ᠶᠡᠷᠦᠩᠭᠡᠢ ᠰᠠᠢ᠌ᠳ ᠯᠢ ᠺᠸ ᠴᠢᠶᠠᠩ 7 ᠳ᠋ᠤᠭ᠋ᠠᠷ ᠰᠠᠷ᠎ᠠ ᠵᠢᠨ 30᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ᠄ 《ᠰᠤᠷᠭ᠋ᠠᠨ ᠬᠦᠮᠦᠵᠢᠯ ᠢᠯᠠᠩᠭᠤᠶ᠎ᠠ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠨᠢ ᠤᠯᠤᠰ ᠪᠤᠯᠤᠨ ᠦᠨᠳᠦᠰᠦᠳᠡᠨ᠎ᠤ ᠠᠯᠤᠰ ᠭᠡᠳᠤ ᠵᠢᠨ ᠬᠦᠭᠵᠢᠯᠳᠡ᠎ᠳᠤ ᠬᠤᠯᠪᠤᠭᠳᠠᠨ᠎ᠠ᠃ ᠤᠷᠤᠨ ᠨᠤᠳᠤᠭ᠎ᠤᠨ ᠵᠠᠰᠠᠭ᠎ᠤᠨ ᠤᠷᠳᠤᠨ ᠠ᠋ᠷᠬᠡᠪᠰᠢ ᠬᠠᠷᠢᠭᠤᠴᠠᠵᠤ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠪᠠᠭᠰᠢ ᠨᠠᠷ᠎ᠤᠨ ᠳᠡᠭᠰᠢᠳᠭᠡᠭᠰᠡᠨ ᠴᠠᠯᠢᠩ᠎ᠢ ᠳᠤᠬᠠᠢ ᠵᠢᠨ ᠭᠠᠵᠠᠷ᠎ᠤᠨ ᠠᠯᠪᠠᠳᠠᠨ᠎ᠤ ᠳᠡᠭᠰᠢᠳᠭᠡᠭᠰᠡᠨ ᠴᠠᠯᠢᠩ᠎ᠠᠴᠠ ᠳᠤᠤᠷ᠎ᠠ ᠪᠠᠢ᠌ᠯᠭ᠋ᠠᠬᠤ ᠦᠭᠡᠢ ᠵᠢ ᠪᠠᠳᠤᠯᠠᠬᠤ ᠭᠡᠷᠡᠭᠳᠡᠢ》᠃ 《ᠪᠠᠷᠢᠮᠵᠢᠶ᠎ᠠ᠎ᠳᠤ ᠬᠦᠷᠦᠭᠰᠡᠨ ᠦᠭᠡᠢ ᠮᠤᠵᠢ ᠤᠷᠤᠨ ᠬᠤᠭᠤᠴᠠᠭ᠎ᠠ ᠳᠤᠭᠳᠠᠭ᠋ᠠᠨ ᠵᠠᠰᠠᠵᠤ ᠴᠡᠭᠴᠡᠯᠠᠨ ᠪᠠᠷᠢᠮᠵᠢᠶ᠎ᠠ᠎ᠳᠤ ᠬᠦᠷᠭᠡᠬᠦ ᠭᠡᠷᠡᠭᠳᠡᠢ᠂ ᠠ᠋ᠨᠡᠬᠦ ᠶᠠᠪᠤᠳᠠᠯ᠎ᠢ ᠰᠠᠭ᠋ᠠᠳᠠᠭ᠋ᠠᠨ ᠬᠤᠢ᠌ᠰᠢᠯᠠᠭᠤᠯᠵᠤ ᠪᠤᠯᠬᠤ ᠦᠭᠡᠢ᠂ ᠭᠡᠷᠪᠡ ᠰᠠᠭ᠋ᠠᠳᠠᠭ᠋ᠠᠨ ᠬᠤᠢ᠌ᠰᠢᠯᠠᠭᠤᠯᠬᠤ᠎ᠳᠤ ᠬᠦᠷᠪᠡᠯ ᠨᠢᠭᠡ ᠦᠶ᠎ᠡ ᠵᠢᠨ᠎ᠬᠢᠨ᠎ᠢ ᠰᠠᠭ᠋ᠠᠳᠠᠭ᠋ᠠᠵᠤ ᠬᠤᠢ᠌ᠰᠢᠯᠠᠭᠤᠯᠤᠭᠰᠠᠨ ᠶᠠᠪᠤᠳᠠᠯ ᠪᠤᠯᠤᠨ᠎ᠠ᠂ ᠠ᠋ᠷᠭᠡᠪᠰᠢ ᠳᠦᠷᠭᠡᠨ ᠪᠡᠶᠡᠯᠡᠬᠦᠯᠬᠦ ᠭᠡᠷᠡᠭᠳᠡᠢ》 ᠭᠡᠵᠤ ᠴᠢᠬᠤᠯᠠᠴᠢᠯᠠᠵᠠᠢ᠃
ᠯᠢ ᠺᠸ ᠴᠢᠶᠠᠩ ᠳᠤᠰ ᠠ᠋ᠳᠤᠷ᠎ᠤᠨ ᠬᠤᠷᠠᠯ ᠳᠡᠭᠡᠷ᠎ᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠴᠠᠯᠢᠩ ᠤᠯᠭᠤᠮᠵᠢ᠎ᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠳᠤᠬᠠᠢ ᠬᠠᠷᠢᠭᠤ ᠮᠡᠳᠡᠬᠦᠯᠦᠯᠳᠡ ᠵᠢ ᠰᠤᠨᠤᠰᠤᠭᠰᠠᠨ᠎ᠤ ᠳᠠᠷᠠᠭ᠎ᠠ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠪᠠᠭᠰᠢ ᠨᠠᠷ᠎ᠤᠨ ᠳᠡᠭᠰᠢᠳᠭᠡᠭᠰᠡᠨ ᠴᠠᠯᠢᠩ᠎ᠤᠨ ᠭᠡᠮᠵᠢᠶ᠎ᠠ᠎ᠨᠢ 《ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠬᠠᠤᠯᠢ》᠎ᠳᠤ ᠳᠤᠭᠳᠠᠭ᠋ᠠᠭᠰᠠᠨ ᠱᠠᠭ᠋ᠠᠷᠳᠠᠯᠭ᠎ᠠ᠎ᠳᠤ ᠬᠦᠷᠦᠭᠰᠡᠨ ᠦᠭᠡᠢ ᠪᠤᠯ ᠬᠤᠭᠤᠴᠠᠭ᠎ᠠ ᠳᠤᠭᠳᠠᠭ᠋ᠠᠨ ᠵᠠᠰᠠᠨ ᠴᠡᠭᠴᠡᠯᠠᠵᠤ ᠪᠠᠷᠢᠮᠵᠢᠶ᠎ᠠ᠎ᠳᠤ ᠬᠦᠷᠦᠬᠦᠯᠬᠦ ᠭᠡᠷᠡᠭᠳᠡᠢ᠃ ᠠ᠋ᠳ᠋᠎ᠤᠨ ᠬᠦᠴᠦᠨ ᠨᠡᠯᠢᠶᠡᠳ ᠰᠠᠢ᠌ᠨ ᠮᠤᠵᠢ ᠤᠷᠤᠨ ᠤᠷᠢᠳᠠᠪᠡᠷ ᠨᠡᠢ᠌ᠳᠡᠪᠤᠷᠢᠵᠢᠭᠤᠯᠵᠤ᠂ ᠡᠯ᠎ᠡ ᠭᠠᠵᠠᠷ᠎ᠤᠨ᠎ᠬᠢᠨ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠡᠨ ᠳᠤᠭᠳᠠᠮᠠᠯ ᠬᠤᠭᠤᠴᠠᠭ᠎ᠠ᠎ᠲᠠᠢ᠎ᠪᠠᠷ ᠰᠤᠷᠭ᠋ᠠᠨ ᠬᠦᠮᠦᠵᠢᠯ᠎ᠤᠨ ᠶᠠᠮᠤᠨ᠂ ᠠ᠋ᠳ᠋᠎ᠤᠨ ᠵᠠᠰᠠᠭ᠎ᠤᠨ ᠶᠠᠮᠤᠨ᠎ᠳᠤ ᠮᠡᠳᠡᠬᠦᠯᠵᠤ᠂ ᠳᠦᠷᠦ ᠵᠢᠨ ᠶᠠᠪᠤᠳᠠᠯ᠎ᠤᠨ ᠬᠤᠷᠢᠶ᠎ᠠ ᠰᠢᠪᠠᠳᠠᠨ ᠪᠠᠢ᠌ᠴᠠᠭ᠋ᠠᠵᠤ ᠪᠠᠢ᠌ᠬᠤ ᠭᠡᠷᠡᠭᠳᠡᠢ ᠭᠡᠵᠤ ᠱᠠᠭ᠋ᠠᠷᠳᠠᠵᠠᠢ᠃
ᠳᠤᠰ ᠠ᠋ᠳᠤᠷ᠎ᠤᠨ ᠬᠤᠷᠠᠯ ᠳᠡᠭᠡᠷ᠎ᠠ ᠪᠠᠰᠠ ᠰᠤᠷᠭ᠋ᠠᠨ ᠬᠦᠮᠦᠵᠢᠯ᠎ᠤᠨ ᠵᠠᠷᠤᠯᠭ᠎ᠠ ᠵᠢᠨ ᠪᠦᠳᠦᠴᠡ ᠵᠢ ᠰᠢᠯᠢᠳᠡᠭᠵᠢᠬᠦᠯᠬᠦ ᠳᠤᠬᠠᠢ ᠪᠠᠢ᠌ᠷᠢᠯᠠᠭᠤᠯᠤᠯᠳᠠ ᠬᠢᠵᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠬᠠᠷᠢᠭᠤ ᠮᠡᠳᠡᠬᠦᠯᠦᠯᠳᠡ ᠬᠢᠵᠤ᠂ ᠤᠢ᠌ᠷ᠎ᠠ ᠵᠢᠨ ᠵᠢᠯ᠎ᠠᠴᠠ ᠤᠯᠤᠰ᠎ᠤᠨ ᠠ᠋ᠳ᠋᠎ᠤᠨ ᠵᠠᠰᠠᠭ᠎ᠤᠨ ᠴᠢᠨᠠᠷᠲᠠᠢ ᠰᠤᠷᠭ᠋ᠠᠨ ᠬᠦᠮᠦᠵᠢᠯ᠎ᠤᠨ ᠵᠠᠷᠤᠳᠠᠯ᠎ᠳᠤ ᠦᠭᠬᠦ ᠵᠤᠭᠤᠰ᠎ᠨᠢ ᠤᠯᠤᠰ᠎ᠤᠨ ᠳᠤᠳᠤᠭ᠋ᠠᠳᠤ ᠵᠢᠨ ᠦᠢ᠍ᠯᠡᠳᠪᠤᠷᠢᠯᠡᠯ᠎ᠤᠨ ᠶᠡᠷᠦᠩᠭᠡᠢ ᠦᠷᠳᠡᠭ᠎ᠤᠨ 4%᠎ᠠᠴᠠ ᠳᠡᠭᠡᠭᠰᠢ ᠪᠠᠢ᠌ᠯᠭ᠋ᠠᠬᠤ ᠵᠢ ᠦᠷᠬᠦᠯᠵᠢᠯᠡᠨ ᠪᠠᠷᠢᠮᠳᠠᠯᠠᠵᠤ᠂ ᠪᠡᠯᠡ ᠤᠷᠤᠭᠤᠯᠤᠯᠳᠠ ᠵᠢᠨ ᠳᠤᠭᠳᠠᠴᠠ ᠵᠢ ᠠᠯᠬᠤᠮ ᠠᠯᠬᠤᠮ ᠵᠶ᠋ᠡᠷ ᠳᠡᠬᠦᠯᠳᠡᠷᠵᠢᠬᠦᠯᠦᠨ᠂ ᠰᠤᠷᠭ᠋ᠠᠨ ᠬᠦᠮᠦᠵᠢᠯ᠎ᠤᠨ ᠦᠢ᠍ᠯᠡᠰ᠎ᠤᠨ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠪᠠ ᠭᠡᠵᠡᠢ᠃
ᠯᠢ ᠺᠸ ᠴᠢᠶᠠᠩ᠄ 《ᠤᠳᠤᠬᠠᠨ᠎ᠳᠤ ᠠ᠋ᠳ᠋᠎ᠤᠨ ᠵᠠᠰᠠᠭ᠎ᠠᠴᠠ ᠰᠤᠷᠭ᠋ᠠᠨ ᠬᠦᠮᠦᠵᠢᠯ᠎ᠳᠤ ᠶᠡᠭᠡ ᠭᠡᠮᠵᠢᠶᠡᠨ᠎ᠤ ᠪᠡᠯᠡ ᠤᠷᠤᠭᠤᠯᠬᠤ ᠪᠤᠯᠪᠠ᠂ ᠭᠡᠬᠦ᠎ᠳᠤ ᠭᠡᠷᠡᠭᠯᠡᠵᠤ ᠵᠠᠷᠤᠬᠤ ᠳᠡᠭᠡᠷ᠎ᠠ 〈ᠨᠡᠢ᠌ᠳᠡᠮ᠎ᠳᠤ ᠳᠠᠷᠬᠠᠭ᠋ᠠᠨ ᠦᠭᠬᠦ〉 ᠵᠡᠷᠭᠡ ᠪᠠᠢ᠌ᠳᠠᠯ ᠤᠷᠤᠰᠢᠵᠤ ᠪᠠᠢ᠌ᠨ᠎ᠠ᠃ ᠰᠤᠷᠭ᠋ᠠᠨ ᠬᠦᠮᠦᠵᠢᠯ᠎ᠤᠨ ᠵᠦᠢ ᠵᠤᠬᠢᠰᠳᠠᠢ ᠪᠡᠯᠡ ᠤᠷᠤᠭᠤᠯᠤᠯᠳᠠ ᠵᠢ ᠪᠠᠳᠤᠯᠠᠬᠤ ᠵᠢᠨ ᠬᠠᠮᠳᠤ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠭᠤᠤᠯᠳᠠᠯᠭ᠎ᠠ ᠵᠢᠨ ᠭᠤᠤᠯᠳᠠᠯᠭ᠎ᠠ ᠪᠤᠯᠭ᠋ᠠᠵᠤ᠂ ᠰᠤᠷᠭ᠋ᠠᠨ ᠬᠦᠮᠦᠵᠢᠯ᠎ᠤᠨ ᠵᠠᠷᠤᠯᠭ᠎ᠠ ᠵᠢᠨ ᠪᠦᠳᠦᠴᠡ ᠵᠢ ᠰᠢᠯᠢᠳᠡᠭᠵᠢᠬᠦᠯᠦᠨ᠂ ᠠ᠋ᠷᠭᠡ ᠳᠡᠭᠰᠢ ᠪᠦᠭᠡᠳ ᠴᠢᠨᠠᠷᠯᠢᠭ ᠰᠤᠷᠭ᠋ᠠᠨ ᠬᠦᠮᠦᠵᠢᠯ᠎ᠤᠨ ᠬᠦᠭᠵᠢᠯᠳᠡ ᠵᠢ ᠠᠬᠢᠭᠤᠯᠬᠤ ᠭᠡᠷᠡᠭᠳᠡᠢ᠃ ᠤᠳᠤᠬᠠᠨ᠎ᠳᠤ ᠶᠠᠭᠤᠨ᠎ᠤ ᠤᠷᠢᠳ ᠬᠠᠤᠯᠢ᠎ᠳᠤ ᠳᠤᠭᠳᠠᠭ᠋ᠠᠭᠰᠠᠨ ᠦᠨᠳᠦᠰᠤᠨ ᠰᠤᠷᠭ᠋ᠠᠨ ᠬᠦᠮᠦᠵᠢᠯ᠎ᠤᠨ ᠠ᠋ᠭᠦᠷᠭᠡ ᠬᠠᠷᠢᠭᠤᠴᠠᠯᠭ᠎ᠠ ᠵᠢ ᠰᠠᠢ᠌ᠳᠤᠷ ᠨᠡᠢ᠌ᠳᠡᠪᠤᠷᠢᠵᠢᠭᠤᠯᠬᠤ ᠭᠡᠷᠡᠭᠳᠡᠢ》 ᠭᠡᠪᠡ᠃
ᠶᠡᠷᠦᠩᠭᠡᠢ ᠰᠠᠢ᠌ᠳ᠎ᠠᠴᠠ ᠰᠤᠷᠤᠯᠭ᠎ᠠ᠎ᠪᠠᠨ ᠳᠤᠷᠭᠤᠨ ᠵᠤᠭᠰᠤᠬᠤ ᠵᠢ ᠬᠤᠷᠢᠭᠯᠠᠬᠤ᠂ ᠵᠠᠷᠢᠮ ᠠᠩᠬᠢ ᠵᠢᠨ ᠰᠤᠷᠤᠭᠴᠢ ᠵᠢᠨ ᠳᠤᠭ᠎ᠠ ᠳᠡᠩᠳᠡᠬᠦᠤ ᠤᠯᠠᠨ ᠪᠠᠢ᠌ᠬᠤ᠂ ᠭᠡᠷ᠎ᠲᠡᠭᠡᠨ ᠦᠯᠡᠳᠡᠭᠰᠡᠨ ᠭᠡᠤᠭᠡᠳ᠎ᠤᠨ ᠰᠤᠷᠭ᠋ᠠᠨ ᠬᠦᠮᠦᠵᠢᠯ᠎ᠢ ᠪᠠᠳᠤᠯᠠᠬᠤ ᠵᠡᠷᠭᠡ ᠠᠷᠠᠳ ᠤᠯᠠᠨ᠎ᠤ ᠠᠩᠬᠠᠷᠴᠤ ᠪᠠᠢ᠌ᠭ᠎ᠠ ᠠᠰᠠᠭᠤᠳᠠᠯ᠎ᠢ ᠭᠤᠤᠯᠳᠠᠯᠭ᠎ᠠ᠎ᠲᠠᠢ ᠰᠢᠢ᠍ᠳᠪᠦᠷᠢᠯᠡᠵᠤ᠂ ᠳᠤᠳᠠᠭᠤᠳᠠᠯ ᠵᠶ᠋ᠡᠨ ᠨᠦᠬᠦᠪᠦᠷᠢᠯᠡᠬᠦ ᠭᠡᠷᠡᠭᠳᠡᠢ ᠭᠡᠪᠡ᠃
ᠬᠤᠷᠠᠯ᠎ᠠᠴᠠ ᠡᠯ᠎ᠡ ᠭᠠᠵᠠᠷ᠎ᠤᠨ᠎ᠬᠢᠨ ᠭᠠᠵᠠᠷ ᠤᠷᠤᠨ᠎ᠤ᠎ᠪᠠᠨ ᠡᠯ᠎ᠡ ᠱᠠᠳᠤᠨ᠎ᠤ ᠰᠤᠷᠭ᠋ᠠᠭᠤᠯᠢ ᠵᠢᠨ ᠰᠤᠷᠤᠭᠴᠢ ᠵᠢᠨ ᠳᠡᠭᠰᠢᠳᠭᠡᠭᠰᠡᠨ ᠵᠠᠷᠤᠳᠠᠯ ᠪᠤᠯᠤᠨ ᠠ᠋ᠳ᠋᠎ᠤᠨ ᠵᠠᠰᠠᠭ᠎ᠠᠴᠠ ᠦᠭᠬᠦ ᠵᠤᠭᠤᠰᠤᠨ᠎ᠤ ᠦᠨᠳᠦᠰᠦᠨ ᠪᠠᠷᠢᠮᠵᠢᠶ᠎ᠠ ᠵᠢ ᠳᠤᠭᠳᠠᠭ᠋ᠠᠬᠤ ᠭᠡᠷᠡᠭᠳᠡᠢ᠃ ᠨᠡᠢ᠌ᠭᠡᠮ᠎ᠤᠨ ᠬᠦᠴᠦᠨ᠎ᠤ ᠰᠤᠷᠭ᠋ᠠᠨ ᠬᠦᠮᠦᠵᠢᠯ᠎ᠳᠤ ᠪᠡᠯᠡ ᠤᠷᠤᠭᠤᠯᠬᠤ᠎ᠪᠠᠨ ᠨᠡᠮᠡᠭᠳᠡᠬᠦᠯᠬᠦ ᠵᠢ ᠵᠢᠯᠤᠭᠤᠳᠤᠨ ᠬᠢᠬᠦ ᠭᠡᠷᠡᠭᠳᠡᠢ᠃ ᠠ᠋ᠳ᠋᠎ᠤᠨ ᠵᠠᠰᠠᠭ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠤᠨ ᠬᠠᠳᠠᠭ᠋ᠠᠯᠠᠮᠵᠢ ᠵᠢ ᠤᠷᠢᠳᠠᠪᠠᠷ ᠪᠠᠳᠤᠯᠠᠵᠤ᠂ ᠳᠦᠢ᠍ᠯ᠎ᠤᠨ ᠶᠠᠳᠠᠭᠤ ᠬᠦᠴᠢᠷᠳᠡᠯ᠎ᠲᠠᠢ ᠭᠠᠵᠠᠷ ᠤᠷᠤᠨ ᠪᠤᠯᠤᠨ ᠶᠠᠳᠠᠭᠤ ᠬᠦᠴᠢᠷᠳᠡᠯ᠎ᠲᠠᠢ ᠭᠡᠷ ᠪᠦᠯᠢ ᠵᠢᠨ ᠦᠷ᠎ᠠ ᠭᠡᠤᠭᠡᠳ᠎ᠤᠨ ᠵᠠᠷᠤᠴᠠᠭᠤᠯᠬᠤ᠎ᠳᠤ ᠳᠦᠬᠦᠮ ᠪᠤᠯᠭ᠋ᠠᠬᠤ ᠭᠡᠷᠡᠭᠳᠡᠢ᠃ ᠠ᠋ᠳ᠋᠎ᠤᠨ ᠵᠠᠰᠠᠭ᠎ᠤᠨ ᠰᠤᠷᠭ᠋ᠠᠨ ᠬᠦᠮᠦᠵᠢᠯ᠎ᠤᠨ ᠪᠡᠯᠡ ᠮᠦᠩᠬᠦ᠎ᠳᠤ ᠠᠮᠵᠢᠯᠳᠠ ᠪᠦᠳᠦᠮᠵᠢ ᠵᠢᠨ ᠬᠠᠮᠢᠶᠠᠷᠤᠯᠳᠠ ᠵᠢ ᠭᠡᠷᠡᠭᠵᠢᠬᠦᠯᠵᠤ᠂ ᠪᠠᠷᠢᠮᠵᠢᠶ᠎ᠠ᠎ᠠᠴᠠ ᠳᠠᠪᠠᠭᠰᠠᠨ ᠰᠤᠷᠭ᠋ᠠᠭᠤᠯᠢ ᠪᠠᠢ᠌ᠭᠤᠯᠬᠤ ᠵᠢ ᠠ᠋ᠷᠡᠰ ᠬᠤᠷᠢᠭᠯᠠᠨ᠂ ᠰᠤᠷᠭ᠋ᠠᠨ ᠬᠦᠮᠦᠵᠢᠯ᠎ᠤᠨ ᠵᠠᠷᠤᠳᠠᠯ ᠮᠦᠩᠬᠦ ᠵᠢ ᠵᠠᠩᠬᠢᠯᠠᠭ᠎ᠠ ᠵᠢᠨ ᠭᠠᠵᠠᠷ᠎ᠲᠤᠨᠢ ᠭᠡᠷᠡᠭᠯᠡᠬᠦ ᠭᠡᠷᠡᠭᠳᠡᠢ ᠭᠡᠵᠤ ᠳᠤᠭᠳᠠᠭ᠋ᠠᠵᠠᠢ᠃
ᠯᠢ ᠺᠸ ᠴᠢᠶᠠᠩ ᠬᠠᠮᠤᠭ ᠰᠡᠬᠦᠯ᠎ᠳᠤ᠄ 《ᠰᠤᠷᠭ᠋ᠠᠨ ᠬᠦᠮᠦᠵᠢᠯ᠎ᠤᠨ ᠵᠠᠷᠤᠯᠭ᠎ᠠ ᠵᠢᠨ ᠪᠦᠳᠦᠴᠡ ᠵᠢ ᠰᠢᠯᠢᠳᠡᠭᠵᠢᠬᠦᠯᠦᠨ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠪᠠᠭᠰᠢ ᠨᠠᠷ᠎ᠤᠨ ᠤᠷᠤᠯᠭ᠎ᠠ ᠵᠢ ᠪᠠᠳᠤᠯᠠᠬᠤ ᠵᠢᠨ ᠬᠠᠮᠳᠤ ᠰᠤᠷᠭ᠋ᠠᠨ ᠬᠦᠮᠦᠵᠢᠯ᠎ᠤᠨ ᠶᠠᠮᠤᠨ᠎ᠤ᠎ᠬᠢᠨ ᠪᠠᠭᠰᠢ ᠨᠠᠷ᠎ᠤᠨ ᠤᠷᠤᠨ ᠳᠤᠭ᠋ᠠᠨ᠎ᠤ ᠬᠠᠮᠢᠶᠠᠷᠤᠯᠳᠠ ᠵᠢ ᠵᠢᠷᠤᠮᠵᠢᠭᠤᠯᠵᠤ᠂ ᠤᠷᠤᠨ ᠳᠤᠭ᠋ᠠᠨᠳᠤ ᠦᠭᠡᠢ ᠪᠦᠭᠡᠳ ᠨᠦᠬᠦᠴᠡᠯ᠎ᠳᠤ ᠨᠡᠢ᠌ᠴᠡᠬᠦ ᠪᠠᠭᠰᠢ ᠨᠠᠷ᠎ᠢ ᠤᠷᠤᠨ ᠳᠤᠭ᠋ᠠᠨᠳᠤ ᠤᠷᠤᠭᠤᠯᠤᠨ ᠠᠳᠠᠯᠢ ᠠᠵᠢᠯ᠎ᠳᠤ ᠠᠳᠠᠯᠢ ᠤᠯᠭᠤᠮᠵᠢ ᠤᠯᠭᠤᠬᠤ ᠭᠡᠷᠡᠭᠳᠡᠢ》 ᠭᠡᠵᠤ ᠱᠠᠭ᠋ᠠᠷᠳᠠᠪᠠ᠃

ᠶᠡᠷᠦᠩᠭᠡᠢ ᠰᠠᠢ᠌ᠳ ᠯᠢ ᠺᠸ ᠴᠢᠶᠠᠩ ᠠ᠋ᠨᠡ ᠵᠢᠯ᠎ᠤᠨ 6 ᠳ᠋ᠤᠭ᠋ᠠᠷ ᠰᠠᠷ᠎ᠠ᠎ᠳᠤ ᠨᠢᠩᠰᠢᠶᠠ ᠵᠢᠨ ᠢᠷᠭ᠋ᠠᠢ ᠬᠤᠳᠠ ᠵᠢᠨ ᠶᠦᠩ ᠨᠢᠩ ᠰᠢᠶᠠᠨ᠎ᠤ ᠮᠢᠨ ᠨᠢᠩ ᠳᠤᠮᠳᠠᠳᠤ ᠰᠤᠷᠭ᠋ᠠᠭᠤᠯᠢ᠎ᠳᠤ ᠰᠢᠨᠵᠢᠯᠠᠨ ᠪᠠᠢ᠌ᠴᠠᠭ᠋ᠠᠬᠤ᠎ᠳᠤ᠎ᠪᠠᠨ ᠪᠠᠭᠰᠢ ᠨᠠᠷ᠎ᠤᠨ ᠴᠠᠯᠢᠩ ᠮᠦᠩᠬᠦᠨ ᠪᠠᠢ᠌ᠳᠠᠯ᠎ᠢ ᠠᠰᠠᠭᠤᠨ ᠤᠢ᠌ᠯᠠᠭ᠋ᠠᠵᠤ ᠪᠠᠢ᠌ᠭ᠎ᠠ᠎ᠨᠢ