ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 6 ᠳ᠋ᠤᠭ᠋ᠠᠷ ᠰᠠᠷ᠎ᠠ ᠵᠢᠨ 6᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠭᠡᠪᠴᠢᠶᠡᠨ᠎ᠤ ᠬᠠᠮᠢᠶᠠᠷᠤᠯᠳᠠ ᠵᠢᠨ ᠠᠷᠭ᠎ᠠ ᠭᠡᠯᠪᠡᠷᠢ ᠵᠢ ᠦᠭᠡᠷᠡᠴᠢᠯᠡᠬᠦ ᠪᠡ ᠰᠢᠨᠡᠴᠢᠯᠡᠬᠦ ᠵᠢ ᠠᠬᠢᠭᠤᠯᠬᠤ ᠪᠤᠯᠤᠨ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠬᠢᠨᠠᠨ ᠬᠠᠮᠢᠶᠠᠷᠤᠯᠳᠠ ᠵᠢ ᠠᠬᠢᠭᠤᠯᠬᠤ ᠵᠢ ᠪᠠᠢ᠌ᠷᠢᠯᠠᠭᠤᠯᠵᠤ᠂ ᠡᠯ᠎ᠡ ᠳᠦᠷᠦᠯ᠎ᠤᠨ ᠭᠡᠷᠡᠴᠢᠯᠡᠬᠦ ᠤᠴᠢᠷ ᠶᠠᠪᠤᠳᠠᠯ᠎ᠢ ᠪᠦᠬᠦ ᠳᠠᠯ᠎ᠠ᠎ᠪᠠᠷ ᠴᠡᠪᠡᠷᠯᠡᠨ᠂ ᠤᠯᠠᠨ ᠳᠦᠮᠡᠨ ᠪᠤᠯᠤᠨ ᠠᠵᠤ ᠠᠬᠤᠢ᠌ᠯᠠᠯ᠎ᠤᠨ ᠤᠴᠢᠷ ᠶᠠᠪᠤᠳᠠᠯ ᠪᠦᠳᠦᠭᠡᠬᠦ᠎ᠳᠤ ᠳᠠᠭ᠋ᠠᠷᠠᠯᠳᠤᠬᠤ ᠰᠠᠭ᠋ᠠᠳ ᠵᠤᠪᠠᠯᠠᠩ᠎ᠢ ᠶᠡᠭᠡᠪᠡᠷ ᠠᠷᠢᠯᠭ᠋ᠠᠵᠤ᠂ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠤᠨ ᠠᠷᠭ᠎ᠠ ᠭᠡᠮᠵᠢᠶ᠎ᠡ ᠵᠢ ᠤᠯᠠᠮ ᠵᠶ᠋ᠡᠷ ᠳᠡᠬᠦᠯᠳᠡᠷᠵᠢᠬᠦᠯᠬᠦ᠎ᠪᠠᠷ ᠳᠤᠭᠳᠠᠵᠠᠢ᠃
ᠬᠤᠷᠠᠯ᠎ᠠᠴᠠ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠵᠤ᠂ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠠᠷᠭ᠎ᠠ ᠭᠡᠯᠪᠡᠷᠢ ᠵᠢ ᠪᠦᠬᠦ ᠳᠠᠯ᠎ᠠ᠎ᠪᠠᠷ ᠠᠬᠢᠭᠤᠯᠤᠨ᠂ ᠪᠠᠢ᠌ᠴᠠᠭ᠋ᠠᠭᠳᠠᠬᠤ ᠨᠢᠭᠡᠴᠢ ᠵᠢ ᠳᠤᠭᠳᠠᠮᠠᠯ ᠪᠤᠰᠤ᠎ᠪᠠᠷ ᠰᠤᠭᠤᠴᠢᠨ ᠳᠤᠭᠳᠠᠭ᠋ᠠᠵᠤ ᠪᠠᠢ᠌ᠴᠠᠭ᠋ᠠᠵᠤ ᠬᠠᠤᠯᠢ ᠭᠡᠷᠡᠭᠵᠢᠬᠦᠯᠦᠭᠴᠢ ᠵᠢ ᠳᠤᠭᠳᠠᠮᠠᠯ ᠪᠤᠰᠤ᠎ᠪᠠᠷ ᠰᠤᠭᠤᠴᠢᠨ ᠳᠤᠮᠢᠯᠠᠵᠤ᠂ ᠰᠤᠭᠤᠴᠢᠨ ᠪᠠᠢ᠌ᠴᠠᠭ᠋ᠠᠭᠰᠠᠨ ᠪᠠᠢ᠌ᠳᠠᠯ ᠵᠢᠴᠢ ᠪᠠᠢ᠌ᠴᠠᠭ᠋ᠠᠨ ᠰᠢᠢ᠍ᠳᠪᠤᠷᠢᠯᠡᠭᠰᠡᠨ ᠦᠷ᠎ᠡ ᠳ᠋ᠦᠩ᠎ᠢ ᠴᠠᠭ ᠳᠠᠷᠤᠢ᠎ᠳᠤ᠎ᠨᠢ ᠨᠡᠢ᠌ᠭᠡᠮ᠎ᠳᠤ ᠢᠯᠠ ᠪᠤᠯᠭ᠋ᠠᠬᠤ ᠪᠤᠯ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠪᠤᠯᠤᠨ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠬᠦ ᠴᠢᠬᠤᠯᠠ ᠠᠷᠭ᠎ᠠ ᠭᠡᠮᠵᠢᠶ᠎ᠡ ᠪᠤᠯᠤᠨ᠎ᠠ᠃ ᠨᠢᠭᠡ᠎ᠳᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠠ᠋ᠩ᠎ᠤᠨ ᠪᠠᠢ᠌ᠴᠠᠭ᠋ᠠᠯᠳᠠ ᠪᠡ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ》 ᠠᠷᠭ᠎ᠠ ᠭᠡᠯᠪᠡᠷᠢ ᠵᠢ ᠨᠡᠢ᠌ᠳᠡᠮ ᠪᠦᠷᠬᠦᠬᠦᠯᠬᠦ ᠵᠢ ᠠᠬᠢᠭᠤᠯᠵᠤ᠂ ᠪᠠᠢ᠌ᠴᠠᠭ᠋ᠠᠭᠰᠠᠨ ᠦᠷ᠎ᠡ ᠳ᠋ᠦᠩ ᠪᠦᠬᠦᠨ᠎ᠢ ᠢᠯᠡ ᠨᠡᠢ᠌ᠳᠡᠯᠡᠬᠦ ᠭᠡᠷᠡᠭᠳᠡᠢ; ᠬᠤᠶᠠᠷ᠎ᠲᠤ ᠦᠵᠤ ᠳᠦᠯᠦᠪᠯᠡᠭᠡ ᠵᠢ ᠴᠢᠩᠭ᠋ᠠᠳᠬᠠᠨ᠂ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠳᠦᠷᠢᠮ ᠪᠤᠯᠤᠨ ᠶᠠᠪᠤᠴᠠ ᠵᠢ ᠨᠢᠭᠡᠳᠭᠡᠵᠤ᠂ ᠡᠯ᠎ᠡ ᠳᠦᠷᠦᠯ᠎ᠤᠨ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠳᠠᠪᠴᠠᠩ᠎ᠢ ᠨᠡᠢ᠌ᠳᠭᠡᠬᠦ ᠭᠡᠷᠡᠭᠳᠡᠢ; ᠭᠤᠷᠪᠠ᠎ᠳᠤ ᠰᠠᠯᠠᠭ᠎ᠠ ᠮᠦᠴᠢᠷ ᠠᠯᠤᠰᠯᠠᠭᠰᠠᠨ ᠶᠠᠷᠦᠩᠭᠡᠢ᠌ᠯᠡᠭᠰᠡᠨ ᠬᠠᠤᠯᠢ ᠭᠡᠷᠡᠭᠵᠢᠬᠦᠯᠦᠯᠳᠡ᠂ ᠬᠠᠮᠳᠤᠷᠠᠭᠰᠠᠨ ᠬᠢᠨᠠᠨ ᠬᠠᠮᠢᠶᠠᠷᠤᠯᠳᠠ ᠵᠢ ᠠᠬᠢᠭᠤᠯᠵᠤ᠂ ᠤᠯᠠᠨ ᠳᠠᠯ᠎ᠠ ᠤᠯᠠᠨ ᠳᠠᠪᠬᠤᠷᠭ᠎ᠠ ᠳᠡᠰ ᠵᠶ᠋ᠡᠷ ᠳᠠᠪᠬᠤᠷᠳᠠᠵᠤ ᠬᠠᠤᠯᠢ ᠭᠡᠷᠡᠭᠵᠢᠬᠦᠯᠬᠦ ᠵᠢ ᠪᠠᠭ᠋ᠠᠰᠬᠠᠬᠤ ᠭᠡᠷᠡᠭᠳᠡᠢ; ᠳᠦᠷᠪᠡ᠎ᠳᠤ ᠦᠨᠳᠦᠰᠤᠨ ᠱᠠᠳᠤᠨ᠎ᠤ ᠬᠠᠤᠯᠢ ᠭᠡᠷᠡᠭᠵᠢᠬᠦᠯᠬᠦ ᠴᠢᠳᠠᠪᠤᠷᠢ ᠵᠢ ᠳᠡᠭᠡᠭᠰᠢᠯᠡᠬᠦᠯᠵᠤ᠂ ᠬᠢᠨᠠᠨ ᠰᠢᠯᠭ᠋ᠠᠬᠤ ᠪᠠ ᠬᠠᠷᠢᠭᠤᠴᠠᠯᠭ᠎ᠠ ᠨᠡᠭᠡᠮᠵᠢᠯᠡᠬᠦ᠂ ᠬᠠᠷᠢᠭᠤᠴᠯᠠᠭ᠎ᠠ᠎ᠠᠴᠠ ᠭᠡᠯᠳᠦᠷᠢᠬᠦᠯᠬᠦ ᠠᠷᠭ᠎ᠠ ᠵᠢ ᠳᠡᠬᠦᠯᠳᠡᠷᠵᠢᠬᠦᠯᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃ ᠬᠤᠷᠠᠯ᠎ᠠᠴᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷᠤᠨᠬᠢᠨᠢ ᠵᠠᠬ᠎ᠠ ᠳᠡᠯᠭᠡᠬᠦᠷ᠎ᠤᠨ ᠦᠨᠡᠨᠴᠢ ᠭᠤᠤᠯᠴᠢ ᠪᠦᠭᠡᠳ ᠦᠨᠳᠦᠷ ᠦᠷ᠎ᠡ ᠠᠰᠢᠭᠳᠤ ᠬᠢᠨᠠᠨ ᠬᠠᠮᠢᠶᠠᠷᠤᠯᠳᠠ ᠵᠢᠨ ᠰᠢᠨ᠎ᠠ ᠵᠢ ᠠ᠋ᠬᠦᠳᠬᠦ ᠵᠢ ᠠᠬᠢᠭᠤᠯᠬᠤ᠎ᠳᠤ ᠳᠤᠰᠠᠳᠠᠢ ᠠᠷᠭ᠎ᠠ ᠭᠡᠮᠵᠢᠶ᠎ᠡ ᠳᠤᠷᠠᠳᠤᠨ ᠭᠠᠷᠭ᠋ᠠᠬᠤ ᠭᠡᠷᠡᠭᠳᠡᠢ ᠭᠡᠵᠤ ᠱᠠᠭ᠋ᠠᠷᠳᠠᠪᠠ᠃
ᠬᠤᠷᠠᠯ᠎ᠠᠴᠠ ᠠᠵᠤ ᠠᠬᠤᠢ᠌ᠯᠠᠯ ᠪᠤᠯᠤᠨ ᠤᠯᠠᠨ ᠳᠦᠮᠡᠨ᠎ᠤ ᠬᠦᠰᠠᠯ ᠱᠠᠭ᠋ᠠᠷᠳᠠᠯᠭ᠎ᠠ᠎ᠳᠤ ᠵᠤᠬᠢᠴᠠᠭᠤᠯᠵᠤ᠂ ᠡᠯ᠎ᠡ ᠳᠦᠷᠦᠯ᠎ᠤᠨ ᠭᠡᠷᠡᠴᠢᠯᠡᠬᠦ ᠤᠴᠢᠷ ᠶᠠᠪᠤᠳᠠᠯ᠎ᠢ ᠪᠦᠬᠦ ᠳᠠᠯ᠎ᠠ᠎ᠪᠠᠷ ᠴᠡᠪᠡᠷᠯᠡᠬᠦ ᠭᠡᠷᠡᠭᠳᠡᠢ᠃ ᠨᠢᠭᠡ᠎ᠳᠤ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠦᠴᠢᠷ᠎ᠤᠨ ᠳᠦᠷᠢᠮ ᠳᠤᠭᠳᠠᠭ᠋ᠠᠯ ᠪᠤᠯᠤᠨ ᠵᠢᠷᠤᠮᠵᠢᠭᠰᠠᠨ ᠪᠢᠴᠢᠭ ᠮᠠᠲᠸᠷᠢᠶᠠᠯ ᠵᠡᠷᠭᠡ᠎ᠳᠤ ᠳᠤᠭᠳᠠᠭ᠋ᠠᠭᠰᠠᠨ ᠭᠡᠷᠡᠴᠢᠯᠡᠬᠦ ᠤᠴᠢᠷ ᠶᠠᠪᠤᠳᠠᠯ᠎ᠢ ᠰᠢᠭᠤᠳ ᠬᠦᠴᠦᠨ ᠦᠭᠡᠢ ᠪᠤᠯᠭ᠋ᠠᠬᠤ ᠵᠢ᠎ᠨᠢ ᠳᠠᠷᠤᠢ᠌ᠬᠠᠨ ᠬᠦᠴᠤᠨ ᠦᠭᠡᠢ ᠪᠣᠯᠭ᠋ᠠᠵᠤ᠂ ᠳᠦᠷᠢᠮ ᠳᠤᠭᠳᠠᠭ᠋ᠠᠯ ᠪᠢᠴᠢᠭ ᠮᠠᠲᠸᠷᠢᠶᠠᠯ᠎ᠳᠤ ᠵᠠᠰᠠᠪᠤᠷᠢ ᠤᠷᠤᠭᠤᠯᠬᠤ ᠵᠢ᠎ᠨᠢ ᠱᠠᠯᠠᠪᠳᠠᠨ ᠵᠠᠰᠠᠪᠤᠷᠢ ᠣᠷᠣᠭᠤᠯᠬᠤ ᠭᠡᠷᠡᠭᠳᠡᠢ; ᠬᠤᠶᠠᠷ᠎ᠲᠤ ᠬᠠᠤᠯᠢ ᠳᠦᠷᠢᠮ ᠬᠠᠤᠯᠢ ᠴᠠᠭ᠋ᠠᠵᠠ᠎ᠳᠤ ᠳᠤᠭᠳᠠᠭ᠋ᠠᠭᠰᠠᠨ ᠪᠤᠯᠪᠠᠴᠤ ᠬᠠᠤᠯᠢ᠎ᠳᠤ ᠳᠤᠭᠳᠠᠭ᠋ᠠᠭᠰᠠᠨ ᠭᠡᠷᠡᠴᠢ ᠦᠨᠡᠮᠯᠡᠯ᠂ ᠪᠢᠴᠢᠭ ᠵᠶ᠋ᠡᠷ ᠮᠡᠳᠡᠭᠳᠡᠭᠰᠡᠨ ᠠᠮᠠᠯᠠᠯᠳᠠ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠬᠤᠭᠤᠷᠤᠨᠳᠤᠬᠢ ᠰᠢᠯᠭ᠋ᠠᠨ ᠪᠠᠢ᠌ᠴᠠᠭ᠋ᠠᠯᠲᠠ ᠵᠡᠷᠭᠡ᠎ᠳᠤ ᠪᠠᠭᠳᠠᠭᠰᠠᠨ ᠪᠤᠶᠤ ᠤᠷᠤᠯᠠᠭᠤᠯᠵᠤ ᠪᠤᠯᠬᠤ ᠭᠡᠷᠡᠴᠢᠯᠡᠬᠦ ᠤᠴᠢᠷ ᠶᠠᠪᠤᠳᠠᠯ᠎ᠢ ᠵᠠᠰᠠᠪᠤᠷᠢ ᠤᠷᠤᠭᠤᠯᠬᠤ᠎ᠪᠠᠷ ᠭᠤᠶᠤᠴᠢᠯᠠᠨ ᠮᠡᠳᠡᠬᠦᠯᠵᠤ᠂ ᠮᠡᠳᠡᠭᠡ ᠵᠠᠩᠬᠢ ᠵᠢ ᠬᠠᠮᠳᠤ᠎ᠪᠠᠷ ᠠ᠋ᠳ᠋ᠯᠡᠬᠦ ᠪᠡ ᠢᠳᠡᠭᠡᠮᠵᠢ ᠵᠢᠨ ᠰᠢᠰᠲᠸᠮ᠎ᠳᠤ ᠨᠠᠢ᠌ᠳᠠᠨ ᠬᠦᠴᠦᠨ ᠦᠭᠡᠢ ᠪᠤᠯᠭ᠋ᠠᠬᠤ ᠭᠡᠷᠡᠭᠳᠡᠢ; ᠭᠤᠷᠪᠠ᠎ᠳᠤ ᠡᠯ᠎ᠡ ᠭᠠᠵᠠᠷ᠎ᠤᠨ ᠦᠪᠡᠰᠤᠪᠠᠨ ᠳᠤᠭᠳᠠᠭ᠋ᠠᠭᠰᠠᠨ ᠭᠡᠷᠡᠴᠢᠯᠡᠬᠦ ᠤᠴᠢᠷ ᠶᠠᠪᠤᠳᠠᠯ᠎ᠢ ᠤᠷᠤᠨ ᠨᠤᠳᠤᠭ᠎ᠤᠨ ᠴᠢᠨᠠᠷᠲᠠᠢ ᠬᠠᠤᠯᠢ ᠳᠦᠷᠢᠮ᠎ᠳᠤ ᠳᠤᠭᠳᠠᠭ᠋ᠠᠭᠰᠠᠨ᠎ᠠᠴᠠ ᠪᠤᠰᠤᠳ᠎ᠢ᠎ᠨᠢ ᠵᠢᠯ᠎ᠤᠨ ᠡᠴᠦᠰ᠎ᠠᠴᠠ ᠠ᠋ᠮᠤᠨ᠎ᠠ ᠬᠦᠴᠦᠨ ᠦᠭᠡᠢ ᠪᠤᠯᠭ᠋ᠠᠬᠤ ᠭᠡᠷᠡᠭᠳᠡᠢ; ᠳᠦᠷᠪᠡ᠎ᠳᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ᠎ᠬᠢᠨ ᠬᠦᠴᠦᠨ ᠦᠭᠡᠢ ᠪᠤᠯᠭ᠋ᠠᠭᠰᠠᠨ ᠪᠠ ᠦᠯᠡᠳᠡᠭᠡᠭᠰᠡᠨ ᠭᠡᠷᠡᠴᠢᠯᠡᠬᠦ ᠤᠴᠢᠷ ᠶᠠᠪᠤᠳᠠᠯ ᠵᠶ᠋ᠠᠨ ᠴᠠᠭ ᠳᠠᠷᠤᠢ᠎ᠳᠤ᠎ᠨᠢ ᠳᠤᠳᠤᠷᠬᠠᠢ᠌ᠯᠡᠨ᠂ ᠦᠯᠡᠳᠡᠭᠡᠬᠦ ᠴᠢᠬᠤᠯᠠᠲᠠᠢ ᠵᠦᠢ᠍ᠯ᠎ᠢ ᠨᠢᠭᠡᠳ ᠨᠢᠭᠡ᠎ᠪᠠᠷ ᠵᠢᠬᠰᠠᠭ᠋ᠠᠵᠤ ᠭᠡᠷᠡᠴᠢ ᠪᠠᠷᠢᠮᠳᠠ᠂ ᠬᠦᠢ᠍ᠴᠡᠳᠭᠡᠬᠦ ᠵᠦᠭᠯᠡᠬᠦᠷ ᠵᠡᠷᠭᠡ᠎ᠪᠠᠨ ᠳᠤᠭᠳᠠᠭ᠋ᠠᠬᠤ ᠭᠡᠷᠡᠭᠳᠡᠢ ᠭᠡᠵᠤ ᠳᠤᠭᠳᠠᠭ᠋ᠠᠪᠠ᠃
ᠬᠤᠷᠠᠯ᠎ᠠᠴᠠ ᠣᠢ᠌ᠷ᠎ᠠ ᠵᠢᠨ ᠭᠡᠳᠤᠨ ᠵᠢᠯ᠎ᠠᠴᠠ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠳᠤᠤᠱᠯᠠᠭᠤᠯᠵᠤ᠂ ᠨᠡᠢ᠌ᠭᠡᠮ ᠵᠢᠷᠤᠮ᠎ᠤᠨ ᠵᠠᠬ᠎ᠠ ᠳᠡᠯᠭᠡᠬᠦᠷ᠎ᠤᠨ ᠠᠵᠤ ᠠᠬᠤᠢ ᠵᠢᠨ ᠱᠠᠭ᠋ᠠᠷᠳᠠᠯᠭ᠎ᠠ ᠵᠢ ᠵᠢᠷᠤᠮᠯᠠᠨ᠂ ᠨᠡᠢ᠌ᠭᠡᠮ᠎ᠤᠨ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠠᠬᠢᠭᠤᠯᠵᠤ᠂ ᠨᠡᠢ᠌ᠭᠡᠮ᠎ᠤᠨ ᠢᠳᠡᠭᠡᠮᠵᠢ ᠵᠢᠨ ᠳᠦᠯᠦᠭᠡᠨᠤ ᠨᠤᠮᠸᠷ᠎ᠢ ᠦᠨᠳᠦᠰᠦᠨ᠎ᠳᠤ᠎ᠪᠠᠨ ᠪᠦᠷᠬᠦᠬᠦᠯᠦᠨ᠂ ᠢᠳᠡᠭᠡᠯ ᠨᠡᠢ᠌ᠳᠡᠪᠤᠷᠢᠪᠠᠨ ᠪᠠᠷᠢᠮᠳᠠᠯᠠᠭᠰᠠᠳᠢ ᠬᠠᠮᠳᠤ᠎ᠪᠠᠷ ᠵᠤᠷᠢᠭᠵᠢᠭᠤᠯᠬᠤ ᠪᠠ ᠢᠳᠡᠭᠡᠮᠵᠢ᠎ᠪᠠᠨ ᠠᠯᠳᠠᠭᠰᠠᠳ᠎ᠢ ᠬᠠᠮᠳᠤ᠎ᠪᠠᠷ ᠵᠠᠯᠬᠠᠭ᠋ᠠᠨ ᠴᠡᠭᠡᠷᠯᠡᠬᠦᠯᠬᠦ ᠳᠤᠭᠳᠠᠴᠠ ᠠᠩᠬ᠎ᠠ ᠠᠯᠬᠤᠮ᠎ᠤᠨ ᠠᠮᠵᠢᠯᠳᠠ ᠤᠯᠪᠠ᠃ ᠨᠢᠭᠡ᠎ᠳᠤ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠬᠦ ᠵᠢᠨ ᠳᠤᠭᠤᠷᠢᠨ᠎ᠳᠤ ᠢᠳᠡᠭᠡᠮᠵᠢ᠎ᠪᠠᠷ ᠭᠤᠤᠯ ᠪᠤᠯᠭ᠋ᠠᠭᠰᠠᠨ ᠬᠢᠨᠠᠨ ᠬᠠᠮᠢᠶᠠᠷᠤᠯᠳᠠ ᠵᠢᠨ ᠳᠤᠭᠳᠠᠴᠠ ᠵᠢᠨ ᠪᠠᠢ᠌ᠭᠤᠯᠤᠯᠳᠠ ᠵᠢ ᠳᠦᠷᠭᠡᠳᠭᠡᠵᠤ᠂ ᠮᠡᠳᠡᠭᠳᠡᠵᠤ ᠠᠮᠠᠯᠳᠠᠬᠤ ᠳᠦᠷᠢᠮ᠎ᠢ ᠳᠡᠯᠭᠡᠷᠡᠬᠦᠯᠪᠡ᠃ ᠬᠤᠶᠠᠷ᠎ᠲᠤ ᠨᠡᠷ᠎ᠠ ᠵᠢᠨ ᠬᠠᠷ᠎ᠠ ᠳᠠᠩᠰᠠ ᠵᠢᠨ ᠳᠦᠷᠢᠮ᠎ᠢ ᠪᠠᠢ᠌ᠭᠤᠯᠵᠤ᠂ ᠢᠳᠡᠭᠡᠮᠵᠢ᠎ᠪᠠᠷ ᠬᠢᠵᠠᠭ᠋ᠠᠷᠯᠠᠬᠤ ᠵᠢ ᠴᠢᠩᠭ᠋ᠠᠳᠬᠠᠨ᠂ ᠬᠤᠤᠷᠯᠠᠵᠤ ᠮᠡᠭᠡᠯᠡᠵᠤ ᠬᠠᠭᠤᠷᠴᠤ ᠪᠠᠴᠢᠯᠠᠬᠤ᠂ ᠬᠤᠳᠠᠯ ᠬᠠᠭᠤᠷᠮᠠᠭ ᠵᠡᠷ ᠮᠡᠳᠡᠭᠡ᠎ᠪᠠᠷ ᠮᠡᠭᠡᠯᠡᠬᠦ ᠵᠡᠷᠭᠡ ᠬᠠᠤᠯᠢ ᠳᠦᠷᠢᠮ᠎ᠠᠴᠠ ᠵᠦᠷᠢᠴᠡᠭᠰᠡᠨ ᠠᠵᠢᠯᠯᠠᠭ᠎ᠠ ᠵᠢ ᠢᠯᠡᠴᠢᠯᠡᠵᠤ᠂ ᠠ᠋ᠷᠡᠰ ᠵᠠᠰᠠᠵᠤ ᠴᠡᠭᠴᠡᠯᠡᠨ᠂ ᠢᠳᠡᠭᠡᠮᠵᠢ᠎ᠪᠠᠨ ᠠᠯᠳᠠᠭᠰᠠᠳ᠎ᠲᠤ ᠵᠠᠯᠬᠠᠭ᠋ᠠᠯ ᠪᠠ ᠰᠦᠷᠳᠡᠬᠦᠯᠦᠯ ᠦᠭᠪᠡ᠃ ᠭᠤᠷᠪᠠ᠎ᠳᠤ ᠮᠡᠳᠡᠭᠡ ᠵᠠᠩᠬᠢ ᠵᠢᠨ ᠠᠮᠤᠷ ᠳᠦᠪᠰᠢᠨ᠎ᠤ ᠬᠤᠷᠢᠭ᠎ᠠ ᠴᠡᠭᠡᠷ᠎ᠢ ᠴᠢᠩᠭ᠎ᠠ ᠰᠠᠬᠢᠵᠤ᠂ ᠠᠷᠠᠯᠵᠢᠶ᠎ᠠ ᠬᠤᠳᠠᠯᠳᠤᠭ᠋ᠠᠨ᠎ᠤ ᠪᠠ ᠬᠤᠪᠢ ᠬᠦᠮᠦᠨ᠎ᠤ ᠨᠢᠭᠤᠴᠠ ᠵᠢ ᠬᠠᠮᠠᠭ᠋ᠠᠯᠠᠪᠠ᠃ ᠳᠦᠷᠪᠡ᠎ᠳᠤ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ ᠵᠢᠨ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠳᠦᠷᠭᠡᠳᠭᠡᠨ᠂ ᠠᠷᠠᠳ ᠤᠯᠠᠨ᠎ᠤ ᠵᠤᠯ ᠵᠢᠷᠭ᠋ᠠᠯ᠎ᠢ ᠨᠡᠮᠡᠭᠳᠡᠬᠦᠯᠪᠡ᠃ ᠳᠠᠪᠤ᠎ᠳᠤ ᠨᠡᠢ᠌ᠭᠡᠮ᠎ᠤᠨ ᠬᠦᠴᠦᠨ᠎ᠢ ᠵᠢᠯᠤᠭᠤᠳᠤᠨ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ᠎ᠳᠤ ᠤᠷᠤᠯᠴᠠᠭᠤᠯᠵᠤ᠂ ᠭᠤᠷᠪᠠᠳᠤᠭ᠋ᠠᠷ ᠳᠡᠯ᠎ᠡ ᠵᠢᠨ ᠢᠳᠡᠭᠡᠮᠵᠢᠳᠤ ᠦᠢ᠍ᠯᠡᠴᠢᠯᠡᠭᠡ ᠵᠢ ᠬᠦᠭᠵᠢᠬᠦᠯᠦᠨ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠢᠳᠡᠭᠡᠯ ᠨᠡᠢ᠌ᠳᠡᠪᠤᠷᠢ ᠵᠢᠨ ᠪᠠᠢ᠌ᠭᠤᠯᠤᠯᠳᠠ ᠵᠢ ᠴᠢᠩᠭ᠋ᠠᠳᠬᠠᠵᠤ᠂ 《ᠰᠢᠨ᠎ᠠ ᠳᠠᠷᠤᠭ᠎ᠠ ᠬᠠᠭᠤᠴᠢᠨ ᠳᠠᠩᠰᠠ ᠵᠢ ᠬᠠᠮᠢᠶᠠᠷᠬᠤ ᠦᠭᠡᠢ》 ᠠᠰᠠᠭᠤᠳᠠᠯ᠎ᠢ ᠬᠠᠤᠯᠢ ᠶᠤᠰᠤᠭ᠋ᠠᠷ ᠪᠠᠢ᠌ᠴᠠᠭ᠋ᠠᠨ ᠰᠢᠢ᠍ᠳᠪᠤᠷᠢᠯᠡᠪᠡ ᠭᠡᠵᠤ ᠵᠢᠭ᠋ᠠᠵᠤ ᠭᠠᠷᠭ᠋ᠠᠪᠠ᠃