠢ ᠬᠤᠷᠢᠶᠠᠩᠭᠤᠢ᠌ᠯᠠᠭ᠋ᠠᠳ ᠳᠠᠨ᠎ᠳᠤ ᠳᠡᠪᠰᠢᠬᠦᠯᠦᠶ᠎ᠡ》 ᠭᠡᠵᠤ ᠭᠡᠯᠡᠬᠦ ᠵᠢᠨ ᠳᠠᠭ᠋ᠠᠤ ᠨᠢᠭᠡ ᠴᠠᠭ᠋ᠠᠨ ᠭᠠᠳᠠᠷᠳᠤ ᠪᠢᠴᠢᠭ ᠭᠠᠷᠭ᠋ᠠᠵᠤ᠄ 《ᠭᠡᠬᠦ᠎ᠳᠤ᠎ᠪᠠᠨ ᠠ᠋ᠳᠡᠭᠡᠷ ᠠᠰᠭᠤᠳᠠᠯ᠎ᠳᠤ ᠳᠤᠮᠳᠠᠳᠤ ᠤᠯᠤᠰ᠎ᠤᠨ ᠡᠯ᠎ᠡ ᠭᠠᠵᠠᠷ᠎ᠤᠨ ᠵᠠᠰᠠᠭ᠎ᠤᠨ ᠤᠷᠳᠤᠨ᠎ᠤ ᠪᠠᠢ᠌ᠭᠤᠯᠤᠮᠵᠢ ᠨᠠᠷᠢᠨ ᠬᠢᠨᠠᠮᠠᠭ᠋ᠠᠢ ᠬᠠᠨᠳᠤᠵᠤ᠂ ᠠᠷᠭ᠎ᠠ ᠭᠡᠮᠵᠢᠶ᠎ᠡ ᠠᠪᠴᠠᠢ᠃ ᠪᠢᠳᠡ ᠠ᠋ᠨᠳᠡ ᠳᠠᠯᠠᠷᠬᠠᠵᠤ ᠪᠠᠢ᠌ᠬᠤ᠎ᠪᠠᠨ ᠢᠯᠡᠳᠭᠡᠶ᠎ᠡ》 ᠭᠡᠪᠡ᠃
      ᠯᠢ ᠺᠸ ᠴᠢᠶᠠᠩ᠄ 《ᠲᠠ ᠪᠢᠴᠢᠭ ᠮᠠᠲᠸᠷᠢᠶᠠᠯ ᠵᠶ᠋ᠡᠨ ᠨᠠᠳᠠᠳᠤ ᠦᠭᠴᠢᠭᠡ!》 ᠭᠡᠬᠦ᠎ᠳᠤ ᠶᠠᠫᠤᠨ᠎ᠤ ᠳᠦᠯᠦᠭᠡᠯᠡᠭᠴᠢ ᠵᠢᠨ᠎ᠬᠢᠨ ᠨᠢᠵᠢᠬᠢᠨᠡᠳᠡᠯ᠎ᠠ ᠠᠯᠠᠭ᠎ᠠ ᠳᠠᠰᠢᠪᠠ᠃ ᠯᠢ ᠺᠸ ᠴᠢᠶᠠᠩ᠄ 《ᠪᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠢ ᠱᠠᠯᠠᠪᠳᠠᠭᠤᠯᠵᠤ ᠪᠠᠢ᠌ᠭ᠋ᠠᠳ ᠳᠠᠨ᠎ᠤ ᠳᠤᠷᠠᠳᠤᠭᠰᠠᠨ ᠵᠦᠢ ᠶᠤᠰᠤᠨ᠎ᠤ ᠠᠰᠠᠭᠤᠳᠠᠯ᠎ᠢ ᠤᠯᠠᠮ ᠰᠠᠢ᠌ᠳᠤᠷ ᠰᠢᠢ᠍ᠳᠪᠤᠷᠢᠯᠡᠬᠦᠯᠦᠶ᠎ᠡ᠃ ᠦᠨᠦᠳᠦᠷ ᠠ᠋ᠨᠳᠡ ᠢᠷᠡᠭᠰᠡᠨ ᠪᠤᠶᠤ ᠢᠷᠡᠭᠰᠡᠨ ᠦᠭᠡᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠨᠠᠷ ᠪᠦᠷ ᠢᠳᠡᠪᠬᠢᠳᠡᠢ᠎ᠪᠠᠷ ᠳᠠᠨ᠎ᠤ ᠠᠵᠤ ᠠᠬᠤᠢ᠌ᠯᠠᠯ᠎ᠢ ᠬᠠᠪᠰᠤᠷᠤᠨ ᠬᠠᠤᠯᠢ ᠶᠤᠰᠤᠨ᠎ᠤ ᠱᠠᠭ᠋ᠠᠷᠳᠠᠯᠭ᠎ᠠ ᠵᠢ ᠰᠢᠢ᠍ᠳᠪᠤᠷᠢᠯᠡᠬᠦ ᠶᠤᠮ》 ᠭᠡᠵᠤ ᠭᠡᠯᠡᠪᠡ᠃
      ᠯᠢ ᠺᠸ ᠴᠢᠶᠠᠩ᠂ ᠳᠤᠮᠳᠠᠳᠤ ᠤᠯᠤᠰ ᠦᠭᠡᠷᠡᠴᠢᠯᠡᠯᠳᠡ ᠨᠡᠭᠡᠭᠡᠯᠳᠡ ᠬᠢᠬᠦ᠎ᠪᠠᠨ ᠭᠤᠢ᠌ᠪᠢᠰᠢ ᠦᠭᠡᠢ᠎ᠪᠠᠷ ᠠᠬᠢᠭᠤᠯᠵᠤ᠂ ᠵᠠᠬ᠎ᠠ ᠳᠡᠯᠭᠡᠬᠦᠷ᠎ᠲᠤ ᠤᠷᠤᠬᠤ ᠵᠢ ᠵᠦᠪᠰᠢᠶᠡᠷᠡᠬᠦ᠎ᠪᠠᠨ ᠤᠯᠠᠮ ᠠᠭᠤᠵᠢᠮ ᠪᠤᠯᠭ᠋ᠠᠨ᠂ ᠮᠡᠳᠡᠯᠭᠡ ᠵᠢᠨ ᠦᠮᠴᠢᠯᠡᠯ᠎ᠤᠨ ᠠ᠋ᠷᠭᠡ ᠵᠢ ᠴᠢᠩᠭ᠎ᠠ ᠬᠠᠮᠠᠭ᠋ᠠᠯᠠᠵᠤ᠂ ᠳᠦᠬᠦᠮᠴᠢᠯᠡᠭᠰᠡᠨ᠂ ᠬᠠᠤᠯᠢᠵᠢᠭᠰᠠᠨ᠂ ᠳᠡᠯᠡᠭᠡᠢ᠌ᠵᠢᠭᠰᠡᠨ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠴᠢᠷᠮᠠᠢ᠌ᠨ ᠪᠤᠢ ᠪᠤᠯᠭ᠋ᠠᠨ᠎ᠠ》 ᠭᠡᠵᠤ ᠢᠯᠡᠷᠭᠡᠢ᠌ᠯᠡᠪᠡ᠃
      ᠽᠦᠩ ᠭᠠᠩ ᠵᠸᠩ ᠡᠯ᠂ ᠬᠤᠶᠠᠷ ᠤᠯᠤᠰ᠎ᠤᠨ ᠠᠵᠤ ᠠᠬᠤᠢ᠌ᠯᠠᠯ ᠳᠠᠪᠠᠭᠤᠯᠢᠭ ᠵᠶ᠋ᠡᠨ ᠪᠠᠳᠠᠷᠠᠭᠤᠯᠤᠨ᠂ ᠰᠢᠨ᠎ᠠ ᠵᠢ ᠠ᠋ᠬᠦᠳᠬᠦ᠂ ᠳᠤᠭ᠋ᠠᠴᠢᠯᠠᠭᠰᠠᠨ ᠠᠵᠤ ᠠᠬᠤᠢ ᠵᠡᠷᠭᠡ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠬᠤ ᠵᠢ ᠬᠦᠰᠡᠵᠤ ᠪᠠᠢ᠌ᠨ᠎ᠠ ᠭᠡᠵᠤ ᠭᠡᠯᠡᠪᠡ᠃ ᠵᠦᠩ ᠰᠢ ᠬᠤᠩ ᠮᠢᠩ᠂ ᠠᠵᠤ ᠠᠬᠤᠢ ᠵᠢ ᠬᠦᠭᠵᠢᠬᠦᠯᠬᠦ ᠵᠢᠨ ᠵᠠᠩᠬᠢᠯᠠᠭ᠎ᠠ᠎ᠨᠢ ᠰᠢᠨ᠎ᠠ ᠵᠢ ᠠ᠋ᠬᠦᠳᠬᠦ᠎ᠳᠤ ᠪᠤᠢ᠃ ᠳᠤᠮᠳᠠᠳᠤ ᠵᠢᠨ᠎ᠬᠢᠨ᠎ᠲᠠᠢ 《ᠨᠡᠢ᠌ᠭᠡᠮ᠎ᠤᠨ 5.0》 ᠵᠡᠷᠭᠡ ᠬᠦᠷᠢᠶ᠎ᠠ ᠴᠠᠷᠠᠭ᠎ᠠ᠎ᠳᠤ ᠰᠢᠨ᠎ᠠ ᠵᠢ ᠠ᠋ᠬᠦᠳᠤᠨ ᠬᠠᠮᠳᠤᠷᠠᠯᠴᠠᠬᠤ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠯᠢ ᠺᠸ ᠴᠢᠶᠠᠩ ᠬᠠᠷᠢᠭᠤ ᠳᠤᠰᠬᠠᠵᠤ᠄ 《ᠰᠢᠨ᠎ᠠ ᠵᠢ ᠠ᠋ᠬᠦᠳᠦᠨ ᠬᠦᠭᠵᠢᠬᠦᠯᠬᠦ᠎ᠨᠢ ᠨᠢᠭᠡᠨᠳᠡ ᠳᠡᠯᠡᠭᠡᠢ᠌ᠵᠢᠭᠰᠡᠨ ᠬᠦᠭᠵᠢᠯᠳᠡ᠎ᠳᠠᠬᠢ ᠬᠤᠷᠢᠭᠯᠠᠭᠳᠠᠰᠢ ᠦᠭᠡᠢ ᠬᠦᠴᠦᠨ ᠪᠤᠯᠵᠤ᠂ ᠤᠳᠤᠬᠠᠨ᠎ᠳᠤ ᠰᠢᠨ᠎ᠠ ᠡᠵᠡᠩᠨᠡᠯᠳᠡ ᠵᠢᠨ ᠳᠦᠯᠦᠪ᠂ ᠰᠢᠨ᠎ᠠ ᠮᠡᠷᠭᠡᠵᠢᠯ᠂ ᠰᠢᠨ᠎ᠠ ᠭᠡᠪ ᠵᠠᠬ᠍ᠪᠤᠷ ᠳᠠᠰᠣᠷᠠᠯᠳᠠ ᠦᠭᠡᠢ ᠴᠤᠯᠭᠤᠷᠠᠨ ᠭᠠᠷᠴᠤ᠂ ᠠᠵᠤ ᠠᠬᠤᠢ ᠵᠢᠨ ᠬᠦᠭᠵᠢᠯᠳᠡ ᠪᠤᠯᠤᠨ ᠬᠦᠮᠦᠨ ᠳᠦᠷᠦᠯᠬᠢᠳᠡᠨ᠎ᠤ ᠠᠮᠢᠳᠤᠷᠠᠯ᠎ᠳᠤ ᠯᠤᠳᠤ ᠶᠡᠭᠡ ᠬᠤᠪᠢᠷᠠᠯᠳᠠ ᠠᠪᠴᠢᠷᠠᠪᠠ》 ᠭᠡᠪᠡ᠃
    ᠯᠢ ᠺᠸ ᠴᠢᠶᠠᠩ᠂ ᠳᠤᠮᠳᠠᠳᠤ ᠵᠢᠨ᠎ᠬᠢᠨ ᠳᠤᠷᠠᠳᠠᠶ᠎ᠠ ᠶᠠᠫᠤᠨ᠎ᠲᠠᠢ ᠬᠠᠮᠳᠤᠪᠠᠷ ᠳᠤᠮᠳᠠᠳᠤ ᠶᠠᠫᠤᠨ᠎ᠤ ᠰᠢᠨ᠎ᠠ ᠵᠢ ᠠ᠋ᠬᠦᠳᠦᠭᠰᠡᠨ ᠬᠠᠮᠳᠤᠷᠠᠯᠴᠠᠭ᠋ᠠᠨ᠎ᠤ ᠳᠤᠭᠳᠠᠴᠠ ᠵᠢ ᠰᠠᠢ᠌ᠳᠤᠷ ᠠᠰᠢᠭᠯᠠᠨ᠂ ᠰᠢᠨ᠎ᠠ ᠵᠢ ᠠ᠋ᠬᠦᠳᠬᠦ ᠪᠡ ᠳᠡᠭᠡᠳᠤ ᠰᠢᠨ᠎ᠠ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠬᠤ᠎ᠪᠠᠷ ᠪᠠᠷᠠᠬᠤ ᠦᠭᠡᠢ ᠬᠦᠮᠦᠨ ᠪᠦᠬᠦᠨ᠎ᠢ ᠤᠷᠤᠯᠴᠠᠭᠤᠯᠵᠤ ᠬᠦᠮᠦᠨ ᠪᠦᠬᠦᠨ᠎ᠳᠤ ᠠᠰᠢᠭ ᠬᠦᠷᠳᠡᠭᠡᠬᠦ ᠵᠢ ᠴᠢᠩᠭ᠋ᠠᠳᠬᠠᠨ᠎ᠠ ᠭᠡᠵᠤ ᠢᠯᠡᠷᠭᠡᠢ᠌ᠯᠡᠪᠡ᠃
      ᠯᠢ ᠺᠸ ᠴᠢᠶᠠᠩ᠂ ᠳᠤᠮᠳᠠᠳᠤ ᠤᠯᠤᠰ ᠪᠤᠯᠤᠨ ᠶᠠᠫᠤᠨ ᠪᠦᠬᠦ ᠳᠡᠯᠡᠭᠡᠢ ᠵᠢᠨ ᠠᠵᠤ ᠦᠢ᠍ᠯᠡᠰ᠎ᠤᠨ ᠭᠡᠯᠬᠢᠶᠡᠵᠢᠯ᠎ᠤᠨ ᠠᠳᠠᠯᠢ ᠪᠤᠰᠤ ᠭᠡᠰᠡᠭ᠎ᠲᠤ ᠤᠷᠤᠰᠢᠵᠤ᠂ ᠠᠵᠤ ᠦᠢ᠍ᠯᠡᠰ᠎ᠨᠢ ᠳᠦᠢ᠍ᠯ᠎ᠤᠨ ᠴᠢᠩᠭ᠎ᠠ ᠬᠠᠷᠢᠯᠴᠠᠨ ᠨᠦᠬᠦᠪᠤᠷᠢᠯᠡᠬᠦ ᠴᠢᠨᠠᠷ᠎ᠲᠠᠢ ᠪᠠᠢ᠌ᠳᠠᠭ᠃ ᠳᠤᠮᠳᠠᠳᠤ ᠶᠠᠫᠤᠨ᠎ᠤ ᠬᠤᠭᠤᠷᠤᠨᠳᠤ ᠮᠠᠭᠤ ᠰᠠᠨᠠᠭ᠋ᠠᠳᠤ ᠦᠷᠢᠰᠦᠯᠳᠦᠭᠡᠨ᠎ᠲᠠᠢ ᠪᠠᠢ᠌ᠵᠤ ᠪᠤᠯᠬᠤ ᠦᠭᠡᠢ᠂ ᠬᠠᠷᠢᠨ ᠠᠵᠤ ᠠᠬᠤᠢ᠌ᠯᠠᠯ᠎ᠢ ᠵᠢᠯᠤᠭᠤᠳᠤᠨ ᠳᠤᠰ ᠳᠤᠰ᠎ᠤᠨ᠎ᠬᠢᠨ᠎ᠤ ᠳᠠᠪᠠᠭᠤᠯᠢᠭ᠎ᠢ ᠪᠠᠳᠠᠷᠠᠭᠤᠯᠵᠤ᠂ ᠳᠤᠬᠠᠢ ᠵᠢᠨ ᠭᠠᠵᠠᠷ ᠤᠷᠤᠨ᠎ᠤ ᠬᠠᠤᠯᠢ ᠳᠦᠷᠢᠮ᠎ᠢ ᠬᠦᠨᠳᠦᠳᠭᠡᠬᠦ ᠤᠷᠢᠳᠠᠯ ᠳᠤᠤᠷ᠎ᠠ ᠤᠯᠠᠨ ᠵᠠᠮ ᠵᠶ᠋ᠡᠷ ᠪᠡᠯᠡ ᠴᠤᠭᠯᠠᠭᠤᠯᠬᠤ ᠳᠠᠪᠴᠠᠩ᠎ᠢ ᠰᠠᠢ᠌ᠳᠤᠷ ᠠᠰᠢᠭᠯᠠᠨ᠂ ᠬᠠᠮᠳᠤᠪᠠᠷ ᠭᠤᠷᠪᠠᠳᠤᠭ᠋ᠠᠷ ᠵᠠᠬ᠎ᠠ ᠳᠡᠯᠭᠡᠬᠦᠷ᠎ᠢ ᠨᠡᠭᠡᠭᠡᠨ ᠬᠦᠭᠵᠢᠬᠦᠯᠬᠦ ᠭᠡᠷᠡᠭᠳᠡᠢ ᠭᠡᠵᠤ ᠤᠨᠴᠠᠭ᠋ᠠᠢ᠌ᠯᠠᠨ ᠴᠢᠬᠤᠯᠠᠴᠢᠯᠠᠪᠠ᠃
      ᠶᠡᠷᠦᠩᠭᠡᠢ ᠰᠠᠢ᠌ᠳ ᠯᠢ ᠺᠸ ᠴᠢᠶᠠᠩ ᠬᠠᠮᠤᠭ ᠰᠡᠬᠦᠯ᠎ᠳᠤ᠄ 《ᠤᠳᠤᠬᠠᠨ᠎ᠳᠤ ᠳᠡᠯᠡᠭᠡᠢ ᠵᠢᠨ ᠠᠵᠤ ᠠᠬᠤᠢ ᠵᠢᠨ ᠪᠠᠢ᠌ᠳᠠᠯ ᠶᠠᠭ ᠰᠠᠢ᠌ᠬᠠᠨ ᠬᠦᠨᠵᠡᠭᠡᠢ ᠬᠤᠪᠢᠷᠠᠯᠳᠠ ᠭᠠᠷᠴᠤ᠂ ᠳᠤᠮᠳᠠᠳᠤ ᠤᠯᠤᠰ᠎ᠤᠨ ᠠᠷᠠᠯᠵᠢᠶᠠᠨ᠎ᠤ ᠪᠡᠯᠡ ᠤᠷᠤᠭᠤᠯᠤᠯᠳᠠ ᠵᠢᠨ ᠪᠠᠢ᠌ᠷᠢᠯᠠᠭᠤᠯᠤᠯᠳᠠ ᠴᠤ᠌ ᠬᠦᠨᠵᠡᠭᠡᠢ ᠬᠤᠪᠢᠷᠠᠯᠳᠠ ᠭᠠᠷᠴᠤ ᠪᠤᠢ᠃ ᠤᠳᠤᠬᠠᠨ᠎ᠤ ᠳᠤᠮᠳᠠᠳᠤ ᠶᠠᠫᠤᠨ᠎ᠤ ᠬᠠᠷᠢᠴᠠᠭ᠎ᠠ ᠨᠢᠭᠡᠨᠳᠡ ᠭᠡᠪ᠎ᠤᠨ ᠪᠠᠢ᠌ᠳᠠᠯ᠎ᠳᠤ᠎ᠪᠠᠨ ᠠᠬᠢᠨ ᠤᠷᠤᠵᠤ᠂ ᠬᠠᠷᠢᠯᠴᠠᠨ ᠠᠵᠠ ᠳᠤᠬᠢᠶᠠᠯ ᠤᠯᠭᠤᠵᠤ ᠪᠠᠢ᠌ᠨ᠎ᠠ᠂ ᠶᠠᠫᠤᠨ᠎ᠤ ᠠᠵᠤ ᠠᠬᠤᠢ᠌ᠯᠠᠯ᠎ᠤᠳ ᠠᠵᠠ ᠳᠤᠬᠢᠶᠠᠯ᠎ᠢ ᠵᠠᠪᠳᠤᠨ ᠠᠰᠢᠭᠯᠠᠪᠠᠯ ᠶᠡᠭᠡ ᠦᠢ᠍ᠯᠡᠰ ᠪᠦᠳᠦᠭᠡᠵᠤ ᠪᠤᠯᠬᠤ ᠶᠤᠮ》 ᠭᠡᠵᠤ ᠭᠡᠯᠡᠪᠡ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠶᠦᠩ᠎ᠲᠠᠢ ᠤᠯᠤᠰ᠎ᠲᠤ ᠬᠦᠷᠴᠤ ᠳᠤᠮᠳᠠᠳᠤ᠎ᠲᠠᠢ ᠤᠯᠤᠰ᠎ᠤᠨ ᠠᠵᠤ ᠠᠬᠤᠢ ᠠᠷᠠᠯᠵᠢᠶᠠᠨ᠎ᠤ ᠬᠤᠯᠪᠤᠭ᠋ᠠᠨ᠎ᠤ ᠵᠦᠪᠯᠡᠯ᠎ᠤᠨ ᠵᠢᠷᠭᠤᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠢᠪᠡ
ᠢᠨᠳᠦᠨ᠋ᠸᠰᠢᠶ᠎ᠠ ᠵᠢᠨ ᠶᠡᠷᠦᠩᠭᠡᠢ ᠰᠠᠢ᠌ᠳ ᠮᠦᠳᠢ ᠸᠸᠢ ᠹᠸᠩ ᠠ᠋ᠾᠸ᠎ᠲᠠᠢ ᠠᠭᠤᠯᠵᠠᠵᠠᠢ
ᠯᠢ ᠺᠸ ᠴᠢᠶᠠᠩ ᠮᠠᠯᠠᠢ᠌ᠰᠢᠶ᠎ᠠ ᠵᠢᠨ ᠶᠡᠷᠦᠩᠭᠡᠢ ᠰᠠᠢ᠌ᠳ ᠮᠠᠬᠠᠳᠢᠷ᠎ᠲᠠᠢ ᠬᠠᠮᠳᠤᠪᠠᠷ ᠰᠤᠷᠪᠤᠯᠵᠢᠯᠠᠭᠴᠢ᠎ᠲᠠᠢ ᠠᠭᠤᠯᠵᠠᠪᠠ
ᠸᠠᠩ ᠢ ᠳᠤᠮᠳᠠᠳᠤ ᠮᠤᠩᠭᠤᠯ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠭᠡᠯᠡᠯᠴᠡᠭᠡᠷ᠎ᠤᠨ ᠳᠤᠬᠠᠢ ᠳᠠᠨᠢᠯᠴᠠᠭᠤᠯᠪᠠ
ᠸᠠᠩ ᠢ᠄ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠪᠤᠯ 《ᠮᠠᠷᠱᠸᠯ᠎ᠤᠨ ᠳᠦᠯᠦᠪᠯᠡᠭᠡ》 ᠪᠢᠰᠢ ᠬᠠᠷᠢᠨ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠬᠠᠮᠳᠤᠪᠡᠷ ᠪᠠᠢ᠌ᠭᠤᠯᠬᠤ ᠠᠮᠢᠳᠤᠯᠢᠭ ᠦᠢ᠍ᠯᠡᠳᠦᠯᠭᠡ ᠪᠤᠯᠤᠨ᠎ᠠ
 
            