2019 ᠤᠨ᠎ᠤ ᠪᠡᠭᠡᠵᠢᠩ᠎ᠤᠨ ᠳᠡᠯᠡᠭᠡᠢ ᠵᠢᠨ ᠴᠡᠴᠡᠷᠯᠢᠭ᠎ᠤᠨ ᠦᠵᠡᠰᠬᠦᠯᠡᠩ᠎ᠤᠨ ᠴᠤᠭᠯᠠᠭ᠋ᠠᠨ᠎ᠢ ᠵᠤᠬᠢᠶᠠᠨ ᠪᠠᠢ᠌ᠭᠤᠯᠬᠤ ᠵᠦᠪᠯᠡᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ 8 ᠳ᠋ᠤᠭ᠋ᠠᠷ ᠰᠠᠷ᠎ᠠ ᠵᠢᠨ 16᠎ᠤ ᠠ᠋ᠳᠤᠷ ᠪᠡᠭᠡᠵᠢᠩ᠎ᠳᠤ ᠬᠤᠷᠠᠯᠳᠤᠵᠤ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ᠂ ᠵᠤᠬᠢᠶᠠᠨ ᠪᠠᠢ᠌ᠭᠤᠯᠬᠤ ᠵᠦᠪᠯᠡᠯ᠎ᠤᠨ ᠠ᠋ᠷᠬᠢᠯᠡᠭᠴᠢ ᠭᠡᠰᠢᠬᠦᠨ ᠬᠤ᠌ ᠴᠦᠨ ᠬᠤᠸᠠ ᠬᠤᠷᠠᠯ ᠠ᠋ᠷᠬᠢᠯᠡᠭᠰᠡᠨ ᠪᠦᠭᠡᠳ ᠶᠠᠷᠢᠶ᠎ᠠ ᠳᠠᠯᠪᠢᠵᠠᠢ᠃ ᠳᠡᠷᠡ 2019 ᠤᠨ᠎ᠳᠤ ᠪᠡᠭᠡᠵᠢᠩ᠎ᠳᠤ ᠳᠡᠯᠡᠭᠡᠢ ᠵᠢᠨ ᠴᠡᠴᠡᠷᠯᠢᠭ᠎ᠤᠨ ᠦᠵᠡᠰᠬᠦᠯᠡᠩ᠎ᠤᠨ ᠴᠤᠭᠯᠠᠭ᠋ᠠᠨ᠎ᠢ ᠠ᠋ᠷᠬᠢᠯᠡᠬᠦ ᠶᠠᠪᠤᠳᠠᠯ ᠪᠤᠯ ᠨᠠᠮ᠎ᠤᠨ ᠳᠦᠪ ᠬᠤᠷᠢᠶ᠎ᠠ ᠳᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠤᠭᠳᠠᠭ᠋ᠠᠭᠰᠠᠨ ᠴᠢᠬᠤᠯᠠ ᠶᠡᠭᠡ ᠰᠢᠢ᠍ᠳᠪᠤᠷᠢᠳᠤ ᠪᠤᠳᠤᠯᠭ᠎ᠠ ᠪᠤᠯᠤᠨ᠎ᠠ᠃ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠳᠤᠭᠤᠯᠭ᠎ᠠ ᠪᠤᠯᠭ᠋ᠠᠵᠤ᠂ ᠠ᠋ᠷᠬᠢᠯᠡᠬᠦ ᠠᠮᠠᠯᠠᠯᠳᠠ᠎ᠪᠠᠨ ᠦᠨᠡᠨᠬᠦ ᠬᠦᠢ᠍ᠴᠡᠳᠭᠡᠵᠤ᠂ ᠳᠡᠯᠡᠭᠡᠢ ᠵᠢᠨ ᠴᠡᠴᠡᠷᠯᠢᠭ᠎ᠤᠨ ᠦᠵᠡᠰᠬᠦᠯᠠᠩ᠎ᠤᠨ ᠴᠤᠭᠯᠠᠭ᠋ᠠᠨ᠎ᠢ ᠳᠡᠯᠡᠭᠡᠢ ᠵᠢᠨ ᠳᠡᠷᠢᠬᠦᠨ ᠳᠡᠰ᠎ᠤᠨ ᠴᠡᠴᠡᠷᠯᠢᠭ᠎ᠤᠨ ᠦᠵᠡᠰᠬᠦᠯᠡᠩ᠂ ᠤᠨᠴᠠᠯᠢᠬᠳᠤ ᠦᠵᠡᠰᠬᠦᠯᠡᠩ᠂ ᠰᠢᠯᠢᠳᠡᠭ ᠦᠵᠡᠰᠬᠦᠯᠡᠩ ᠪᠤᠯᠭ᠋ᠠᠨ ᠠ᠋ᠷᠬᠢᠯᠡᠬᠦ ᠭᠡᠷᠡᠭᠳᠡᠢ ᠭᠡᠵᠤ ᠱᠠᠭ᠋ᠠᠷᠳᠠᠪᠠ᠃
ᠪᠡᠭᠡᠵᠢᠩ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ᠂ ᠵᠤᠬᠢᠶᠠᠨ ᠪᠠᠢ᠌ᠭᠤᠯᠬᠤ ᠵᠦᠪᠯᠡᠯ᠎ᠤᠨ ᠨᠢᠭᠡᠳᠦᠭᠡᠷ ᠳᠡᠳ᠋ ᠠ᠋ᠷᠬᠢᠯᠡᠭᠴᠢ ᠭᠡᠰᠢᠬᠦᠨ ᠼᠠᠢ ᠴᠢ ᠬᠤᠷᠠᠯ᠎ᠳᠤ ᠤᠷᠤᠯᠴᠠᠨ ᠶᠠᠷᠢᠶ᠎ᠠ ᠲᠠᠯᠪᠢᠪᠠ᠃
ᠬᠤ᠌ ᠴᠦᠨ ᠬᠤᠸᠠ ᠳᠡᠯᠡᠭᠡᠢ ᠵᠢᠨ ᠴᠡᠴᠡᠷᠯᠢᠭ᠎ᠤᠨ ᠦᠵᠡᠰᠬᠦᠯᠡᠩ᠎ᠤᠨ ᠴᠤᠭᠯᠠᠭ᠋ᠠᠨ᠎ᠤ ᠪᠡᠯᠡᠳᠭᠡᠯ ᠠᠵᠢᠯ᠎ᠤᠨ ᠠᠬᠢᠴᠠ ᠵᠢ ᠬᠦᠢ᠍ᠴᠡᠳ ᠦᠨᠡᠯᠡᠭᠰᠡᠨ ᠪᠦᠭᠡᠳ ᠡᠯ᠎ᠡ ᠪᠦᠷᠢᠯᠳᠦᠬᠦᠨ ᠨᠢᠭᠡᠴᠢ ᠵᠢᠨ᠎ᠬᠢᠨ ᠴᠤᠴᠠᠯᠳᠠ ᠦᠭᠡᠢ ᠴᠢᠷᠮᠠᠢ᠌ᠵᠤ᠂ ᠠᠰᠠᠭᠤᠳᠠᠯ ᠵᠶ᠋ᠡᠷ ᠤᠳᠤᠷᠢᠳᠤᠮᠵᠢ ᠪᠤᠯᠭ᠋ᠠᠨ᠂ ᠠᠵᠢᠯ᠎ᠤᠨ ᠳᠦᠰᠦᠯ ᠵᠶ᠋ᠡᠨ ᠨᠠᠷᠢᠯᠢᠭᠵᠢᠭᠤᠯᠵᠤ᠂ ᠡᠯ᠎ᠡ ᠵᠦᠢ᠍ᠯ᠎ᠤᠨ ᠭᠠᠳᠠᠭ᠋ᠠᠳᠤ ᠶᠠᠪᠤᠳᠠᠯ᠎ᠤᠨ ᠠᠵᠢᠯᠯᠠᠭ᠎ᠠ ᠵᠢ ᠨᠢᠭᠡᠳᠤᠯᠳᠠᠢ ᠰᠠᠢ᠌ᠳᠤᠷ ᠳᠤᠬᠢᠷᠠᠭᠤᠯᠤᠨ᠂ ᠤᠯᠠᠨ ᠤᠯᠤᠰ᠎ᠢ ᠦᠵᠡᠰᠬᠦᠯᠡᠩ᠎ᠳᠤ ᠤᠷᠤᠯᠴᠠᠭᠤᠯᠬᠤ ᠵᠦᠪᠳᠡᠯᠴᠡᠭᠡᠷ ᠵᠶ᠋ᠡᠨ ᠳᠦᠷᠭᠡᠨ ᠨᠡᠢ᠌ᠳᠡᠪᠤᠷᠢᠭᠤᠯᠵᠤ᠂ ᠦᠵᠡᠰᠬᠦᠯᠡᠩ᠎ᠤᠨ ᠬᠦᠷᠢᠶᠡᠯᠡᠩ ᠳᠤᠭᠤᠷᠢᠭ ᠪᠤᠯᠤᠨ ᠳᠦᠬᠦᠷᠵᠢᠬᠦᠯᠦᠭᠰᠡᠨ ᠳᠤᠨᠤᠭ ᠳᠦᠬᠦᠭᠡᠷᠦᠮᠵᠢ ᠵᠢ ᠳᠡᠭᠡᠳᠤ ᠪᠠᠷᠢᠮᠵᠢᠶ᠎ᠠ᠎ᠳᠤ ᠬᠦᠷᠭᠡᠵᠤ᠂ ᠦᠵᠡᠰᠬᠦᠯᠡᠩ᠎ᠢ ᠪᠠᠢ᠌ᠷᠢᠯᠠᠭᠤᠯᠬᠤ ᠠᠵᠢᠯ᠎ᠢ ᠴᠢᠨᠠᠷᠯᠢᠭ ᠪᠡᠶᠡᠯᠡᠬᠦᠯᠦᠨ᠂ ᠦᠵᠡᠰᠬᠦᠯᠡᠩ᠎ᠤᠨ ᠴᠤᠭᠯᠠᠭ᠋ᠠᠨ᠎ᠤ ᠬᠤᠭᠤᠴᠠᠭ᠋ᠠᠠᠨᠤ ᠠᠵᠢᠯᠯᠠᠭ᠎ᠠ ᠵᠢ ᠨᠠᠷᠢᠨ ᠨᠢᠮᠪᠠᠢ ᠵᠤᠬᠢᠶᠠᠨ ᠪᠠᠢ᠌ᠭᠤᠯᠵᠤ᠂ ᠤᠬᠠᠭᠤᠯᠭ᠎ᠠ ᠵᠢᠨ ᠠ᠋ᠷᠴᠢᠮ ᠵᠶ᠋ᠡᠨ ᠴᠢᠩᠭ᠋ᠠᠷᠠᠭᠤᠯᠤᠨ᠂ ᠦᠢ᠍ᠯᠡᠴᠢᠯᠡᠭᠡ ᠵᠢ ᠪᠠᠳᠤᠯᠠᠵᠤ᠂ ᠠᠮᠤᠷ ᠳᠦᠪᠰᠢᠨ᠎ᠢ ᠪᠠᠳᠤᠯᠠᠨ ᠤᠰᠤᠯ ᠠ᠋ᠨᠳᠡᠯ ᠭᠠᠷᠬᠤ ᠦᠭᠡᠢ ᠪᠠᠢ᠌ᠬᠤ ᠵᠢ ᠪᠠᠳᠤᠯᠠᠬᠤ ᠭᠡᠷᠡᠭᠳᠡᠢ᠃ ᠠ᠋ᠬᠦᠳᠡ᠎ᠪᠠᠨ ᠨᠡᠭᠡᠭᠡᠵᠤ ᠦᠵᠡᠰᠬᠦᠯᠡᠩ ᠠ᠋ᠷᠬᠢᠯᠡᠬᠦ ᠵᠢ ᠪᠠᠷᠢᠮᠳᠠᠯᠠᠵᠤ᠂ ᠪᠤᠰᠤᠳ ᠤᠯᠤᠰ ᠬᠦᠷᠦᠨ᠎ᠤ ᠪᠦᠳᠦᠮᠵᠢᠳᠡᠢ ᠳᠤᠷᠰᠢᠯᠭ᠎ᠠ ᠪᠤᠯᠤᠨ ᠠᠷᠭ᠎ᠠ ᠭᠡᠮᠵᠢᠶ᠎ᠡ ᠵᠢ ᠰᠤᠷᠤᠯᠴᠠᠨ ᠠᠰᠢᠭᠯᠠᠬᠤ ᠭᠡᠷᠡᠭᠳᠡᠢ᠃ ᠦᠵᠡᠰᠬᠦᠯᠡᠩ᠎ᠤᠨ ᠬᠦᠷᠢᠶᠡᠡᠯᠡᠩ ᠳᠤᠭᠤᠷᠢᠭ᠎ᠤᠨ ᠤᠷᠳᠤ ᠬᠤᠭᠤᠴᠠᠭ᠋ᠠᠨ᠎ᠤ ᠡᠵᠡᠩᠨᠡᠯᠳᠡ ᠬᠦᠭᠵᠢᠯᠳᠡ ᠵᠢ ᠠ᠋ᠷᠲᠡ᠎ᠠᠴᠠ ᠳᠦᠯᠦᠪᠵᠢᠬᠦᠯᠵᠤ᠂ ᠨᠢᠭᠡ ᠤᠳᠠᠭ᠎ᠠ ᠦᠵᠡᠰᠬᠦᠯᠡᠩ ᠠ᠋ᠷᠬᠢᠯᠡᠬᠦ᠎ᠪᠠᠷ ᠪᠠᠷᠠᠬᠤ ᠦᠭᠡᠢ ᠬᠤᠵᠢᠮ᠎ᠤᠨ ᠬᠦᠭᠵᠢᠯᠳᠡ ᠵᠢ ᠪᠤᠳᠤᠯᠬᠢᠯᠠᠬᠤ ᠭᠡᠷᠡᠭᠳᠡᠢ ᠭᠡᠵᠤ ᠱᠠᠭ᠋ᠠᠷᠳᠠᠪᠠ᠃